ᠦᠰᠦᠭ ᠪᠢᠴᠢᠭ ᠤᠨ ᠲᠠᠶᠢᠯᠤᠮᠵᠢ᠄ ︽ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︿2024 ᠣᠨ ᠤ ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/26
︽ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︿2024 ᠣᠨ ᠤ ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠨᠢᠭᠡ᠂ ᠲᠣᠭᠲᠠᠭᠠᠭᠰᠠᠨ ᠠᠬᠤᠢ ᠪᠠᠶᠢᠳᠠᠯ      ︽ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠳᠦᠷᠢᠮ ᠤᠨ ᠠᠵᠢᠯ ᠤᠨ ᠲᠤᠬᠠᠢ ᠰᠠᠨᠠᠯ︾ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ︽ᠠᠷᠠᠳ ᠤᠨ ᠰᠠᠨᠠᠭ᠎ᠠ ᠶᠢ ᠬᠦᠨᠳᠦᠳᠬᠡᠵᠦ᠂ ᠠᠷᠠᠳ ᠤᠨ ᠠᠮᠢᠳᠤᠷᠠᠯ ᠢ ᠳᠣᠪᠤᠶᠢᠯᠭᠠᠬᠤ︔ ᠨᠡᠶᠢᠲᠡ ᠶᠢᠨ ᠠᠰᠠᠷᠠᠮᠵᠢ ᠶᠢ ᠠᠳᠠᠯᠢ ᠲᠡᠭᠰᠢ ᠪᠠᠶᠢᠯᠭᠠᠬᠤ᠂ ᠨᠡᠶᠢᠳᠡᠮ ᠠᠰᠢᠭ ᠬᠦᠷᠲᠡᠭᠡᠵᠦ ᠬᠠᠮᠲᠤᠪᠠᠷ ᠡᠳ᠋ᠯᠡᠬᠦ︔ ᠴᠢᠳᠠᠯ ᠤᠨ ᠢᠶᠠᠨ ᠬᠢᠷᠢ ᠪᠠᠷ ᠬᠢᠵᠦ᠂ ᠴᠢᠳᠠᠯ ᠤᠨ ᠢᠶᠠᠨ ᠬᠢᠷᠢ ᠪᠠᠷ ᠴᠢᠷᠮᠠᠶᠢᠬᠤ︾ ᠵᠠᠷᠴᠢᠮ ᠢ ᠪᠠᠷᠢᠮᠲᠠᠯᠠᠨ᠂ ᠨᠠᠷᠢᠨ ᠨᠢᠮᠪᠠᠢ ᠲᠥᠯᠥᠪᠯᠡᠵᠦ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠯᠰᠡᠨ ᠴᠤᠭᠯᠠᠭᠤᠯᠬᠤ ᠪᠠᠷ ᠳᠠᠮᠵᠢᠭᠤᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 3 ᠲᠥᠷᠥᠯ ᠵᠦᠢᠯ ᠢ ᠰᠢᠯᠢᠨ ᠰᠣᠩᠭᠤᠨ᠎ᠠ᠃ ᠬᠤᠶᠠᠷ᠂ ᠭᠤᠣᠯ ᠠᠭᠤᠯᠭ᠎ᠠ      ︽2024 ᠣᠨ ᠤ ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ︾ ᠨᠢ ᠭᠤᠣᠯᠳᠠᠭᠤ 3 ᠬᠡᠰᠡᠭ ᠢ ᠪᠠᠭᠲᠠᠭᠠᠨ᠎ᠠ᠃ ᠤᠳᠠ ᠲᠣᠭᠤᠷᠢᠭ ᠤᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠤᠳᠠ ᠲᠣᠭᠤᠷᠢᠭ ᠤᠨ ᠨᠠᠭᠤᠷ ᠳᠠᠭᠠᠤ ᠶᠢᠨ ᠡᠷᠡᠭᠦᠯ ᠡᠩᠬᠡ ᠶᠢᠨ ᠶᠠᠪᠠᠭᠠᠨ ᠵᠠᠮ ᠤᠨ ᠰᠣᠶᠣᠯ ᠤᠨ ᠦᠵᠡᠭᠦᠯᠦᠯᠭᠡ ᠶᠢᠨ ᠲᠥᠷᠥᠯ ᠵᠦᠢᠯ᠂ ᠦᠬᠠᠢ ᠬᠤᠲᠠ ᠶᠢᠨ ᠭᠠᠪᠠᠯᠠ ᠲᠠᠷᠢᠬᠢᠨ ᠤ ᠭᠠᠳᠠᠷ ᠰᠠᠯᠠᠭᠠᠨ ᠤ ᠲᠤᠰᠬᠠᠢ ᠡᠪᠡᠳᠴᠢᠨ ᠢ ᠣᠨᠣᠰᠢᠯᠠᠨ ᠡᠮᠨᠡᠬᠦ ᠲᠥᠪ ᠤᠨ ᠲᠥᠷᠥᠯ ᠵᠦᠢᠯ ᠤᠨ ᠠᠭᠤᠯᠭ᠎ᠠ᠂ ᠪᠡᠯᠡ ᠣᠷᠣᠭᠤᠯᠤᠯᠲᠠ ᠶᠢᠨ ᠲᠥᠯᠥᠪᠯᠡᠭᠡ᠂ ᠬᠡᠷᠡᠭᠵᠢᠭᠦᠯᠬᠦ ᠭᠠᠵᠠᠷ᠂ ᠪᠡᠶᠡᠯᠡᠭᠦᠯᠬᠦ ᠴᠠᠭ ᠤᠨ ᠬᠢᠵᠠᠭᠠᠷ᠂ ᠠᠬᠢᠴᠠ ᠶᠢᠨ ᠲᠣᠬᠢᠷᠠᠭᠤᠯᠤᠯᠲᠠ᠂ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠠᠨ ᠤ ᠲᠤᠬᠠᠢ ᠲᠣᠰ ᠲᠣᠰ ᠨᠠᠷᠢᠨ ᠲᠠᠨᠢᠯᠴᠠᠭᠤᠯᠪᠠ᠃      ︵ᠨᠢᠭᠡ︶ ᠤᠳᠠ ᠲᠣᠭᠤᠷᠢᠭ ᠤᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ      ᠠᠷᠠᠳ ᠠᠴᠠ ᠡᠷᠭᠢᠯᠡᠭᠰᠡᠨ 1 ᠬᠡᠦᠬᠡᠳ ᠤᠨ ᠴᠡᠴᠡᠷᠯᠢᠭ ᠢ ᠡᠭᠡᠭᠦᠯᠦᠨ ᠬᠤᠳᠠᠯᠳᠤᠨ ᠠᠪᠴᠤ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠲᠠᠰ ᠳᠠᠷᠠᠭᠠᠯᠠᠯ ᠳᠤ ᠣᠷᠣᠭᠤᠯᠬᠤ ᠶᠢᠨ ᠬᠠᠮᠲᠤ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠵᠤ᠂ ᠬᠡᠦᠬᠡᠳ ᠤᠨ ᠵᠢᠭᠠᠨ ᠰᠤᠷᠭᠠᠬᠤ ᠪᠠᠭᠠᠵᠢ ᠬᠡᠷᠡᠭᠰᠡᠯ᠂ ᠨᠠᠭᠠᠳᠤᠨ ᠰᠤᠷᠭᠠᠬᠤ ᠪᠠᠭᠠᠵᠢ ᠬᠡᠷᠡᠭᠰᠡᠯ ᠵᠡᠷᠭᠡ ᠶᠢ ᠨᠥᠬᠦᠪᠦᠷᠢᠯᠡᠵᠦ᠂ ᠬᠡᠦᠬᠡᠳ ᠤᠨ ᠪᠡᠶ᠎ᠡ ᠮᠠᠬᠠᠪᠤᠳ᠂ ᠣᠶᠤᠨ ᠤᠬᠠᠭᠠᠨ᠂ ᠶᠣᠰᠣ ᠮᠣᠷᠠᠯ᠂ ᠭᠤᠸ᠎ᠠ ᠰᠠᠶᠢᠬᠠᠨ ᠪᠥᠬᠦ ᠲᠠᠯ᠎ᠠ ᠶᠢᠨ ᠬᠥᠭᠵᠢᠯᠲᠡ ᠳᠤ ᠲᠣᠬᠢᠷᠠᠬᠤ ᠬᠡᠦᠬᠡᠳ ᠤᠨ ᠴᠡᠴᠡᠷᠯᠢᠭ ᠡᠷᠭᠢᠯᠡᠬᠦ ᠨᠥᠬᠦᠴᠡᠯ ᠪᠠ ᠬᠥᠮᠥᠨ ᠬᠥᠮᠥᠵᠢᠭᠦᠯᠬᠦ ᠣᠷᠴᠢᠨ ᠲᠣᠭᠤᠷᠢᠨ ᠢ ᠪᠣᠶ ᠪᠣᠯᠭᠠᠨ᠎ᠠ᠃ ᠰᠢᠨᠵᠢᠯᠡᠬᠦ ᠤᠬᠠᠭᠠᠨᠴᠢᠯᠠᠭᠰᠠᠨ᠂ ᠵᠢᠷᠤᠮᠵᠢᠭᠰᠠᠨ ᠬᠠᠮᠢᠶᠠᠷᠤᠯᠲᠠ ᠪᠠᠷ ᠳᠠᠮᠵᠢᠭᠤᠯᠤᠨ᠂ ᠬᠡᠦᠬᠡᠳ ᠤᠨ ᠴᠡᠴᠡᠷᠯᠢᠭ ᠲᠤ ᠣᠷᠣᠬᠤ ᠲᠠᠲᠠᠬᠤ ᠬᠦᠴᠦᠨ ᠢ ᠳᠡᠭᠡᠭᠰᠢᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠪᠠᠶᠢᠭ᠎ᠠ ᠬᠡᠦᠬᠡᠳ ᠤᠨ ᠴᠡᠴᠡᠷᠯᠢᠭ ᠤᠨ ᠡᠵᠡᠯᠡᠬᠦ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ 200 ᠲᠦᠮᠡᠨ ᠲᠥᠭᠦᠷᠢᠭ ᠪᠠᠶᠢᠵᠤ᠂ ᠳᠡᠭᠡᠳᠦ ᠱᠠᠲᠤᠨ ᠤ ᠪᠡᠯᠡ ᠮᠥᠩᠭᠦ ᠶᠢ ᠣᠯᠬᠤ ᠪᠠᠷ ᠲᠥᠯᠥᠪᠯᠡᠵᠦ ᠪᠣᠶ︔ ᠵᠢᠱᠢᠯᠲᠡ ᠪᠠᠷ 2024 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ︔ ᠬᠡᠷᠡᠭᠵᠢᠭᠦᠯᠬᠦ ᠭᠤᠣᠯ ᠴᠣᠭᠴᠠ ᠨᠢ ᠤᠳᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠣᠯᠣᠨ᠎ᠠ᠃      ︵ᠬᠤᠶᠠᠷ︶ ᠤᠳᠠ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ      ᠱᠧᠨ ᠬᠤᠸᠠ ᠶᠡᠭᠡ ᠵᠡᠭᠡᠯᠢ ᠬᠢᠭᠡᠳ ᠪᠢᠨ ᠬᠤ᠋ ᠵᠠᠮ ᠤᠨ ᠳ᠋ᠢᠩ ᠦᠰᠦᠭᠲᠦ ᠵᠠᠮ ᠤᠨ ᠠᠭᠤᠯᠵᠠᠷ ᠳᠠᠭᠠᠤ ᠬᠠᠲᠤᠨ ᠭᠤᠣᠯ ᠤᠨ ᠡᠷᠭᠢ ᠬᠠᠮᠠᠭᠠᠯᠠᠬᠤ ᠢᠨᠵᠧᠨᠧᠷᠢᠩ ᠳᠤ ᠲᠦᠰᠢᠭᠯᠡᠨ ᠬᠠᠲᠤᠨ ᠭᠤᠣᠯ ᠳᠠᠭᠠᠤ ᠶᠢᠨ ᠦᠵᠡᠮᠵᠢ ᠶᠢᠨ ᠵᠠᠮ ᠤᠨ ᠪᠦᠰᠡ ᠶᠢ ᠪᠠᠶᠢᠭᠤᠯᠵᠤ᠂ ᠵᠣᠬᠢᠬᠤ ᠠᠮᠠᠷᠠᠯᠲᠠ ᠶᠢᠨ ᠲᠣᠭᠤᠷᠢᠭ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠭᠰᠠᠷᠠᠬᠤ᠂ ᠣᠯᠠᠨ ᠨᠡᠶᠢᠲᠡ ᠶᠢᠨ ᠠᠷᠢᠭᠤᠨ ᠴᠡᠪᠡᠷ ᠤᠨ ᠥᠷᠥᠭᠡ ᠪᠠ ᠭᠡᠷᠡᠯᠲᠦᠭᠦᠯᠭᠡ ᠶᠢᠨ ᠲᠥᠬᠦᠭᠡᠷᠦᠮᠵᠢ ᠨᠡᠮᠡᠵᠦ ᠪᠠᠶᠢᠭᠤᠯᠬᠤ ᠵᠡᠷᠭᠡ ᠶᠢ ᠢᠵᠢ ᠪᠦᠷᠢᠳᠦᠭᠦᠯᠦᠨ᠂ ᠬᠠᠲᠤᠨ ᠭᠤᠣᠯ ᠤᠨ ᠡᠷᠭᠢ ᠳᠠᠭᠠᠤ ᠶᠢᠨ ᠰᠡᠯᠡᠭᠦᠴᠡᠯ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠲᠦᠮᠡᠨ ᠳᠤ ᠠᠮᠢ ᠠᠬᠤᠢ ᠶᠢᠨ ᠣᠯᠠᠨ ᠡᠰᠢᠵᠢᠭᠰᠡᠨ ᠬᠤᠲᠠ ᠶᠢᠨ ᠬᠥᠪᠡᠭᠡ ᠳᠠᠭᠠᠤ ᠶᠢᠨ ᠤᠰᠤᠨ ᠤ ᠠᠮᠢᠳᠤᠷᠠᠯ ᠢ ᠣᠶᠢᠯᠠᠭᠠᠭᠤᠯᠤᠨ᠎ᠠ︔ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ 100 ᠲᠦᠮᠡᠨ ᠲᠥᠭᠦᠷᠢᠭ ᠪᠠᠶᠢᠵᠤ᠂ ᠪᠦᠬᠦᠨ ᠢ ᠲᠤᠭᠤᠷᠢᠭ ᠤᠨ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠪᠣᠯᠭᠠᠨ᠎ᠠ︔ ᠵᠢᠱᠢᠯᠲᠡ ᠪᠠᠷ 2024 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ︔ ᠬᠡᠷᠡᠭᠵᠢᠭᠦᠯᠬᠦ ᠭᠤᠣᠯ ᠴᠣᠭᠴᠠ ᠨᠢ ᠤᠳᠠ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠣᠨ᠎ᠠ᠃      ︵ᠭᠤᠷᠪᠠ︶ ᠦᠬᠠᠢ ᠬᠤᠲᠠ ᠶᠢᠨ ᠭᠠᠪᠠᠯᠠ ᠲᠠᠷᠢᠬᠢᠨ ᠤ ᠭᠠᠳᠠᠷ ᠰᠠᠯᠠᠭᠠᠨ ᠤ ᠲᠤᠰᠬᠠᠢ ᠡᠪᠡᠳᠴᠢᠨ ᠢ ᠣᠨᠣᠰᠢᠯᠠᠨ ᠡᠮᠨᠡᠬᠦ ᠲᠥᠪ ᠤᠨ ᠲᠥᠷᠥᠯ ᠵᠦᠢᠯ      ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠪᠥᠬᠦ ᠬᠤᠲᠠ ᠶᠢᠨ ᠠᠩᠬᠠᠳᠠᠭᠴᠢ ᠭᠠᠪᠠᠯᠠ ᠲᠠᠷᠢᠬᠢ ᠶᠢᠨ ᠭᠠᠳᠠᠷ ᠰᠠᠯᠠᠭᠠᠨ ᠤ ᠲᠤᠰᠬᠠᠢ ᠡᠪᠡᠳᠴᠢᠨ ᠢ ᠣᠨᠣᠰᠢᠯᠠᠨ ᠡᠮᠨᠡᠬᠦ ᠲᠥᠪ ᠢ ᠪᠠᠶᠢᠭᠤᠯᠵᠤ᠂ ᠮᠡᠳᠡᠷᠡᠯ ᠤᠨ ᠭᠠᠳᠠᠷ ᠰᠠᠯᠠᠭᠠᠨ ᠤ ᠲᠤᠰᠬᠠᠢ ᠰᠠᠯᠠᠭᠠᠨ ᠤ ᠲᠠᠷᠢᠬᠢᠨ ᠴᠢᠰᠤᠨ ᠰᠤᠳᠠᠯ ᠤᠨ ᠳᠦᠷᠰᠦ ᠪᠦᠲᠦᠭᠡᠬᠦ ᠮᠠᠰᠢᠨ ︵DSA︶᠂ ᠭᠠᠪᠠᠯᠠ ᠶᠢᠨ ᠳᠣᠲᠣᠷ᠎ᠠ ᠳᠠᠷᠤᠯᠲᠠ ᠶᠢ ᠬᠢᠨᠠᠨ ᠬᠠᠮᠠᠭᠠᠯᠠᠬᠤ ᠪᠠᠭᠠᠵᠢ ᠶᠢᠨ ᠬᠤᠷᠣᠭᠳᠠᠯ ᠮᠠᠲ᠋ᠧᠷᠢᠶᠠᠯ ᠵᠡᠷᠭᠡ ᠲᠥᠬᠦᠭᠡᠷᠦᠮᠵᠢ ᠶᠢ ᠨᠡᠮᠡᠨ ᠬᠤᠳᠠᠯᠳᠤᠨ ᠠᠪᠴᠤ᠂ ᠴᠢᠰᠤ ᠳᠤᠲᠠᠬᠤ ᠴᠢᠨᠠᠷᠲᠠᠢ ᠲᠠᠷᠢᠬᠢᠨ ᠴᠢᠰᠤᠨ ᠰᠤᠳᠠᠯ ᠤᠨ ᠡᠪᠡᠳᠴᠢᠨ ᠵᠢᠴᠢ ᠯᠤᠭᠰᠢᠭᠤᠨ ᠰᠤᠳᠠᠯ ᠤᠨ ᠬᠠᠪᠤᠳᠠᠷ ᠢ ᠵᠠᠰᠠᠬᠤ ᠳᠤ ᠬᠡᠷᠡᠭᠯᠡᠨ᠎ᠡ᠃ ᠭᠤᠣᠯ ᠳᠤᠮᠳᠠ ᠮᠡᠳᠡᠷᠡᠯ ᠤᠨ ᠴᠠᠬᠢᠯᠭᠠᠨ ᠰᠡᠳᠡᠯᠲᠡ ᠶᠢᠨ ᠡᠮᠴᠢᠯᠡᠭᠡᠨ ᠤ ᠪᠠᠭᠠᠵᠢ᠂ ᠭᠠᠪᠠᠯᠠ ᠶᠢᠨ ᠰᠣᠷᠢᠨᠵᠢᠨ ᠵᠠᠰᠠᠯ ᠤᠨ ᠪᠠᠭᠠᠵᠢ ︵ᠰᠡᠷᠡᠬᠦ ᠶᠢ ᠠᠬᠢᠭᠤᠯᠬᠤ︶᠂ ᠵᠠᠯᠭᠢᠬᠤ ᠠᠵᠢᠯᠯᠠᠭ᠎ᠠ ᠶᠢᠨ ᠴᠠᠬᠢᠯᠭᠠᠨ ᠰᠡᠳᠡᠯᠲᠡ᠂ ᠲᠠᠷᠢᠬᠢᠨ ᠤ ᠴᠢᠰᠤᠨ ᠤᠷᠤᠰᠬᠠᠯ ᠤᠨ ᠵᠢᠷᠤᠭ ᠤᠨ ᠮᠠᠰᠢᠨ ᠵᠡᠷᠭᠡ ᠲᠥᠬᠦᠭᠡᠷᠦᠮᠵᠢ ᠶᠢ ᠬᠤᠳᠠᠯᠳᠤᠨ ᠠᠪᠴᠤ᠂ ᠡᠷᠡᠭᠦᠯᠵᠢᠭᠦᠯᠬᠦ ᠵᠠᠰᠠᠯᠭ᠎ᠠ ᠳᠤ ᠬᠡᠷᠡᠭᠯᠡᠨ᠎ᠡ᠃ ᠨᠢᠩᠰᠢᠶᠠ ᠶᠢᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠶᠡᠷᠦᠩᠬᠡᠢ ᠬᠦᠷᠢᠶᠡᠯᠡᠩ ᠤᠨ ᠮᠡᠳᠡᠷᠡᠯ ᠤᠨ ᠭᠠᠳᠠᠷ ᠰᠠᠯᠠᠭ᠎ᠠ  ᠯᠤᠭ᠎ᠠ ᠶᠢᠨ ᠬᠠᠮᠲᠤᠷᠠᠯᠴᠠᠬᠤ ᠬᠠᠷᠢᠴᠠᠭ᠎ᠠ ᠶᠢ ᠭᠦᠢᠴᠡᠳ ᠪᠠᠳᠠᠷᠠᠭᠤᠯᠵᠤ᠂ ᠭᠠᠵᠠᠷ ᠣᠷᠣᠨ ᠤ ᠦᠨᠳᠦᠰᠦᠨ ᠱᠠᠲᠤᠨ ᠤ ᠡᠮᠴᠢᠯᠡᠭᠡᠨ ᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ︔ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ 523 ᠲᠦᠮᠡᠨ ᠲᠥᠭᠦᠷᠢᠭ ᠪᠠᠶᠢᠵᠤ᠂ ᠳᠡᠭᠡᠳᠦ ᠱᠠᠲᠤᠨ ᠤ ᠪᠡᠯᠡ ᠮᠥᠩᠭᠦ ᠶᠢ ᠣᠯᠬᠤ ᠪᠠᠷ ᠲᠥᠯᠥᠪᠯᠡᠵᠦ ᠪᠣᠶ︔ ᠵᠢᠱᠢᠯᠲᠡ ᠪᠠᠷ 2024 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ︔ ᠬᠡᠷᠡᠭᠵᠢᠭᠦᠯᠬᠦ ᠭᠤᠣᠯ ᠴᠣᠭᠴᠠ ᠨᠢ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠣᠨ᠎ᠠ᠃
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号