ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ᠠᠯᠢ ᠴᠢᠳᠠᠬᠤ ᠪᠠᠷ ᠠᠷᠪᠢᠯᠠᠨ ᠭᠠᠮᠨᠠᠬᠤ ᠶᠢ ᠡᠷᠬᠢᠮᠯᠡᠵᠦ ︿ᠠᠷᠪᠢᠯᠠᠨ ᠭᠠᠮᠨᠠᠵᠤ | ᠠᠮᠢᠳᠤᠷᠠᠬᠤ﹀ ᠶᠢ ᠪᠠᠷᠢᠮᠲᠠᠯᠠᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠲᠤᠭᠤᠷᠢᠭ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | 2024 ᠣᠨ ᠤ 2 ᠰᠠᠷ᠎ᠠ ᠶᠢᠨ 7 ᠤ ᠡᠳᠦᠷ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽︿ᠠᠷᠪᠢᠯᠠᠨ ᠭᠠᠮᠨᠠᠵᠤ ᠠᠮᠢᠳᠤᠷᠠᠬᠤ﹀ | ᠶᠢ ᠪᠠᠷᠢᠮᠲᠠᠯᠠᠬᠤ ᠲᠤᠬᠠᠶ ᠠᠷᠭ᠎ᠠ ᠬᠡᠮᠵᠢᠶ᠎ᠡ ᠨᠦᠭᠦᠳ︾ | ︽ᠵᠠᠰᠠᠭ ᠤᠨ ᠣᠷᠳᠣᠨ ᠪᠠ ᠰᠠᠯᠠᠭ᠎ᠠ ᠮᠥᠴᠢᠷ ᠲᠦᠷᠦᠭᠦᠯᠡᠨ ᠠᠷᠪᠢᠴᠢ ᠭᠠᠮᠲᠠᠶ ᠠᠮᠢᠳᠤᠷᠠᠬᠤ ᠡᠩ ᠤᠨ | ᠴᠢᠨᠠᠷᠲᠠᠶ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠲᠥᠰᠦᠪ 202︺317 ᠳ᠋ᠤᠭᠠᠷ | ᠲᠣᠭᠠᠲᠤ︶ ᠪᠠ ︽ᠦᠬᠠᠶ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠵᠠᠰᠠᠭ ᠤᠨ ᠣᠷᠳᠣᠨ ᠪᠠ ᠰᠠᠯᠠᠭ᠎ᠠ | ᠮᠥᠴᠢᠷ ᠲᠦᠷᠦᠭᠦᠯᠡᠨ ᠠᠷᠪᠢᠯᠠᠨ ᠭᠠᠮᠨᠠᠬᠤ ᠡᠩ ᠤᠨ ᠴᠢᠨᠠᠷᠲᠠᠶ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ | ᠲᠤᠬᠠᠶ ᠨᠥᠬᠦᠪᠥᠷᠢ ᠮᠡᠳᠡᠭᠳᠡᠯ︾ ︵ᠦᠬᠠᠢ ᠡᠳ᠋ ᠲᠥᠰᠦᠪ ﹇2020﹈ 1205 ᠳ᠋ᠤᠭᠠᠷ ᠲᠣᠭᠠᠲᠤ︶ ᠵᠡᠷᠭᠡ ᠪᠢᠴᠢᠭ | ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ︽ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ | ᠪᠠᠲᠤ ᠪᠠᠬᠢ ᠪᠣᠶ ᠪᠣᠯᠭᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠦᠵᠡᠯ ᠤᠬᠠᠮᠰᠠᠷ ᠢ ᠴᠢᠩᠭᠠᠳᠬᠠᠬᠤ ᠶᠢᠨ | ᠲᠥᠯᠥᠭᠡ᠂ ᠳᠣᠤᠷᠠᠬᠢ ᠱᠠᠭᠠᠷᠳᠠᠯᠭ᠎ᠠ ᠶᠢ ᠳᠤᠷᠠᠳᠪᠠ᠃ | 1.ᠠᠰᠠᠷ ᠲᠠᠩᠬᠢᠮ ᠪᠠᠭᠤᠳᠠᠯ ᠰᠢᠨ᠎ᠡ ᠪᠠᠷ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠪᠥᠬᠦ ᠲᠤᠭᠤᠷᠢᠭ ᠤᠨ | ᠡᠯ᠎ᠡ ᠰᠠᠯᠠᠭ᠎ᠠ ᠮᠥᠴᠢᠷ᠂ ᠨᠢᠭᠡᠴᠡ᠂ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠴᠥᠮ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠵᠢᠴᠢ ᠶᠡᠭᠡ ᠬᠡᠪᠴᠢᠶᠡᠨ ᠤ ᠰᠡᠯᠪᠢᠨ | ᠵᠠᠰᠠᠬᠤ ᠠᠰᠠᠷ ᠲᠠᠩᠬᠢᠮ ᠪᠠᠭᠤᠳᠠᠯ ︵ᠲᠤᠬᠠᠶᠢᠯᠠᠪᠠᠯ ᠠᠯᠪᠠᠨ ᠭᠡᠷ ᠵᠢᠴᠢ ᠪᠣᠯᠪᠠᠰᠤᠷᠠᠯ ᠤᠨ ᠲᠥᠪ ᠵᠡᠷᠭᠡ ᠬᠤᠨᠤᠭ | ᠪᠠᠭᠤᠳᠠᠯ᠂ ᠬᠤᠷᠠᠯ᠂ ᠢᠳᠡᠭᠡᠨ ᠤᠮᠳᠠᠭᠠᠨ ᠵᠡᠷᠭᠡ ᠭᠥᠯᠢᠶᠡᠨ ᠠᠪᠬᠤ ᠴᠢᠳᠠᠮᠵᠢ ᠲᠠᠢ ᠪᠡᠯᠡᠳᠬᠡᠮᠵᠢ ᠪᠤᠶᠤ ᠲᠠᠯᠠᠪᠤᠷ | ᠭᠠᠵᠠᠷ ᠢ ᠵᠢᠭᠠᠵᠤ ᠪᠣᠶ︶ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠵᠤ ᠪᠣᠯᠬᠤ | ᠥᠬᠡᠶ᠃ | 2.ᠬᠡᠲᠦᠷᠬᠡᠢ ᠵᠠᠰᠠᠵᠤ ᠴᠢᠮᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠨᠡᠭᠦᠯᠭᠡᠬᠦ ᠪᠤᠶᠤ ᠠᠮᠤᠷ ᠲᠦᠪᠰᠢᠨ ᠤ | ᠳᠠᠯᠳᠠ ᠭᠡᠮ ᠣᠷᠣᠰᠢᠵᠤ ᠪᠠᠶᠢᠬᠤ ᠠᠴᠠ ᠪᠣᠯᠵᠤ ᠡᠷᠬᠡᠪᠰᠢ ᠰᠡᠯᠪᠢᠨ ᠵᠠᠰᠠᠵᠤ ᠥᠭᠡᠷᠡᠴᠢᠯᠡᠬᠦ ᠶᠢ ᠭᠠᠷᠭᠠᠪᠠᠯ᠂ ᠵᠠᠷᠴᠢᠮ | ᠳᠡᠭᠡᠷ᠎ᠡ ᠪᠠᠨ ᠣᠳᠣ ᠶᠢᠨ ᠪᠠᠶᠢᠭ᠎ᠠ ᠠᠵᠢᠯᠯᠠᠬᠤ ᠭᠠᠵᠠᠷ᠂ ᠬᠤᠷᠠᠯ ᠤᠨ ᠲᠥᠪ ᠵᠡᠷᠭᠡ ᠶᠢ ᠳᠠᠬᠢᠵᠤ ᠵᠠᠰᠠᠵᠤ ᠴᠢᠮᠡᠭᠯᠡᠬᠦ ᠶᠢ | ᠵᠥᠪᠰᠢᠶᠡᠷᠡᠬᠦ ᠦᠭᠡᠢ᠃ ᠵᠠᠰᠠᠨ ᠴᠢᠮᠡᠭᠯᠡᠬᠦ ᠶᠢ ᠴᠥᠮ ᠳᠥᠭᠦᠮ᠂ ᠬᠡᠲᠦᠷᠡᠲᠡᠯ᠎ᠡ ᠵᠠᠰᠠᠨ ᠴᠢᠮᠡᠭᠯᠡᠬᠦ ᠶᠢ ᠴᠢᠩᠭ᠎ᠠ | ᠴᠠᠭᠠᠵᠠᠯᠠᠵᠤ᠂ ᠡᠯ᠎ᠡ ᠲᠥᠷᠥᠯ ᠤᠨ ᠠᠯᠪᠠᠨ ᠲᠥᠬᠦᠭᠡᠷᠦᠮᠵᠢ᠂ ᠰᠢᠷᠡᠭᠡ ᠰᠠᠨᠳᠠᠯᠢ ᠶᠢ ᠨᠢᠭᠡ ᠯᠡ ᠤᠳᠠᠭ᠎ᠠ ᠳᠤ ᠪᠦᠬᠦᠨ ᠢ | ᠰᠢᠨ᠎ᠡ ᠶᠢ ᠰᠣᠯᠢᠬᠤ ᠶᠢ ᠴᠢᠩᠭ᠎ᠠ ᠴᠠᠭᠠᠵᠠᠯᠠᠨ᠎ᠠ᠃ | 3.ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠢ ᠴᠢᠩᠭ᠎ᠠ ᠡᠵᠡᠮᠳᠡᠨ᠎ᠡ᠃ | 2024 - 2027 ᠣᠨ ᠳᠤ ᠵᠠᠷᠴᠢᠮ ᠳᠡᠭᠡᠷ᠎ᠡ ᠪᠠᠨ ᠲᠤᠭᠤᠷᠢᠭ ᠤᠨ ᠱᠠᠲᠤᠨ ᠤ ᠲᠥᠰᠦᠪ ᠲᠤ ᠵᠠᠰᠠᠭ ᠤᠨ | ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠤᠨ ᠪᠠᠯᠠ ᠮᠥᠩᠭᠦ ᠶᠢ ᠳᠣᠭᠢᠷᠠᠭᠤᠯᠬᠤ ᠥᠬᠡᠶ᠂ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠤᠨ ᠪᠠᠯᠠ ᠮᠥᠩᠭᠦ ᠶᠢ ᠳᠡᠭᠡᠳᠦ | ᠱᠠᠲᠤᠨ ᠤ ᠲᠤᠰᠬᠠᠶ ᠪᠠᠯᠠ ᠮᠥᠩᠭᠦ ᠶᠢ ᠤᠯᠬᠤ ᠪᠠᠷ ᠳᠠᠮᠵᠢᠭᠤᠯᠤᠨ ᠰᠢᠢᠳᠪᠦᠷᠢᠯᠡᠬᠦ ᠴᠢᠬᠤᠯᠠᠲᠠᠶ ᠪᠥᠭᠡᠳ ᠲᠣᠰ | ᠱᠠᠲᠤᠨ ᠤ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢᠨ ᠬᠡᠪᠴᠢᠶ᠎ᠡ ᠠᠴᠠ ᠳᠠᠪᠠᠭᠤᠯᠤᠨ ᠲᠤᠭᠤᠷᠢᠭ ᠤᠨ | ᠱᠠᠲᠤᠨ ᠤ ᠲᠥᠰᠦᠪ ᠤᠨ ᠪᠠᠯᠠ ᠮᠥᠩᠭᠦ ᠶᠢ ᠵᠣᠬᠢᠴᠠᠭᠤᠯᠬᠤ ᠠᠮᠠᠯᠠᠯᠲᠠ ᠬᠢᠵᠦ ᠪᠣᠯᠬᠤ ᠥᠬᠡᠶ᠃ ᠪᠡᠯᠡ ᠮᠥᠩᠭᠦ ᠶᠢᠨ | ᠢᠷᠡᠯᠲᠡ ᠶᠢ ᠨᠠᠶᠢᠳᠠᠪᠤᠷᠢᠵᠢᠭᠤᠯᠤᠭᠰᠠᠨ ᠦᠭᠡᠶ ᠪᠠᠶᠢᠳᠠᠯ ᠳᠣᠤᠷ᠎ᠠ᠂ ᠵᠠᠷᠴᠢᠮ ᠳᠡᠭᠡᠷ᠎ᠡ ᠪᠠᠨ ᠲᠥᠷᠥᠯ ᠵᠦᠢᠯ ᠢ ᠬᠢᠨᠠᠨ | ᠵᠥᠪᠰᠢᠶᠡᠷᠡᠵᠦ ᠪᠣᠯᠬᠤ ᠦᠭᠡᠶ᠂ ᠲᠥᠷᠥᠯ ᠵᠦᠢᠯ ᠢ ᠴᠣᠬᠤᠯᠠᠪᠤᠷᠢᠯᠠᠬᠤ ᠠᠴᠠ ᠡᠮᠦᠨ᠎ᠡ ᠲᠥᠷᠥᠯ ᠵᠦᠢᠯ ᠤᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ ᠪᠣᠯᠬᠤ ᠦᠭᠡᠶ᠂ ᠲᠥᠰᠦᠪ ᠠᠴᠠ ᠬᠡᠲᠦᠷᠡᠭᠰᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠥᠮ | ᠳ᠋ᠦᠩᠨᠡᠨ ᠪᠣᠳᠣᠬᠤ ᠦᠭᠡᠶ᠃ | 4.ᠠᠯᠪᠠᠯᠠᠬᠤ ᠲᠥᠬᠦᠭᠡᠷᠦᠮᠵᠢ ᠶᠢ ᠰᠢᠨᠡᠳᠬᠡᠵᠦ ᠬᠤᠳᠠᠯᠳᠤᠨ ᠠᠪᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ | ᠡᠮᠴᠢᠯᠡᠭᠡ᠂ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ ᠠᠴᠠ ᠵᠠᠷᠴᠢᠮ ᠳᠡᠭᠡᠷ᠎ᠡ ᠪᠠᠨ ᠡᠯ᠎ᠡ ᠨᠢᠭᠡᠴᠡ ᠶᠢᠨ | ᠦᠷᠭᠦᠯᠵᠢᠯᠡᠨ ᠤᠯᠤᠰ ᠲᠠᠭᠠᠨ ᠦᠢᠯᠡᠳᠪᠦᠷᠢᠯᠡᠭᠰᠡᠨ ᠪᠤᠰᠤ ᠺᠣᠮᠫᠢᠦ᠋ᠲ᠋ᠧᠷ ᠢᠶᠠᠨ ᠬᠤᠳᠠᠯᠳᠤᠨ ᠠᠪᠬᠤ ᠶᠢ | ᠵᠥᠪᠰᠢᠶᠡᠷᠡᠬᠦ ᠥᠬᠡᠶ᠂ ᠡᠯ᠎ᠡ ᠲᠥᠰᠦᠪ ᠤᠨ ᠨᠢᠭᠡᠴᠡ ᠨᠢ ᠵᠠᠷᠴᠢᠮ ᠳᠡᠭᠡᠷ᠎ᠡ ᠪᠠᠨ ᠬᠠᠭᠤᠴᠢᠨ ᠢᠶᠠᠷ ᠰᠢᠨ᠎ᠡ ᠶᠢ ᠰᠣᠯᠢᠬᠤ | ᠠᠷᠭ᠎ᠠ ᠮᠠᠶ᠋ᠢᠭ ᠢᠶᠠᠷ ᠤᠯᠤᠰ ᠤᠨ ᠦᠢᠯᠡᠳᠪᠦᠷᠢᠯᠡᠭᠰᠡᠨ ᠺᠣᠮᠫᠢᠦ᠋ᠲ᠋ᠧᠷ ᠢᠶᠠᠨ ᠰᠢᠨ᠎ᠡ ᠪᠠᠷ ᠨᠡᠮᠡᠭᠳᠡᠭᠦᠯᠬᠦ ᠪᠠᠷ | ᠭᠤᠶᠤᠴᠢᠯᠠᠨ᠎ᠠ᠃ | 5.ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠢ ᠴᠢᠩᠭ᠎ᠠ ᠡᠵᠡᠮᠳᠡᠨ᠎ᠡ᠃ ᠶᠡᠷᠦᠩᠬᠡᠶ | ᠬᠡᠮᠵᠢᠶ᠎ᠡ ᠶᠢ ᠡᠵᠡᠮᠳᠡᠬᠦ ᠶᠢ ᠴᠢᠩᠭᠠᠳᠬᠠᠵᠤ᠂ ᠣᠯᠠᠨ ᠲᠠᠯ᠎ᠠ ᠠᠴᠠ ᠭᠤᠶᠤᠴᠢᠯᠠᠨ ᠮᠡᠳᠡᠭᠦᠯᠬᠦ᠂ ᠣᠯᠠᠨ ᠲᠠᠯ᠎ᠠ ᠠᠴᠠ | ᠪᠦᠲᠦᠭᠡᠨ ᠪᠠᠶᠢᠭᠤᠯᠬᠤ᠂ ᠣᠯᠠᠨ ᠲᠠᠯ᠎ᠠ ᠠᠴᠠ ᠴᠤᠭᠯᠠᠭᠤᠯᠬᠤ ᠠᠴᠠ ᠵᠠᠶᠢᠯᠠᠰᠬᠢᠨ᠎ᠡ᠃ ᠨᠢᠭᠤᠴᠠ ᠳᠤ ᠥᠯᠥ | ᠬᠤᠯᠪᠣᠭᠳᠠᠬᠤ ᠰᠢᠰᠲ᠋ᠧᠮ ᠤᠨ ᠡᠭᠦᠯᠡᠨ ᠪᠤᠳᠤᠯᠲᠠ ᠪᠠ ᠨᠢᠭᠤᠴᠠ ᠳᠤ ᠥᠯᠥ ᠬᠤᠯᠪᠣᠭᠳᠠᠬᠤ ᠲᠤᠰᠬᠠᠶ ᠲᠣᠣᠷ ᠢ | ᠡᠮᠬᠢᠯᠡᠨ ᠨᠡᠶᠢᠯᠡᠭᠦᠯᠬᠦ ᠠᠵᠢᠯ ᠢ ᠠᠬᠢᠭᠤᠯᠵᠤ᠂ ᠠᠵᠢᠯᠯᠠᠭᠤᠯᠵᠤ ᠪᠠᠲᠤᠯᠠᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ | 6.ᠰᠢᠨ᠎ᠡ ᠪᠠᠷ ᠨᠡᠮᠡᠭᠳᠡᠬᠦ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠪᠠ | ᠦᠬᠠᠶ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ | ᠵᠠᠰᠠᠭ ᠤᠨ ᠣᠷᠳᠣᠨ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠤᠶᠤ ᠪᠠᠴᠢᠮ ᠪᠠᠶᠢᠳᠠᠯ ᠢ ᠠᠷᠭᠠᠴᠠᠵᠤ | ᠭᠠᠮᠰᠢᠭ ᠠᠴᠠ ᠠᠪᠤᠷᠠᠬᠤ ᠠᠴᠠ ᠭᠠᠳᠠᠨ᠎ᠠ᠂ ᠲᠤᠭᠤᠷᠢᠭ ᠤᠨ ᠲᠣᠰ ᠱᠠᠲᠤᠨ ᠤ ᠵᠠᠷᠴᠢᠮ ᠳᠡᠭᠡᠷ᠎ᠡ ᠪᠠᠨ ᠵᠠᠷᠤᠯᠭ᠎ᠠ ᠶᠢ | ᠰᠢᠨ᠎ᠡ ᠪᠠᠷ ᠨᠡᠮᠡᠭᠳᠡᠭᠦᠯᠬᠦ ᠥᠬᠡᠶ᠃ ᠥᠩᠭᠡᠷᠡᠭᠰᠡᠨ ᠤ ᠵᠠᠷᠤᠯᠭ᠎ᠠ ᠨᠡᠮᠡᠭᠳᠡᠭᠦᠯᠬᠦ ᠲᠥᠷᠥ ᠶᠢᠨ ᠪᠣᠳᠣᠯᠭ᠎ᠠ ᠨᠡᠶᠢᠲᠡᠯᠡᠬᠦ ᠶᠢ | ᠴᠢᠩᠭ᠎ᠠ ᠴᠠᠭᠠᠵᠠᠯᠠᠵᠤ᠂ ᠵᠠᠷᠤᠯᠭ᠎ᠠ ᠨᠡᠮᠡᠭᠳᠡᠭᠦᠯᠬᠦ ᠰᠢᠨ᠎ᠡ ᠲᠥᠷᠥ ᠶᠢᠨ ᠪᠣᠳᠣᠯᠭ᠎ᠠ ᠶᠢ ᠵᠠᠷᠴᠢᠮ ᠳᠡᠭᠡᠷ᠎ᠡ ᠪᠠᠨ | ᠬᠤᠶᠢᠰᠢᠳᠠ ᠶᠢᠨ ᠣᠨ ᠤ ᠲᠥᠰᠦᠪ ᠤᠨ ᠲᠣᠬᠢᠷᠠᠭᠤᠯᠤᠯᠲᠠ ᠪᠠᠷ ᠳᠠᠮᠵᠢᠬᠤ ᠬᠡᠷᠡᠭᠲᠡᠶ᠃ | 7.ᠠᠯᠪᠠᠨ ᠠᠵᠢᠯ ᠤᠨ ᠵᠠᠷᠤᠳᠠᠯ ᠢ ᠤᠯᠠᠮ ᠨᠢᠭᠡ ᠠᠯᠬᠤᠮ ᠪᠠᠭᠠᠰᠬᠠᠨ᠎ᠠ᠃ ᠴᠠᠭᠠᠰᠤ ᠦᠭᠡᠢ ᠪᠠᠷ | ᠠᠵᠢᠯᠯᠠᠬᠤ ᠶᠢ ᠬᠡᠷᠡᠭᠵᠢᠭᠦᠯᠵᠦ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠭᠠᠷᠭᠠᠪᠠᠯ᠂ ᠠᠯᠢ ᠴᠢᠳᠠᠬᠤ ᠪᠠᠷ | ᠰᠦᠯᠵᠢᠶᠡᠨ ᠳᠡᠭᠡᠷ᠎ᠡ ᠠᠯᠪᠠᠨ ᠪᠢᠴᠢᠭ ᠰᠣᠯᠢᠯᠴᠠᠬᠤ᠂ ᠡᠷᠭᠢᠯᠳᠦᠭᠦᠯᠬᠦ᠂ ᠮᠡᠳᠡᠭᠦᠯᠦᠨ ᠭᠠᠷ ᠤᠨ ᠦᠰᠦᠭ ᠵᠢᠷᠤᠬᠤ ᠶᠢ | ᠬᠡᠷᠡᠭᠵᠢᠭᠦᠯᠦᠨ᠎ᠡ᠃ ᠦᠨᠡᠨᠬᠦ ᠳᠠᠷᠤᠮᠠᠯᠯᠠᠬᠤ ᠴᠢᠬᠤᠯᠠ ᠲᠠᠢ ᠪᠢᠴᠢᠭ ᠮᠠᠲ᠋ᠧᠷᠢᠶᠠᠯ᠂ ᠮᠠᠲ᠋ᠧᠷᠢᠶᠠᠯ ᠢ ᠪᠣᠯ ᠴᠥᠮ ᠬᠤᠶᠠᠷ | ᠲᠠᠯ᠎ᠠ ᠠᠴᠠ ᠨᠢ ᠳᠠᠷᠤᠮᠠᠯᠯᠠᠨ ᠵᠣᠬᠢᠶᠠᠬᠤ ᠶᠢᠨ ᠬᠠᠮᠲᠤ ᠳᠠᠷᠤᠮᠠᠯᠯᠠᠬᠤ ᠲᠤᠭ᠎ᠠ ᠬᠡᠮᠵᠢᠶ᠎ᠡ ᠪᠣᠯᠤᠨ ᠬᠤᠪᠢᠶᠠᠨ ᠬᠦᠷᠭᠡᠬᠦ | ᠬᠡᠪᠴᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠣᠨᠴᠠ ᠵᠠᠷᠢᠮ ᠵᠢᠷᠤᠭ ᠬᠦᠰᠦᠨᠦᠭ ᠤᠨ ᠬᠠᠪᠴᠢᠭᠤᠯᠭᠠ ᠶᠢᠨ | ᠬᠠᠭᠤᠳᠠᠰᠤ ᠶᠢᠨ ᠲᠡᠷᠢᠭᠦᠨ ᠠᠯᠪᠠᠨ ᠲᠠᠮᠠᠭ᠎ᠠ ᠵᠡᠷᠭᠡ ᠠᠴᠠ ᠭᠠᠳᠠᠨ᠎ᠠ ᠵᠠᠷᠴᠢᠮ ᠳᠡᠭᠡᠷ᠎ᠡ ᠪᠠᠨ ᠪᠤᠳᠤᠭᠲᠤ ᠪᠤᠰᠤ ᠬᠡᠪᠯᠡᠯ | ᠬᠢᠬᠦ ᠦᠭᠡᠢ᠃ ᠪᠠᠶᠢᠭᠠᠯᠢ ᠶᠢᠨ ᠭᠡᠷᠡᠯ ᠲᠤᠰᠬᠤ ᠶᠢ ᠭᠦᠢᠴᠡᠳ ᠠᠰᠢᠭᠯᠠᠨ᠂ ᠨᠡᠷᠡᠨ ᠤ ᠭᠡᠷᠡᠯ ᠭᠦᠢᠴᠡᠳ ᠦᠶ᠎ᠡ ᠳᠤ | ᠳ᠋ᠧᠩ ᠠᠰᠠᠭᠠᠬᠤ ᠦᠭᠡᠢ᠂ ᠳ᠋ᠧᠩ ᠢ ᠳᠤᠲᠠᠭᠤ ᠨᠣᠴᠣᠭᠠᠬᠤ ᠶᠢ ᠰᠠᠨᠠᠭᠠᠴᠢᠯᠠᠵᠤ᠂ ᠭᠡᠷᠡᠯᠲᠦᠭᠦᠯᠭᠡ ᠶᠢᠨ | ᠲᠥᠬᠦᠭᠡᠷᠦᠮᠵᠢ ᠶᠢᠨ ᠴᠠᠬᠢᠯᠭᠠᠨ ᠤ ᠬᠤᠷᠣᠭᠳᠠᠯ ᠢ ᠪᠠᠭᠠᠰᠬᠠᠨ᠎ᠠ᠃ ᠠᠵᠢᠯ ᠳᠠᠭᠤᠰᠤᠭᠰᠠᠨ ᠤ ᠳᠠᠷᠠᠭ᠎ᠠ ᠪᠤᠶᠤ ᠤᠷᠲᠤ | ᠬᠤᠭᠤᠴᠠᠭ᠎ᠠ ᠪᠠᠷ ᠠᠵᠢᠯᠯᠠᠬᠤ ᠣᠷᠣᠨ ᠠᠴᠠ ᠪᠠᠨ ᠰᠠᠯᠵᠤ᠂ ᠠᠯᠪᠠᠯᠠᠬᠤ ᠲᠥᠬᠦᠭᠡᠷᠦᠮᠵᠢ ᠶᠢᠨ ᠴᠠᠬᠢᠯᠭᠠᠨ | ᠡᠭᠦᠰᠭᠡᠭᠴᠢ ᠶᠢ ᠴᠠᠭ ᠲᠤᠬᠠᠶ ᠳᠤᠨᠢ ᠬᠠᠭᠠᠵᠤ᠂ ᠬᠥᠮᠦᠨ ᠶᠠᠪᠤᠬᠤ ᠳ᠋ᠧᠩ ᠢ ᠬᠠᠭᠠᠵᠤ᠂ ᠠᠭᠠᠷ ᠲᠣᠬᠢᠷᠠᠭᠤᠯᠤᠭᠴᠢ᠂ | ᠺᠣᠮᠫᠢᠦ᠋ᠲ᠋ᠧᠷ᠂ ᠴᠠᠬᠢᠯᠭᠠᠨ ᠳ᠋ᠧᠩ ᠵᠡᠷᠭᠡ ᠴᠠᠬᠢᠯᠭᠠᠨ ᠡᠭᠦᠰᠭᠡᠭᠴᠢ ᠶᠢ ᠴᠠᠭ ᠲᠤᠬᠠᠶ ᠳᠤᠨᠢ ᠬᠠᠭᠠᠵᠤ᠂ ︽ᠣᠷᠳᠣ | ᠬᠡᠷᠡᠯᠲᠤ ᠳ᠋ᠧᠩ︾ ᠢ ᠡᠷᠡᠰ ᠬᠤᠷᠢᠭᠯᠠᠨ᠎ᠠ᠃ ᠠᠭᠠᠷ ᠲᠣᠬᠢᠷᠠᠭᠤᠯᠤᠭᠴᠢ ᠶᠢᠨ ᠳᠤᠯᠠᠭᠠᠨ ᠤ ᠬᠡᠮᠵᠢᠶ᠎ᠡ ᠶᠢ ᠵᠦᠢ ᠵᠣᠬᠢᠰᠲᠠᠶ | ᠪᠠᠶᠢᠷᠢᠯᠠᠭᠤᠯᠵᠤ᠂ ᠬᠥᠮᠦᠨ ᠦᠭᠡᠶ ᠦᠶ᠎ᠡ ᠳᠤ ᠠᠭᠠᠷ ᠲᠣᠬᠢᠷᠠᠭᠤᠯᠤᠭᠴᠢ ᠶᠢ ᠨᠡᠭᠡᠭᠡᠬᠦ ᠦᠭᠡᠶ᠂ ᠠᠭᠠᠷ | ᠲᠣᠬᠢᠷᠠᠭᠤᠯᠤᠭᠴᠢ ᠶᠢ ᠨᠡᠭᠡᠭᠡᠬᠦ ᠳᠤ ᠴᠣᠩᠬᠤ ᠪᠠᠨ ᠨᠡᠭᠡᠭᠡᠬᠦ ᠦᠭᠡᠶ ᠪᠠᠶᠢᠬᠤ ᠬᠡᠷᠡᠭᠲᠡᠶ᠃ ᠠᠯᠪᠠᠨ ᠠᠵᠢᠯ ᠳᠤ ᠬᠡᠷᠡᠭᠯᠡᠬᠦ | ᠤᠰᠤ ᠶᠢ ᠠᠷᠪᠢᠯᠠᠨ ᠭᠠᠮᠨᠠᠵᠤ᠂ ᠤᠬᠠᠮᠰᠠᠷ ᠠᠴᠠ ᠪᠠᠨ ᠤᠰᠤ ᠶᠢ ᠬᠠᠶᠢᠷᠠᠯᠠᠬᠤ᠂ ᠤᠰᠤ ᠶᠢ ᠨᠠᠨᠳᠢᠩᠨᠠᠬᠤ᠂ ᠤᠰᠤ | ᠠᠷᠪᠢᠯᠠᠬᠤ ᠶᠢ ᠪᠡᠶᠡᠯᠡᠭᠦᠯᠵᠦ᠂ ᠤᠰᠤ ᠬᠡᠷᠡᠭᠯᠡᠬᠦ ᠲᠥᠬᠦᠭᠡᠷᠦᠮᠵᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢ | ᠴᠢᠩᠭᠠᠳᠬᠠᠵᠤ᠂ ᠤᠰᠤ ᠬᠡᠷᠡᠭᠯᠡᠵᠦ ᠳᠠᠭᠤᠰᠤᠭᠰᠠᠨ ᠤ ᠳᠠᠷᠠᠭ᠎ᠠ ᠤᠰᠤᠨ ᠭᠤᠭᠤᠵᠢᠭᠤᠷ ᠢ ᠴᠠᠭ ᠲᠤᠬᠠᠶ ᠳᠤᠨᠢ | ᠴᠢᠩᠭᠠᠯᠠᠵᠤ᠂ ︽ᠣᠷᠳᠣ ᠬᠤᠭᠤᠴᠠᠭ᠎ᠠ ᠪᠠᠷ ᠤᠷᠤᠰᠬᠤ︾ ᠶᠢ ᠡᠷᠡᠰ ᠬᠤᠷᠢᠭᠯᠠᠨ᠎ᠠ᠃ | 8.︽ᠭᠤᠷᠪᠠᠨ ᠠᠯᠪᠠᠨ︾ ᠵᠠᠷᠤᠳᠠᠯ ᠢ ᠤᠯᠠᠮ ᠨᠢᠭᠡ ᠠᠯᠬᠤᠮ ᠪᠠᠭᠠᠰᠬᠠᠬᠤ ᠬᠡᠷᠡᠭᠲᠡᠶ᠃ ︽ᠠᠯᠪᠠᠨ ᠤ ᠭᠤᠷᠪᠠᠨ | ᠵᠠᠷᠤᠳᠠᠯ︾ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ︽ᠠᠯᠪᠠᠨ ᠤ ᠭᠤᠷᠪᠠᠨ ᠵᠠᠷᠤᠳᠠᠯ︾ ᠤᠨ ᠲᠥᠰᠦᠪ ᠢ | ᠬᠠᠰᠤᠬᠤ ᠠᠴᠠ ᠪᠢᠰᠢ ᠨᠡᠮᠡᠭᠳᠡᠭᠦᠯᠬᠦ ᠦᠭᠡᠶ ᠪᠠᠶᠢᠬᠤ ᠶᠢ ᠪᠠᠲᠤᠯᠠᠨ᠎ᠠ᠃ ᠠᠯᠪᠠᠨ ᠶᠠᠪᠤᠳᠠᠯ ᠤᠨ ᠵᠣᠴᠢᠯᠠᠬᠤ | ᠬᠠᠮᠢᠶᠠᠷᠤᠯᠲᠠ ᠶᠢ ᠴᠢᠩᠭᠠᠳᠬᠠᠨ᠂ ᠠᠳᠠᠯᠢ ᠬᠤᠲᠠ ᠳᠤ ᠵᠣᠴᠢᠯᠠᠬᠤ ᠶᠢ ᠴᠢᠩᠭ᠎ᠠ ᠴᠠᠭᠠᠵᠠᠯᠠᠵᠤ᠂ ᠨᠢᠭᠡᠴᠡ ᠶᠢᠨ | ᠬᠤᠭᠤᠯᠠᠨ ᠭᠡᠷ ᠢ ᠡᠩ ᠲᠡᠷᠢᠭᠦᠨ ᠳᠤ ᠰᠣᠩᠭᠤᠨ ᠵᠣᠴᠢᠯᠠᠬᠤ ᠭᠠᠵᠠᠷ ᠪᠣᠯᠭᠠᠵᠤ᠂ ᠬᠠᠮᠲᠤ ᠬᠤᠭᠤᠯᠠᠯᠠᠬᠤ ᠬᠥᠮᠦᠨ ᠤ | ᠲᠤᠭ᠎ᠠ ᠶᠢ 3 ᠬᠥᠮᠦᠨ ᠠᠴᠠ ᠬᠡᠲᠦᠷᠡᠭᠦᠯᠵᠦ ᠪᠣᠯᠬᠤ ᠦᠭᠡᠶ᠃ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠦᠯᠡᠳᠡᠭᠡᠬᠦ | ᠬᠠᠮᠢᠶᠠᠷᠤᠯᠲᠠ ᠶᠢ ᠴᠢᠩᠭᠠᠳᠬᠠᠵᠦ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠠᠪᠴᠠᠩ ᠤᠨ ᠦᠢᠯᠡᠳᠦᠯ ᠢ | ᠭᠦᠢᠴᠡᠳ ᠪᠠᠳᠠᠷᠠᠭᠤᠯᠤᠨ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠤᠳᠠᠯᠳᠤᠨ ᠠᠪᠬᠤ ᠪᠠ ᠠᠵᠢᠯᠯᠠᠭᠤᠯᠬᠤ | ᠵᠠᠷᠤᠳᠠᠯ ᠢ ᠴᠢᠩᠭ᠎ᠠ ᠬᠢᠵᠠᠭᠠᠷᠯᠠᠨ᠎ᠠ᠃ ᠭᠠᠳᠠᠭᠠᠳᠤ ︵ᠬᠢᠯᠢ︶ ᠠᠴᠠ ᠭᠠᠷᠬᠤ ᠠᠵᠢᠯᠯᠠᠭ᠎ᠠ ᠶᠢ ᠵᠠᠷᠴᠢᠮ ᠳᠡᠭᠡᠷ᠎ᠡ ᠪᠠᠨ | ᠬᠦᠴᠦᠨ ᠦᠭᠡᠶ ᠪᠣᠯᠭᠠᠬᠤ ᠶᠢᠨ ᠬᠠᠮᠲᠤ᠂ ᠭᠠᠳᠠᠭᠠᠳᠤ ︵ᠬᠢᠯᠢ︶ ᠠᠴᠠ ᠭᠠᠷᠬᠤ ᠵᠠᠷᠤᠳᠠᠯ ᠢ ᠲᠣᠬᠢᠷᠠᠭᠤᠯᠬᠤ ᠦᠭᠡᠶ᠃ | 9. ᠵᠠᠮ ᠤᠨ ᠵᠠᠷᠤᠳᠠᠯ ᠢ ᠤᠯᠠᠮ ᠨᠢᠭᠡ ᠠᠯᠬᠤᠮ ᠪᠠᠭᠠᠰᠬᠠᠬᠤ ᠬᠡᠷᠡᠭᠲᠡᠶ᠃ ᠭᠠᠳᠠᠭᠰᠢ ᠭᠠᠷᠬᠤ ᠶᠢ ᠬᠢᠨᠠᠨ | ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠨᠢᠭᠡᠴᠡ ᠨᠦᠭᠦᠳ ᠠᠳᠠᠯᠢ ᠨᠢᠭᠡᠨ ᠴᠠᠭ ᠬᠤᠭᠤᠴᠠᠭᠠᠨ ᠳᠤ | ᠠᠳᠠᠯᠢ ᠨᠢᠭᠡᠨ ᠭᠠᠵᠠᠷ ᠣᠷᠣᠨ ᠳᠤ ᠬᠦᠷᠴᠦ ᠭᠠᠳᠠᠭᠰᠢ ᠭᠠᠷᠬᠤ ᠡᠭᠦᠷᠭᠡ ᠶᠢ ᠵᠠᠷᠴᠢᠮ ᠳᠡᠭᠡᠷ᠎ᠡ ᠪᠠᠨ ᠨᠡᠶᠢᠯᠡᠭᠦᠯᠦᠨ | ᠶᠠᠪᠤᠭᠳᠠᠭᠤᠯᠵᠤ᠂ ᠭᠠᠳᠠᠭᠰᠢ ᠭᠠᠷᠬᠤ ᠤᠳᠠᠭ᠎ᠠ ᠪᠠ ᠬᠥᠮᠦᠨ ᠤ ᠲᠤᠭ᠎ᠠ ᠶᠢ ᠪᠠᠭᠠᠰᠬᠠᠨ᠂ ᠪᠠᠶᠢᠴᠠᠭᠠᠨ ᠰᠤᠳᠤᠯᠬᠤ | ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠪᠠᠷ᠎ᠠ ᠪᠣᠯᠵᠤ ᠬᠦᠯᠢᠶᠡᠨ ᠠᠪᠬᠤ ᠶᠢ ᠳᠥᠭᠦᠮᠴᠢᠯᠡᠨ᠂ | ᠳᠠᠭᠠᠵᠤ ᠬᠢᠬᠦ ᠠᠵᠢᠯᠲᠠᠨ ᠢ ᠪᠠᠭᠠᠰᠬᠠᠬᠤ ᠬᠡᠷᠡᠭᠲᠡᠶ᠃ ᠰᠦᠯᠵᠢᠶᠡᠨ ᠳᠡᠭᠡᠷᠡᠬᠢ ᠠᠷᠭ᠎ᠠ ᠪᠠᠷᠢᠯ ᠢ ᠭᠦᠢᠴᠡᠳ ᠬᠡᠷᠡᠭᠯᠡᠨ | ᠠᠵᠢᠯ ᠢᠶᠠᠨ ᠥᠷᠨᠢᠭᠦᠯᠵᠦ᠂ ᠲᠤᠬᠠᠶ ᠶᠢᠨ ᠲᠠᠯᠠᠪᠤᠷ ᠲᠤ ᠭᠠᠳᠠᠭᠰᠢ ᠭᠠᠷᠬᠤ ᠶᠢ ᠪᠠᠭᠠᠰᠬᠠᠬᠤ ᠬᠡᠷᠡᠭᠲᠡᠶ᠃ ᠮᠥᠨ | ᠴᠢᠨᠠᠷ ᠤᠨ ᠠᠭᠤᠯᠭ᠎ᠠ ᠦᠭᠡᠶ᠂ ᠠᠯᠪᠠᠨ ᠶᠠᠪᠤᠳᠠᠯ ᠤᠨ ᠵᠣᠷᠢᠯᠭ᠎ᠠ ᠶᠢ ᠲᠣᠳᠣᠷᠬᠠᠶᠢᠯᠠᠭᠰᠠᠨ ᠦᠭᠡᠶ ᠵᠢᠭᠤᠯᠴᠢᠯᠠᠯ ᠤᠨ | ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠶᠠᠮᠠᠷᠪᠠ ᠨᠡᠷ᠎ᠡ ᠪᠠᠷ ᠪᠠ ᠠᠷᠭ᠎ᠠ ᠮᠠᠶ᠋ᠢᠭ ᠢᠶᠠᠷ ᠬᠡᠯᠪᠡᠷᠢ ᠶᠢ ᠨᠢ ᠥᠭᠡᠷᠡᠲᠡᠭᠦᠯᠦᠨ | ᠵᠢᠭᠤᠯᠴᠢᠯᠠᠬᠤ ᠶᠢ ᠴᠢᠩᠭ᠎ᠠ ᠴᠠᠭᠠᠵᠠᠯᠠᠵᠤ᠂ ᠣᠨᠳᠣᠤ ᠭᠠᠵᠠᠷ ᠤᠨ ᠰᠠᠯᠠᠭ᠎ᠠ ᠮᠥᠴᠢᠷ ᠤᠨ ᠬᠤᠭᠤᠷᠣᠨᠳᠣ ᠮᠥᠨ | ᠴᠢᠨᠠᠷ ᠤᠨ ᠠᠭᠤᠯᠭ᠎ᠠ ᠶᠢᠨ ᠰᠤᠷᠤᠯᠴᠠᠯᠭ᠎ᠠ ᠰᠣᠯᠢᠯᠴᠠᠭ᠎ᠠ ᠪᠠ ᠪᠠᠶᠢᠴᠠᠭᠠᠨ ᠰᠤᠳᠤᠯᠤᠯᠲᠠ ᠬᠢᠬᠦ ᠶᠢ ᠴᠢᠩᠭ᠎ᠠ | ᠴᠠᠭᠠᠵᠠᠯᠠᠬᠤ ᠬᠡᠷᠡᠭᠲᠡᠶ᠃ ᠵᠠᠮ ᠤᠨ ᠵᠠᠷᠤᠳᠠᠯ ᠲᠤᠰᠢᠶᠠᠬᠤ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠭᠠᠳᠠᠭᠰᠢ ᠭᠠᠷᠬᠤ ᠵᠠᠷᠤᠳᠠᠯ ᠰᠦᠢᠳᠬᠡᠯ ᠤᠨ | ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠵᠠᠰᠠᠭ [2014] 409 ᠳ᠋ᠦ᠋ᠭᠡᠷ ᠲᠣᠭᠠᠲᠤ︶ ᠪᠣᠯᠤᠨ ︽ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠵᠢᠭᠤᠯᠴᠢᠯᠠᠯ ᠢᠶᠠᠷ ᠠᠨᠠᠶ ᠪᠠᠶᠢᠷᠢ ᠳᠤ ᠰᠠᠭᠤᠬᠤ ᠵᠠᠷᠤᠳᠠᠯ | ᠰᠦᠢᠳᠬᠡᠯ ᠤᠨ ᠪᠠᠷᠢᠮᠵᠢᠶ᠎ᠠ ᠶᠢ ᠲᠣᠬᠢᠷᠠᠭᠤᠯᠬᠤ ᠵᠡᠷᠭᠡ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ | ᠪᠠᠩᠬᠢ [2015] 9 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ | ᠬᠡᠷᠡᠭᠲᠡᠶ᠃ | 10. ᠬᠤᠷᠠᠯ ᠤᠨ ᠰᠦᠢᠳᠬᠡᠯ ᠢ ᠤᠯᠠᠮ ᠨᠢᠭᠡ ᠠᠯᠬᠤᠮ ᠪᠠᠭᠠᠰᠬᠠᠨ᠎ᠠ᠃ ᠪᠢᠴᠢᠭ ᠮᠠᠲ᠋ᠧᠷᠢᠶᠠᠯ ᠪᠠᠭᠤᠯᠭᠠᠵᠤ | ᠪᠣᠯᠬᠤ ᠠᠵᠢᠯ ᠢ ᠵᠠᠷᠴᠢᠮ ᠳᠡᠭᠡᠷ᠎ᠡ ᠪᠠᠨ ᠬᠤᠷᠠᠯ ᠤᠨ ᠪᠠᠶᠢᠷᠢᠯᠠᠭᠤᠯᠤᠯᠲᠠ ᠬᠢᠬᠦ ᠦᠭᠡᠢ︔ ᠰᠠᠯᠠᠭ᠎ᠠ ᠮᠥᠴᠢᠷ ᠤᠨ | ᠨᠡᠷ᠎ᠡ ᠪᠠᠷ ᠬᠤᠷᠠᠯᠳᠤᠭᠤᠯᠤᠭᠰᠠᠨ ᠪᠥᠬᠦ ᠲᠤᠭᠤᠷᠢᠭ ᠤᠨ ᠴᠢᠨᠠᠷᠲᠠᠶ ᠠᠵᠢᠯ ᠤᠨ ᠬᠤᠷᠠᠯ ᠳᠤ᠂ ᠰᠠᠯᠠᠭ᠎ᠠ ᠮᠥᠴᠢᠷ | ᠨᠢᠭᠡᠪᠦᠷᠢ ᠵᠢᠯ ᠳᠤ 1 ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠢ᠃ ᠬᠤᠷᠠᠯ ᠤᠨ ᠲᠤᠭ᠎ᠠ ᠬᠡᠮᠵᠢᠶ᠎ᠡ᠂ ᠬᠡᠪ | ᠪᠠᠷᠢᠮᠵᠢᠶ᠎ᠠ ᠪᠠ ᠬᠡᠪᠴᠢᠶ᠎ᠡ ᠶᠢ ᠡᠵᠡᠮᠳᠡᠵᠦ᠂ ᠬᠤᠷᠠᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠬᠤᠷ | ᠬᠤᠷᠠᠯ ᠬᠤᠷᠠᠯᠳᠤᠭᠤᠯᠤᠨ᠂ ᠸᠢᠳᠢᠣ᠋ ᠬᠤᠷᠠᠯ ᠬᠤᠷᠠᠯᠳᠤᠭᠤᠯᠬᠤ ᠶᠢ ᠰᠠᠨᠠᠭᠠᠴᠢᠯᠠᠨ᠎ᠠ᠃ ᠦᠨᠡᠨᠬᠦ ᠡᠷᠬᠢᠯᠡᠬᠦ ᠴᠢᠬᠤᠯᠠᠲᠠᠶ | ᠬᠤᠷᠠᠯ ᠢ ᠠᠷᠪᠢᠯᠠᠨ ᠭᠠᠮᠨᠠᠬᠤ᠂ ᠥᠨᠳᠥᠷ ᠪᠦᠲᠦᠮᠵᠢᠲᠡᠶ ᠵᠠᠷᠴᠢᠮ ᠢᠶᠠᠷ ᠬᠤᠷᠠᠯ ᠤᠨ ᠭᠠᠵᠠᠷ ᠪᠣᠯᠤᠨ ᠬᠤᠯᠪᠣᠭᠳᠠᠯ | ᠪᠦᠬᠦᠢ ᠬᠤᠷᠠᠯ ᠤᠨ ᠶᠠᠪᠤᠳᠠᠯ ᠤᠨ ᠵᠦᠢᠯᠡᠰ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠵᠠᠷᠴᠢᠮ ᠳᠡᠭᠡᠷ᠎ᠡ ᠪᠠᠨ | ᠪᠠᠶᠢᠭᠤᠯᠤᠯᠭ᠎ᠠ ᠶᠢᠨ ᠳᠣᠲᠣᠭᠠᠳᠤ ᠶᠢᠨ ᠬᠤᠷᠠᠯ ᠤᠨ ᠭᠡᠷ ᠲᠤ ᠬᠤᠷᠠᠯᠳᠤᠭᠤᠯᠬᠤ ᠬᠡᠷᠡᠭᠲᠡᠶ᠃ ᠬᠤᠷᠠᠯ ᠤᠨ ᠥᠪᠡᠷ ᠤᠨ | ᠥᠷᠲᠡᠭ ᠢ ᠪᠠᠭᠤᠷᠠᠭᠤᠯᠵᠤ᠂ ᠪᠢᠷ᠂ ᠠᠵᠢᠯ ᠤᠨ ᠮᠠᠲ᠋ᠧᠷᠢᠶᠠᠯ ᠵᠡᠷᠭᠡ ᠡᠳ᠋ ᠪᠣᠳᠠᠰ ᠢ ︽ᠨᠢᠭᠡ ᠯᠡ ᠤᠳᠠᠭ᠎ᠠ ᠬᠡᠷᠡᠭᠯᠡᠬᠦ︾ | ᠬᠡᠷᠡᠭᠰᠡᠯ ᠪᠣᠯᠭᠠᠨ ᠬᠤᠪᠢᠷᠠᠭᠤᠯᠬᠤ ᠶᠢ ᠴᠢᠩᠭ᠎ᠠ ᠰᠡᠷᠭᠡᠶᠢᠯᠡᠵᠦ᠂ ᠠᠯᠪᠠᠨ ᠪᠢᠴᠢᠭ ᠤᠨ ᠪᠣᠭᠴᠣ ︵ᠤᠭᠤᠲᠠ︶᠂ | ᠵᠠᠬᠢᠳᠠᠯ ᠤᠨ ᠳᠤᠭᠲᠤᠢ᠂ ᠲᠠᠲᠠᠭᠤᠷ ᠬᠠᠪᠴᠢᠭᠤᠷ᠂ ᠣᠷᠳᠣ ᠰᠡᠭᠦᠯᠲᠦ ᠬᠠᠪᠴᠢᠭᠤᠷ ᠵᠡᠷᠭᠡ ᠠᠯᠪᠠᠯᠠᠬᠤ ᠬᠤᠷᠣᠭᠳᠠᠯ | ᠮᠠᠲ᠋ᠧᠷᠢᠶᠠᠯ ᠢ ᠡᠷᠭᠢᠯᠳᠦᠭᠦᠯᠦᠨ ᠠᠰᠢᠭᠯᠠᠬᠤ ᠶᠢ ᠰᠠᠨᠠᠭᠠᠴᠢᠯᠠᠵᠤ᠂ ᠬᠤᠷᠠᠯ ᠤᠨ ᠲᠠᠯᠠᠪᠠᠶ ᠳᠤ ᠬᠤᠸᠠᠷ ᠴᠡᠴᠡᠭ᠂ ᠠᠬᠤᠶ | ᠪᠠᠶᠢᠳᠠᠯ ᠤᠨ ᠬᠠᠪᠲᠠᠰᠤ ᠵᠢᠴᠢ ᠵᠢᠮᠢᠰ ᠬᠠᠩᠭᠠᠵᠤ ᠪᠣᠯᠬᠤ ᠥᠬᠡᠶ᠂ ᠪᠦᠷᠢᠯᠭᠡᠨ ᠰᠦᠢᠳᠬᠡᠬᠦ ᠶᠢ ᠴᠢᠩᠭ᠎ᠠ ᠴᠠᠭᠠᠵᠠᠯᠠᠨ᠎ᠠ᠃ | | 11. ᠪᠣᠯᠪᠠᠰᠤᠷᠠᠭᠤᠯᠤᠯ ᠤᠨ ᠰᠦᠢᠳᠬᠡᠯ ᠢ ᠤᠯᠠᠮ ᠨᠢᠭᠡ ᠠᠯᠬᠤᠮ ᠪᠠᠭᠠᠰᠬᠠᠬᠤ ᠬᠡᠷᠡᠭᠲᠡᠶ᠃ ᠰᠦᠯᠵᠢᠶ᠎ᠡ᠂ | ᠸᠢᠳᠢᠣ᠋ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠨ ᠪᠣᠯᠪᠠᠰᠤᠷᠠᠭᠤᠯᠤᠯ ᠥᠷᠨᠢᠭᠦᠯᠵᠦ᠂ | ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠣᠯᠪᠠᠰᠤᠷᠠᠭᠤᠯᠤᠯ ᠤᠨ ᠨᠡᠷ᠎ᠡ ᠪᠠᠷ ᠠᠯᠪᠠᠨ ᠤ | ᠵᠣᠭᠤᠰ ᠢᠶᠠᠷ ᠵᠢᠭᠤᠯᠴᠢᠯᠠᠬᠤ ᠶᠢ ᠴᠢᠩᠭ᠎ᠠ ᠴᠠᠭᠠᠵᠠᠯᠠᠨ᠎ᠠ︔ ᠪᠣᠯᠪᠠᠰᠤᠷᠠᠭᠤᠯᠤᠯ ᠤᠨ ᠨᠡᠷ᠎ᠡ ᠪᠠᠷ ᠬᠠᠮᠲᠤᠷᠠᠭᠰᠠᠨ | ᠬᠤᠭᠤᠯᠠ ᠶᠢ ᠵᠣᠬᠢᠶᠠᠨ ᠪᠠᠶᠢᠭᠤᠯᠬᠤ ᠪᠤᠶᠤ ᠳᠠᠶᠢᠯᠠᠯᠭ᠎ᠠ ᠬᠢᠬᠦ ᠶᠢ ᠴᠢᠩᠭ᠎ᠠ ᠴᠠᠭᠠᠵᠠᠯᠠᠨ᠎ᠠ︔ ᠳᠡᠭᠡᠳᠦ ᠲᠠᠰ ᠤᠨ ᠢᠵᠢ | ᠭᠡᠷ ᠵᠢᠴᠢ ᠢᠯᠡᠭᠦᠴᠡ ᠤᠬᠢᠶᠠᠯᠭ᠎ᠠ ᠶᠢᠨ ᠬᠡᠷᠡᠭᠰᠡᠯ ᠢ ᠲᠦᠭᠡᠭᠡᠨ ᠥᠭᠬᠦ ᠶᠢ ᠴᠢᠩᠭ᠎ᠠ ᠴᠠᠭᠠᠵᠠᠯᠠᠨ᠎ᠠ︔ | ᠪᠣᠯᠪᠠᠰᠤᠷᠠᠭᠤᠯᠤᠯ ᠤᠨ ᠰᠦᠢᠳᠬᠡᠯ ᠢ ᠺᠣᠮᠫᠢᠦ᠋ᠲ᠋ᠧᠷ᠂ ᠬᠠᠭᠤᠯᠪᠤᠷᠢ ᠶᠢᠨ ᠮᠠᠰᠢᠨ᠂ ᠳᠠᠷᠤᠮᠠᠯᠯᠠᠬᠤ ᠮᠠᠰᠢᠨ᠂ ᠳᠦᠷᠰᠦᠲᠦ | ᠴᠠᠬᠢᠯᠭᠠᠨ ᠮᠠᠰᠢᠨ ᠵᠡᠷᠭᠡ ᠲᠣᠭᠲᠠᠮᠠᠯ ᠬᠥᠷᠥᠩᠭᠡ ᠵᠢᠴᠢ ᠪᠣᠯᠪᠠᠰᠤᠷᠠᠭᠤᠯᠤᠯ ᠲᠠᠢ ᠬᠠᠮᠢᠶ᠎ᠠ ᠦᠭᠡᠢ ᠪᠤᠰᠤᠳ ᠵᠠᠷᠤᠳᠠᠯ | ᠬᠤᠳᠠᠯᠳᠤᠨ ᠠᠪᠬᠤ ᠶᠢ ᠴᠢᠩᠭ᠎ᠠ ᠴᠠᠭᠠᠵᠠᠯᠠᠨ᠎ᠠ︔ ᠪᠣᠯᠪᠠᠰᠤᠷᠠᠭᠤᠯᠤᠯ ᠤᠨ ᠵᠠᠷᠤᠳᠠᠯ ᠠᠴᠠ ᠠᠯᠪᠠᠨ ᠶᠠᠪᠤᠳᠠᠯ ᠤᠨ | ᠵᠣᠴᠢᠯᠠᠬᠤ ᠵᠠᠷᠤᠳᠠᠯ᠂ ᠬᠤᠷᠠᠯ ᠤᠨ ᠵᠠᠷᠤᠳᠠᠯ ᠢ ᠭᠠᠷᠭᠠᠵᠤ ᠥᠭᠬᠦ ᠶᠢ ᠴᠢᠩᠭ᠎ᠠ ᠴᠠᠭᠠᠵᠠᠯᠠᠨ᠎ᠠ︔ ᠪᠣᠯᠪᠠᠰᠤᠷᠠᠭᠤᠯᠤᠯ ᠤᠨ | ᠵᠠᠷᠤᠳᠠᠯ ᠢ ᠮᠡᠬᠡᠯᠡᠨ ᠠᠪᠴᠤ ︽ᠵᠢᠵᠢᠭ ᠵᠣᠭᠤᠰᠣᠨ ᠬᠥᠮᠥᠷᠭᠡ︾ ᠭᠠᠷᠭᠠᠬᠤ ᠶᠢ ᠴᠢᠩᠭ᠎ᠠ ᠴᠠᠭᠠᠵᠠᠯᠠᠨ᠎ᠠ︔ ᠴᠢᠬᠤᠯᠠ | ᠪᠦᠬᠦᠢ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ ᠶᠢ ᠭᠠᠷᠭᠠᠪᠠᠯ᠂ ᠪᠠᠶᠢᠴᠠᠭᠠᠨ ᠰᠤᠳᠤᠯᠤᠯᠲᠠ ᠬᠢᠬᠦ᠂ ᠰᠢᠨᠵᠢᠯᠡᠨ | ᠪᠠᠶᠢᠴᠠᠭᠠᠬᠤ᠂ 7 ᠡᠳᠦᠷ ᠤᠨ ᠳᠣᠲᠣᠷᠠᠬᠢ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠪᠣᠯᠬᠤ ᠦᠭᠡᠢ᠃ | ᠪᠣᠯᠪᠠᠰᠤᠷᠠᠭᠤᠯᠤᠯ ᠤᠨ ᠵᠠᠷᠤᠳᠠᠯ ᠤᠨ ᠬᠠᠮᠢᠶᠠᠷᠤᠯᠲᠠ ᠶᠢ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠪᠣᠯᠪᠠᠰᠤᠷᠠᠭᠤᠯᠤᠯ ᠤᠨ ᠰᠦᠢᠳᠬᠡᠯ ᠤᠨ ᠬᠠᠮᠢᠶᠠᠷᠤᠯᠲᠠ ᠶᠢᠨ | ᠠᠷᠭ᠎ᠠ﹀ ᠶᠢᠨ ᠨᠥᠬᠦᠪᠥᠷᠢ ᠮᠡᠳᠡᠭᠳᠡᠯ︾ ᠶᠣᠰᠣᠭᠠᠷ ᠴᠢᠩᠭ᠎ᠠ ᠬᠡᠷᠡᠭᠵᠢᠭᠦᠯᠬᠦ ᠬᠡᠷᠡᠭᠲᠡᠶ᠃ | 12. ᠨᠠᠶᠢᠳᠠᠭᠰᠠᠨ ᠲᠤᠬᠠᠶᠢᠯᠠᠭᠰᠠᠨ ᠠᠵᠢᠯ ᠤᠨ ᠵᠠᠷᠤᠳᠠᠯ ᠢ ᠤᠯᠠᠮ ᠨᠢᠭᠡ ᠠᠯᠬᠤᠮ ᠪᠠᠭᠠᠰᠬᠠᠨ᠎ᠠ᠃ ᠨᠠᠮ | ᠵᠠᠰᠠᠭ ᠤᠨ ᠪᠠᠶᠢᠭᠤᠯᠭ᠎ᠠ ᠪᠣᠯᠤᠨ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠠᠵᠢᠯ ᠦᠢᠯᠡᠰ ᠤᠨ ᠨᠢᠭᠡᠴᠡ ᠪᠠᠷ | ᠯᠠᠪᠯᠠᠯᠲᠠ ᠪᠣᠯᠭᠠᠨ ᠭᠠᠳᠠᠭᠰᠢ ᠨᠠᠶᠢᠳᠠᠵᠤ ᠲᠤᠬᠠᠶᠢᠯᠠᠭᠰᠠᠨ ᠠᠵᠢᠯ ᠬᠢᠯᠭᠡᠬᠦ ᠦᠶ᠎ᠡ ᠳᠤ᠂ ᠵᠠᠰᠠᠭ ᠤᠨ ᠣᠷᠳᠣᠨ | ᠦᠢᠯᠡᠴᠢᠯᠡᠭᠡᠨ ᠬᠤᠳᠠᠯᠳᠤᠨ ᠠᠪᠬᠤ ᠲᠣᠭᠲᠠᠭᠠᠯ ᠶᠣᠰᠣᠭᠠᠷ ᠬᠡᠷᠡᠭᠵᠢᠭᠦᠯᠵᠦ᠂ ᠵᠠᠰᠠᠭ ᠤᠨ ᠣᠷᠳᠣᠨ ᠦᠢᠯᠡᠴᠢᠯᠡᠭᠡᠨ | ᠬᠤᠳᠠᠯᠳᠤᠨ ᠠᠪᠬᠤ ᠭᠠᠷᠴᠠᠭ ᠠᠴᠠ ᠪᠤᠰᠤᠳ ᠵᠦᠢᠯᠡᠰ ᠢ ᠵᠠᠷᠴᠢᠮ ᠳᠡᠭᠡᠷ᠎ᠡ ᠪᠠᠨ ᠭᠠᠳᠠᠭᠰᠢ ᠨᠠᠶᠢᠳᠠᠵᠤ ᠪᠣᠯᠬᠤ | ᠦᠭᠡᠶ᠃ | ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠨᠢᠭᠡᠴᠡ᠂ ᠲᠤᠭᠤᠷᠢᠭ ᠤᠨ ᠬᠠᠷᠢᠶ᠎ᠠ ᠪᠥᠬᠦᠶ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ︽ᠠᠷᠪᠢᠯᠠᠨ ᠭᠠᠮᠨᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠣᠨᠴᠠᠭᠠᠶ ᠪᠠᠶᠢᠳᠠᠯ ᠳᠤ | ᠴᠢᠭᠯᠡᠭᠦᠯᠦᠨ᠂ ᠦᠨᠡᠨᠬᠦ ᠨᠡᠮᠡᠭᠳᠡᠭᠦᠯᠬᠦ ᠴᠢᠬᠤᠯᠠᠲᠠᠶ ᠵᠠᠷᠤᠯᠭ᠎ᠠ ᠳᠤ ︽ᠨᠢᠭᠡ ᠬᠡᠷᠡᠭ ᠢ ᠨᠢᠭᠡ ᠵᠥᠪᠯᠡᠬᠦ︾ ᠬᠡᠯᠪᠡᠷᠢ ᠪᠠᠷ | ᠲᠤᠭᠤᠷᠢᠭ ᠤᠨ ᠵᠠᠰᠠᠭ ᠤᠨ ᠣᠷᠳᠣᠨ ᠤ ᠬᠤᠷᠠᠯ ᠳᠤ ᠳᠡᠪᠰᠢᠭᠦᠯᠦᠨ ᠰᠤᠳᠤᠯᠤᠭᠤᠯᠵᠤ᠂ ᠮᠠᠨ ᠤ ᠲᠤᠭᠤᠷᠢᠭ ᠤᠨ ᠪᠠᠯᠠ | ᠮᠥᠩᠭᠦ ᠶᠢ ᠳᠣᠭᠢᠷᠠᠭᠤᠯᠬᠤ ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠬᠦ ᠶᠢ | ᠦᠨᠡᠨᠬᠦ ᠪᠠᠲᠤᠯᠠᠵᠤ᠂ ᠬᠢᠵᠠᠭᠠᠷ ᠲᠠᠢ ᠡᠬᠢ ᠪᠠᠶᠠᠯᠢᠭ ᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠬᠡᠷᠡᠭᠲᠡᠶ᠃ |