ᠦᠰᠦᠭ ᠪᠢᠴᠢᠭ ᠤᠨ ᠲᠠᠶᠢᠯᠤᠮᠵᠢ᠄ ︽ᠤᠳᠠ ᠲᠣᠭᠤᠷᠢᠭ ᠤᠨ ᠠᠷᠪᠢᠯᠠᠨ ᠭᠠᠮᠨᠠᠬᠤ ᠶᠢ ᠡᠷᠬᠢᠮᠯᠡᠵᠦ ︿ᠠᠷᠪᠢᠯᠠᠨ ᠭᠠᠮᠨᠠᠵᠤ ᠠᠮᠢᠳᠤᠷᠠᠬᠤ﹀ ᠶᠢ ᠪᠠᠷᠢᠮᠲᠠᠯᠠᠬᠤ ᠲᠤᠬᠠᠶ ᠠᠷᠭ᠎ᠠ ᠬᠡᠮᠵᠢᠶ᠎ᠡ ᠨᠦᠭᠦᠳ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/26
︽ᠤᠳᠠ ᠲᠣᠭᠤᠷᠢᠭ ᠤᠨ ᠠᠷᠪᠢᠯᠠᠨ ᠭᠠᠮᠨᠠᠬᠤ ᠶᠢ ᠡᠷᠬᠢᠮᠯᠡᠵᠦ ︿ᠠᠷᠪᠢᠯᠠᠨ ᠭᠠᠮᠨᠠᠵᠤ ᠠᠮᠢᠳᠤᠷᠠᠬᠤ﹀ ᠶᠢ ᠪᠠᠷᠢᠮᠲᠠᠯᠠᠬᠤ ᠲᠤᠬᠠᠶ ᠠᠷᠭ᠎ᠠ ᠬᠡᠮᠵᠢᠶ᠎ᠡ ᠨᠦᠭᠦᠳ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ      ᠰᠢ ᠶᠢᠨ ᠫᠢᠩ ᠶᠡᠷᠦᠩᠬᠡᠢ ᠱᠦᠵᠢ ᠶᠢᠨ ᠨᠠᠮ ᠪᠠ ᠵᠠᠰᠠᠭ ᠤᠨ ᠣᠷᠳᠣᠨ ᠲᠦᠷᠦᠭᠦᠯᠡᠨ ︽ᠭᠠᠮᠨᠠᠵᠤ ᠠᠮᠢᠳᠤᠷᠠᠬᠤ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠷᠪᠢᠯᠠᠨ ᠭᠠᠮᠨᠠᠬᠤ ᠶᠢ ᠡᠷᠬᠢᠮᠯᠡᠵᠦ ᠠᠷᠪᠢᠯᠠᠨ ᠭᠠᠮᠨᠠᠬᠤ ᠶᠢ ᠪᠠᠷᠢᠮᠲᠠᠯᠠᠬᠤ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠲᠦᠷᠦᠭᠦᠯᠡᠭᠦᠯᠦᠨ᠂ ᠲᠤᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠭᠤᠷᠪᠢᠨ ᠲᠣᠭᠲᠠᠭᠠᠵᠤ᠂ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ︽ᠤᠳᠠ ᠲᠣᠭᠤᠷᠢᠭ ᠤᠨ ᠠᠯᠢ ᠴᠢᠳᠠᠬᠤ ᠪᠠᠷ ᠠᠷᠪᠢᠯᠠᠨ ᠭᠠᠮᠨᠠᠬᠤ ᠶᠢ ᠡᠷᠬᠢᠮᠯᠡᠵᠦ ︿ᠠᠷᠪᠢᠯᠠᠨ ᠭᠠᠮᠨᠠᠵᠤ ᠠᠮᠢᠳᠤᠷᠠᠬᠤ﹀ ᠶᠢ ᠪᠠᠷᠢᠮᠲᠠᠯᠠᠬᠤ ᠲᠤᠬᠠᠶ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠢ ᠬᠥᠲᠥᠯᠥᠨ ᠵᠢᠯᠤᠭᠤᠳᠴᠤ ᠪᠠᠶᠢᠭᠠᠳ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠦᠵᠡᠯ ᠤᠬᠠᠮᠰᠠᠷ ᠢ ᠨᠢ ᠴᠢᠩᠭᠠᠳᠬᠠᠵᠤ᠂ ᠠᠷᠪᠢᠯᠠᠨ ᠭᠠᠮᠨᠠᠬᠤ ᠱᠠᠭᠠᠷᠳᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠪᠠ᠃ ᠨᠢᠭᠡ᠂ ᠪᠢᠴᠢᠭ ᠮᠠᠲ᠋ᠧᠷᠢᠶᠠᠯ  ᠤᠨ ᠦᠨᠳᠦᠰᠦᠯᠡᠯ      ︽ᠵᠠᠰᠠᠭ ᠤᠨ ᠣᠷᠳᠣᠨ ᠪᠠ ᠰᠠᠯᠠᠭ᠎ᠠ ᠮᠥᠴᠢᠷ ᠲᠦᠷᠦᠭᠦᠯᠡᠨ ᠠᠷᠪᠢᠯᠠᠨ ᠭᠠᠮᠨᠠᠵᠤ ᠡᠩ ᠤᠨ ᠴᠢᠨᠠᠷᠲᠠᠢ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠤᠨ ᠵᠠᠰᠠᠭ ᠤᠷᠢᠳᠴᠢᠯᠠᠨ ﹇2020﹈ 317 ᠳ᠋ᠤᠭᠠᠷ ᠲᠣᠭᠠᠲᠤ︶ ᠪᠠ ︽ᠵᠠᠰᠠᠭ ᠤᠨ ᠣᠷᠳᠣᠨ ᠪᠠ ᠰᠠᠯᠠᠭ᠎ᠠ ᠮᠥᠴᠢᠷ ᠲᠦᠷᠦᠭᠦᠯᠡᠨ ᠠᠷᠪᠢᠯᠠᠨ ᠭᠠᠮᠨᠠᠵᠤ ᠡᠩ ᠤᠨ ᠴᠢᠨᠠᠷᠲᠠᠢ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠦᠬᠠᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠥᠬᠦᠪᠦᠷᠢ ᠮᠡᠳᠡᠭᠳᠡᠯ︾ ︵ᠥᠪᠥᠷ ᠡᠳ᠋ ᠤᠨ ᠵᠠᠰᠠᠭ ᠤᠷᠢᠳᠴᠢᠯᠠᠨ ﹇2022﹈ 1205 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ᠪᠥᠬᠦ ᠲᠤᠭᠤᠷᠢᠭ ᠤᠨ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠦᠵᠡᠯ ᠤᠬᠠᠮᠰᠠᠷ ᠢ ᠨᠡᠮᠡᠭᠳᠡᠭᠦᠯᠬᠦ ᠳᠤ ᠪᠣᠳᠠᠲᠠᠢ ᠱᠠᠭᠠᠷᠳᠠᠯᠭ᠎ᠠ ᠳᠤᠷᠠᠳᠬᠤ ᠬᠡᠷᠡᠭᠲᠡᠢ᠃ ᠬᠤᠶᠠᠷ᠂ ᠭᠤᠣᠯ ᠠᠭᠤᠯᠭ᠎ᠠ      ︽ᠠᠷᠭ᠎ᠠ ᠬᠡᠮᠵᠢᠶ᠎ᠡ︾ ᠶᠢᠨ ᠭᠤᠣᠯ ᠠᠭᠤᠯᠭ᠎ᠠ ᠶᠢ ᠨᠡᠶᠢᠲᠡ 12 ᠵᠦᠢᠯ ᠬᠤᠪᠢᠶᠠᠵᠤ᠂ ᠡᠯ᠎ᠡ ᠰᠠᠯᠠᠭ᠎ᠠ ᠮᠥᠴᠢᠷ ᠤᠨ ︽ᠠᠰᠠᠷ ᠲᠠᠩᠬᠢᠮ ᠪᠠᠭᠤᠳᠠᠯ ᠭᠠᠵᠠᠷ ᠰᠢᠨ᠎ᠡ ᠪᠠᠷ ᠪᠠᠶᠢᠭᠤᠯᠬᠤ︾ ︽ᠬᠡᠳᠦ ᠵᠠᠰᠠᠵᠤ ᠴᠢᠮᠡᠭᠯᠡᠬᠦ︾ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ   ᠶᠢᠨ ᠲᠥᠷᠥᠯ ᠵᠦᠢᠯ︾ ︽ᠠᠯᠪᠠᠨ ᠠᠵᠢᠯ ᠤᠨ ᠲᠥᠬᠦᠭᠡᠷᠦᠮᠵᠢ ᠶᠢ ᠰᠢᠨᠡᠳᠬᠡᠵᠦ ᠬᠤᠳᠠᠯᠳᠤᠨ ᠠᠪᠬᠤ︾ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ︾ ︽ᠰᠢᠨ᠎ᠡ ᠪᠠᠷ ᠨᠡᠮᠡᠭᠳᠡᠭᠰᠡᠨ ᠵᠠᠷᠤᠯᠭ᠎ᠠ︾ ︽ᠠᠯᠪᠠᠨ ᠠᠵᠢᠯ ᠤᠨ ᠵᠠᠷᠤᠳᠠᠯ ᠢ ᠪᠠᠭᠠᠰᠬᠠᠬᠤ︾ ︽ᠠᠯᠪᠠᠨ ᠠᠵᠢᠯ ᠤᠨ ᠵᠠᠷᠤᠳᠠᠯ ᠢ ᠪᠠᠭᠠᠰᠬᠠᠬᠤ︾ ︽ᠠᠯᠪᠠᠨ ᠠᠵᠢᠯ ᠢᠶᠠᠷ ᠭᠠᠳᠠᠭᠰᠢ ᠭᠠᠷᠬᠤ ᠵᠠᠷᠤᠳᠠᠯ ᠢ ᠪᠠᠭᠠᠰᠬᠠᠬᠤ︾ ︽ᠬᠤᠷᠠᠯ ᠤᠨ ᠵᠠᠷᠤᠳᠠᠯ ᠢ ᠪᠠᠭᠠᠰᠬᠠᠬᠤ︾ ︽ᠪᠣᠯᠪᠠᠰᠤᠷᠠᠯ ᠤᠨ ᠵᠠᠷᠤᠳᠠᠯ ᠢ ᠪᠠᠭᠠᠰᠬᠠᠬᠤ︾ ︽ᠨᠠᠶᠢᠳᠠᠯᠭ᠎ᠠ ᠶᠢᠨ ᠲᠤᠬᠠᠶᠢᠯᠠᠭᠰᠠᠨ ᠠᠵᠢᠯ ᠤᠨ ᠵᠠᠷᠤᠳᠠᠯ ᠢ ᠪᠠᠭᠠᠰᠬᠠᠬᠤ︾ ᠵᠡᠷᠭᠡ ᠲᠠᠯ᠎ᠠ   ᠶᠢᠨ ᠠᠵᠢᠯᠯᠠᠭ᠎ᠠ ᠳᠤ ᠪᠣᠳᠠᠲᠠᠢ ᠲᠣᠭᠲᠠᠭᠠᠯ ᠭᠠᠷᠭᠠᠵᠠᠢ᠃ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠨᠡᠨ ᠬᠦ ᠪᠠᠶᠢᠭᠤᠯᠤᠨ ᠲᠡᠭᠦᠯᠳᠡᠷᠵᠢᠭᠦᠯᠵᠦ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠵᠤ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠪᠡᠯᠡ ᠮᠥᠩᠭᠦ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠬᠢᠵᠠᠭᠠᠷ ᠲᠠᠢ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃ ᠭᠤᠷᠪᠠ᠂ ᠪᠤᠰᠤᠳ ᠠᠷᠭ᠎ᠠ ᠬᠡᠮᠵᠢᠶ᠎ᠡ      ︽ᠠᠷᠭ᠎ᠠ ᠬᠡᠮᠵᠢᠶ᠎ᠡ︾ ᠳᠤ ᠱᠠᠭᠠᠷᠳᠠᠭᠰᠠᠨ ᠨᠢ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠨᠴᠣᠭᠤᠢ ᠪᠠᠶᠢᠳᠠᠯ ᠳᠤ ᠴᠢᠭᠯᠡᠭᠦᠯᠦᠨ᠂ ᠦᠨᠡᠨᠬᠦ ᠨᠡᠮᠡᠭᠳᠡᠭᠦᠯᠬᠦ ᠴᠢᠬᠤᠯᠠᠲᠠᠢ ᠵᠠᠷᠤᠯᠭ᠎ᠠ ᠶᠢ ︽ᠨᠢᠭᠡ ᠬᠡᠷᠡᠭ ᠢ ᠨᠢᠭᠡ ᠵᠥᠪᠯᠡᠬᠦ︾ ᠬᠡᠯᠪᠡᠷᠢ ᠪᠠᠷ ᠲᠤᠭᠤᠷᠢᠭ ᠤᠨ ᠵᠠᠰᠠᠭ ᠤᠨ ᠣᠷᠳᠣᠨ ᠤ ᠬᠤᠷᠠᠯ ᠳᠤ ᠳᠡᠪᠰᠢᠭᠦᠯᠦᠨ ᠰᠤᠳᠤᠯᠤᠭᠤᠯᠵᠤ᠂ ᠪᠥᠬᠦ ᠲᠤᠭᠤᠷᠢᠭ ᠤᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠬᠦ ᠶᠢ ᠦᠨᠡᠨᠬᠦ ᠪᠠᠲᠤᠯᠠᠵᠤ᠂ ᠬᠢᠵᠠᠭᠠᠷ ᠲᠠᠢ ᠡᠬᠢ ᠪᠠᠶᠠᠯᠢᠭ ᠢ ᠴᠢᠬᠤᠯᠠ ᠭᠠᠵᠠᠷ᠂ ᠴᠢᠬᠤᠯᠠ ᠭᠠᠵᠠᠷ ᠲᠤ ᠦᠨᠡᠨᠬᠦ ᠬᠡᠷᠡᠭᠯᠡᠬᠦ ᠬᠡᠷᠡᠭᠲᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号