2023 ᠣᠨ ᠤ ᠠᠮᠧᠷᠢᠺᠠ ᠶᠢᠨ ᠵᠢᠷᠦᠬᠡᠨ ᠤ ᠨᠡᠶᠢᠭᠡᠮᠯᠢᠭ ᠤᠨ ᠰᠢᠨᠵᠢᠯᠡᠬᠦ ᠤᠬᠠᠭᠠᠨ ᠤ ᠣᠨ ᠤ ᠬᠤᠷᠠᠯ | ᠳᠡᠭᠡᠷ᠎ᠡ ᠨᠡᠶᠢᠲᠡᠯᠡᠬᠦ ᠭᠡᠵᠦ ᠪᠠᠶᠢᠭ᠎ᠠ ᠬᠤᠶᠠᠷ ᠵᠦᠢᠯ ᠤᠨ ᠠᠩᠬ᠎ᠠ ᠠᠯᠬᠤᠮ ᠤᠨ ᠰᠤᠳᠤᠯᠭᠠᠨ ᠢ ᠦᠨᠳᠦᠰᠦᠯᠡᠪᠡᠯ᠂ | ᠵᠢᠷᠦᠬᠡ ᠪᠠ ᠶᠡᠭᠡ ᠲᠠᠷᠢᠬᠢ ᠨᠢᠭᠲᠠ ᠬᠤᠯᠪᠣᠯᠳᠤᠵᠤ᠂ ᠭᠠᠩᠰᠠᠷᠠᠬᠤ᠂ ᠵᠣᠪᠠᠨᠢᠬᠤ ᠪᠠ ᠤᠳᠠᠭᠠᠨ ᠴᠢᠨᠠᠷᠲᠠᠢ ᠳᠠᠷᠤᠯᠲᠠ | ᠨᠢ ᠴᠥᠮ ᠵᠢᠷᠦᠬᠡ ᠪᠠ ᠶᠡᠭᠡ ᠲᠠᠷᠢᠬᠢᠨ ᠤ ᠳᠠᠪᠬᠤᠴᠠᠭᠰᠠᠨ ᠡᠪᠡᠳᠴᠢᠨ ᠤ ᠲᠦᠭᠰᠢᠭᠦᠷᠢ ᠶᠢ ᠨᠡᠮᠡᠭᠳᠡᠭᠦᠯᠬᠦ ᠪᠣᠯᠣᠨ᠎ᠠ᠃ | ᠬᠤᠶᠠᠷ ᠵᠦᠢᠯ ᠤᠨ ᠰᠢᠨ᠎ᠡ ᠰᠤᠳᠤᠯᠭᠠᠨ ᠤ ᠳᠤᠮᠳᠠ᠂ ᠰᠤᠳᠤᠯᠭᠠᠨ ᠤ ᠠᠵᠢᠯᠲᠠᠨ ᠨᠢᠭᠡ ᠬᠥᠮᠥᠨ ᠤ | ᠰᠡᠳᠬᠢᠴᠡ ᠶᠢᠨ ᠪᠠᠶᠢᠳᠠᠯ ᠤᠨ ᠵᠢᠷᠦᠬᠡᠨ ᠤ ᠡᠷᠡᠭᠦᠯ ᠮᠡᠨᠳᠦ ᠳᠤ ᠦᠵᠡᠭᠦᠯᠭᠦ ᠨᠥᠯᠥᠭᠡᠨ ᠤ ᠬᠡᠮᠵᠢᠶ᠎ᠡ ᠶᠢ ᠵᠠᠳᠠᠯᠪᠠ᠃ | ᠨᠢᠭᠡᠳᠦᠭᠡᠷ ᠰᠤᠳᠤᠯᠭᠠᠨ ᠳᠤ ᠣᠶᠤᠨ ᠰᠠᠨᠠᠭᠠᠨ ᠤ ᠪᠠᠶᠢᠳᠠᠯ ᠨᠢ ᠵᠢᠷᠦᠬᠡᠨ ᠤ ᠡᠷᠡᠭᠦᠯ ᠮᠡᠨᠳᠦ ᠶᠢ ᠨᠥᠯᠥᠭᠡᠯᠡᠬᠦ | ᠲᠣᠭᠲᠠᠴᠠ ᠶᠢ ᠰᠤᠳᠤᠯᠵᠠᠢ᠃ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠵᠣᠪᠠᠨᠢᠯ ᠪᠠ ᠭᠠᠩᠰᠠᠷᠠᠯ ᠨᠢ ᠵᠢᠷᠦᠬᠡ | ᠴᠢᠰᠤᠨ ᠰᠤᠳᠠᠯ ᠤᠨ ᠡᠪᠡᠳᠴᠢᠨ ᠤ ᠲᠦᠭᠰᠢᠭᠦᠷᠢ ᠶᠢᠨ ᠰᠢᠨ᠎ᠡ ᠬᠦᠴᠦᠨ ᠵᠦᠢᠯ ᠤᠨ ᠬᠥᠭᠵᠢᠯᠲᠡ ᠶᠢ | ᠲᠦᠷᠭᠡᠳᠬᠡᠵᠡᠢ᠃ 38% ᠶᠢᠨ ᠰᠤᠳᠤᠯᠭᠠᠨ ᠳᠤ ᠣᠷᠣᠯᠴᠠᠭᠴᠢ ᠳᠠᠭᠠᠵᠤ ᠰᠤᠷᠪᠤᠯᠵᠢᠯᠠᠬᠤ ᠬᠤᠭᠤᠴᠠᠭᠠᠨ ᠳᠤ | ᠵᠢᠷᠦᠬᠡ ᠴᠢᠰᠤᠨ ᠰᠤᠳᠠᠯ ᠤᠨ ᠠᠶᠤᠯᠲᠤ ᠰᠢᠨ᠎ᠡ ᠡᠯᠧᠮᠧᠨ᠋ᠲ ᠢᠯᠡᠷᠡᠪᠡ᠂ ᠵᠢᠱᠢᠶᠡᠯᠡᠪᠡᠯ ᠴᠢᠰᠤᠨ ᠳᠠᠷᠤᠯᠲᠠ ᠥᠨᠳᠥᠷ᠂ | ᠰᠥᠰᠥᠨ ᠤ ᠭᠤᠨᠠᠨ ᠠᠯᠺᠤᠣᠯ ᠥᠨᠳᠥᠷ ᠪᠤᠶᠤⅡᠭᠡᠯᠪᠡᠷᠢ ᠶᠢᠨ ᠰᠢᠬᠢᠷ ᠰᠢᠵᠢᠩ ᠡᠪᠡᠳᠴᠢᠨ ᠵᠡᠷᠭᠡ ᠪᠣᠯᠣᠨ᠎ᠠ᠃ | ᠭᠠᠩᠰᠠᠷᠠᠬᠤ ᠪᠠ ᠵᠣᠪᠠᠨᠢᠬᠤ ᠨᠢ ᠵᠢᠷᠦᠬᠡᠨ ᠡᠪᠡᠳᠴᠢᠨ ᠪᠤᠶᠤ ᠰᠠ ᠡᠪᠡᠳᠴᠢᠨ ᠵᠡᠷᠭᠡ ᠬᠦᠨᠳᠦ ᠶᠡᠭᠡ ᠵᠢᠷᠦᠬᠡ | ᠴᠢᠰᠤᠨ ᠰᠤᠳᠠᠯ ᠤᠨ ᠡᠪᠡᠳᠴᠢᠨ ᠤ ᠲᠦᠭᠰᠢᠭᠦᠷᠢ ᠶᠢ ᠪᠠᠷᠤᠭ 35% ᠪᠠᠷ ᠨᠡᠮᠡᠭᠳᠡᠭᠦᠯᠦᠨ᠎ᠡ᠃ ᠨᠡᠯᠢᠶᠡᠳ ᠥᠨᠳᠥᠷ | ᠳᠠᠷᠤᠯᠲᠠ ᠲᠠᠢ ᠤᠳᠤᠮᠰᠢᠯ ᠤᠨ ᠬᠠᠨᠳᠤᠰᠢ ᠲᠠᠢ ᠬᠥᠮᠥᠨ ᠵᠠᠯᠠᠭᠤ ᠶᠢᠨ ᠦᠶ᠎ᠡ ᠳᠡᠭᠡᠨ ᠳᠠᠷᠤᠢ ᠠᠩᠬᠠᠳᠠᠭᠴᠢ ᠵᠢᠷᠦᠬᠡ | ᠴᠢᠰᠤᠨ ᠰᠤᠳᠠᠯ ᠤᠨ ᠠᠶᠤᠯᠲᠤ ᠡᠯᠧᠮᠧᠨ᠋ᠲ ︵ᠤᠳᠤᠮᠰᠢᠯ ᠤᠨ ᠲᠡᠮᠳᠡᠭ ᠦᠭᠡᠢ ᠬᠥᠮᠥᠨ ᠠᠴᠠ ᠳᠤᠮᠳᠠᠴᠢ ᠪᠠᠷ 1.5 | ᠵᠢᠯ ᠡᠷᠲᠡ︶ ᠢᠯᠡᠷᠡᠵᠡᠢ᠃ | ᠨᠥᠭᠦᠭᠡ ᠨᠢᠭᠡ ᠰᠤᠳᠤᠯᠭᠠᠨ ᠤ ᠳᠤᠮᠳᠠ᠂ ᠰᠤᠳᠤᠯᠭᠠᠨ ᠤ ᠠᠵᠢᠯᠲᠠᠨ ᠬᠤᠷᠠᠮᠳᠤᠯ ᠳᠠᠷᠤᠯᠲᠠ ᠶᠢᠨ ᠵᠢᠷᠦᠬᠡ | ᠪᠠ ᠶᠡᠭᠡ ᠲᠠᠷᠢᠬᠢᠨ ᠤ ᠡᠷᠡᠭᠦᠯ ᠮᠡᠨᠳᠦ ᠳᠤ ᠦᠵᠡᠭᠦᠯᠭᠦ ᠨᠥᠯᠥᠭᠡ ᠶᠢ ᠬᠠᠶᠢᠨ ᠰᠤᠳᠤᠯᠪᠠ᠃ ᠨᠢᠭᠡ ᠰᠠᠷ᠎ᠠ ᠶᠢᠨ | ᠬᠤᠭᠤᠴᠠᠭᠠᠨ ᠳᠤ᠂ ᠰᠤᠳᠤᠯᠭᠠᠨ ᠤ ᠠᠵᠢᠯᠲᠠᠨ ᠡᠩ ᠤᠨ ᠴᠢᠨᠠᠷᠲᠠᠢ ᠡᠳᠦᠷ ᠲᠤᠲᠤᠮ ᠤᠨ ᠳᠠᠷᠤᠯᠲᠠ᠂ ᠨᠡᠶᠢᠭᠡᠮ ᠤᠨ | ᠰᠡᠳᠬᠢᠴᠡ ᠶᠢᠨ ᠳᠠᠷᠤᠯᠲᠠ᠂ ᠠᠵᠤ ᠠᠬᠤᠢ ᠶᠢᠨ ᠳᠠᠷᠤᠯᠲᠠ ᠪᠠ ᠬᠥᠷᠰᠢ ᠵᠡᠷᠭᠡᠯᠡᠳᠡᠭᠡ ᠶᠢᠨ ᠬᠢᠨ ᠤ ᠮᠡᠳᠡᠷᠡᠵᠦ | ᠪᠠᠶᠢᠭ᠎ᠠ ᠳᠠᠷᠤᠯᠲᠠ ᠶᠢ ︽ᠬᠤᠷᠠᠮᠳᠤᠯ ᠳᠠᠷᠤᠯᠲᠠ ᠶᠢᠨ ᠬᠤᠪᠢ︾ ᠳᠤ ᠨᠡᠶᠢᠯᠡᠭᠦᠯᠦᠨ ᠣᠷᠣᠭᠤᠯᠤᠭᠰᠠᠨ ᠪᠠᠶᠢᠨ᠎ᠠ᠃ | ᠴᠢᠰᠤᠨ ᠳᠠᠷᠤᠯᠲᠠ ᠥᠨᠳᠥᠷ᠂ ᠰᠥᠰᠥᠨ ᠤ ᠭᠤᠨᠠᠨ ᠠᠯᠺᠤᠣᠯ ᠥᠨᠳᠥᠷ᠂ ᠲᠠᠮᠠᠬᠢ ᠲᠠᠲᠠᠬᠤ ᠪᠠⅡᠭᠡᠯᠪᠡᠷᠢ ᠶᠢᠨ | ᠰᠢᠬᠢᠷ ᠰᠢᠵᠢᠩ ᠡᠪᠡᠳᠴᠢᠨ ᠵᠡᠷᠭᠡ ᠲᠦᠭᠰᠢᠭᠦᠷᠢᠲᠦ ᠡᠯᠧᠮᠧᠨ᠋ᠲ ᠵᠢᠴᠢ ᠣᠷᠣᠯᠭ᠎ᠠ ᠪᠠ ᠰᠤᠷᠭᠠᠨ ᠬᠥᠮᠦᠵᠢᠯ ᠤᠨ | ᠡᠯᠧᠮᠧᠨ᠋ᠲ ᠢ ᠲᠣᠬᠢᠷᠠᠭᠤᠯᠤᠭᠰᠠᠨ ᠤ ᠳᠠᠷᠠᠭ᠎ᠠ᠂ ᠰᠤᠳᠤᠯᠭᠠᠨ ᠤ ᠠᠵᠢᠯᠲᠠᠨ ᠤ ᠢᠯᠡᠷᠡᠭᠦᠯᠦᠭᠰᠡᠨ ᠢᠶᠠᠷ᠂ ᠬᠤᠷᠠᠮᠳᠤᠭᠰᠠᠨ | ᠳᠠᠷᠤᠯᠲᠠ ᠨᠡᠮᠡᠭᠳᠡᠪᠡᠯ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠬᠤ ᠲᠦᠭᠰᠢᠭᠦᠷᠢ ᠶᠢ 22% | ᠨᠡᠮᠡᠭᠳᠡᠭᠦᠯᠵᠦ᠂ ᠵᠢᠷᠦᠬᠡ ᠴᠢᠰᠤᠨ ᠰᠤᠳᠠᠯ ᠤᠨ ᠡᠪᠡᠳᠴᠢᠨ ᠤ ᠶᠡᠷᠦᠩᠬᠡᠢ ᠲᠦᠭᠰᠢᠭᠦᠷᠢ ᠶᠢ 20% ᠨᠡᠮᠡᠭᠳᠡᠭᠦᠯᠵᠦ | ᠮᠡᠳᠡᠨ᠎ᠡ᠃ ᠥᠨᠳᠥᠷ ᠬᠤᠪᠢ ᠣᠯᠣᠭᠰᠠᠨ ᠬᠥᠮᠥᠰ ᠪᠠᠰᠠ ᠴᠢᠰᠤᠨ ᠳᠠᠷᠤᠯᠲᠠ ᠥᠨᠳᠥᠷ᠂ ᠬᠦᠨᠳᠦ ᠬᠡᠲᠦᠷᠡᠭᠰᠡᠨ᠂ | ᠲᠠᠮᠢᠷ ᠤᠨ ᠬᠥᠳᠡᠯᠭᠡᠭᠡᠨ ᠳᠤᠲᠠᠮᠠᠭ ᠪᠠ ᠲᠠᠮᠠᠬᠢ ᠲᠠᠲᠠᠭᠰᠠᠨ ᠲᠠᠢ ᠬᠤᠯᠪᠤᠭ᠎ᠠ ᠲᠠᠢ᠃ | ᠵᠠᠳᠠᠯᠤᠯᠲᠠ ᠠᠴᠠ ᠦᠵᠡᠪᠡᠯ᠂ ᠦᠷᠭᠦᠯᠵᠢᠯᠡᠭᠰᠡᠨ ᠳᠠᠷᠤᠯᠲᠠ ᠨᠢ ᠬᠤᠶᠠᠷ ᠵᠦᠢᠯ ᠤᠨ ᠠᠷᠭ᠎ᠠ ᠮᠠᠶ᠋ᠢᠭ ᠢᠶᠠᠷ | ᠳᠡᠮᠵᠢᠨ ᠵᠢᠷᠦᠬᠡ ᠪᠠ ᠶᠡᠭᠡ ᠲᠠᠷᠢᠬᠢᠨ ᠤ ᠡᠷᠡᠭᠦᠯ ᠮᠡᠨᠳᠦ ᠶᠢᠨ ᠪᠠᠶᠢᠳᠠᠯ ᠢ ᠮᠠᠭᠤᠳᠠᠭᠤᠯᠬᠤ ᠲᠦᠭᠰᠢᠭᠦᠷᠢ ᠶᠢ | ᠨᠡᠮᠡᠭᠳᠡᠭᠦᠯᠳᠡᠭ᠄ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠢᠭᠤᠳ ᠨᠥᠯᠥᠭᠡᠯᠡᠬᠦ ᠵᠢᠴᠢ ᠡᠷᠡᠭᠦᠯ ᠪᠤᠰᠤ | ᠠᠮᠢᠳᠤᠷᠠᠯ ᠤᠨ ᠠᠷᠭ᠎ᠠ ᠮᠠᠶ᠋ᠢᠭ ︵ᠲᠠᠮᠠᠬᠢ ᠲᠠᠲᠠᠬᠤ᠂ ᠤᠳᠠᠭᠠᠨ ᠰᠠᠭᠤᠬᠤ ᠵᠡᠷᠭᠡ︶ ᠨᠢ ᠳᠠᠮ ᠢᠶᠠᠷ ᠵᠢᠷᠦᠬᠡ ᠴᠢᠰᠤᠨ | ᠰᠤᠳᠠᠯ ᠤᠨ ᠡᠷᠡᠭᠦᠯ ᠮᠡᠨᠳᠦ ᠶᠢᠨ ᠪᠠᠶᠢᠳᠠᠯ ᠢ ᠮᠠᠭᠤᠳᠠᠭᠤᠯᠬᠤ ᠪᠣᠯᠣᠨ᠎ᠠ᠃ | ︵︽ᠠᠷᠠᠳ ᠤᠨ ᠰᠦᠯᠵᠢᠶ᠎ᠡ︾ ᠠᠴᠠ ᠣᠷᠴᠢᠭᠤᠯᠤᠨ ᠨᠠᠶᠢᠷᠠᠭᠤᠯᠪᠠ︶ |