ᠶᠠᠨ ᠸᠧᠨ ᠯᠦᠩ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/5/10
     5 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠵᠤᠤ ᠬᠠᠢ ᠪᠥᠸᠧ᠂ ᠰᠢᠤᠢ ᠢ ᠱᠤ᠋ ᠣᠷᠣᠯᠴᠠᠪᠠ᠃
     ᠤᠳᠠ ᠲᠣᠭᠤᠷᠢᠭ ᠤᠨ ᠾᠷᠢᠰᠲ᠋ᠣᠰ ᠤᠨ ᠱᠠᠰᠢᠨ ᠤ ᠶᠣᠰᠣᠯᠠᠯ ᠤᠨ ᠲᠢᠩᠬᠢᠮ ᠳᠤ᠂ ᠶᠠᠨ ᠸᠧᠨ ᠯᠦᠩ ᠶᠣᠰᠣᠯᠠᠯ ᠤᠨ ᠲᠢᠩᠬᠢᠮ ᠤᠨ ᠦᠨᠳᠦᠰᠦᠨ ᠪᠠᠶᠢᠳᠠᠯ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠠᠮ ᠤᠨ ᠱᠠᠰᠢᠨ ᠰᠤᠷᠲᠠᠬᠤᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠱᠠᠰᠢᠨ ᠰᠤᠷᠲᠠᠬᠤᠨ ᠤ ᠬᠡᠪ ᠰᠤᠷᠲᠠᠯ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠳᠡᠭᠡᠳᠦ ᠬᠡᠮᠵᠢᠶ᠎ᠡ ᠪᠠᠷ ᠨᠡᠶᠢᠴᠡᠵᠦ᠂ ᠱᠠᠰᠢᠨ ᠰᠤᠷᠲᠠᠬᠤᠨ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠬᠡᠷᠡᠭᠲᠡᠢ᠃      ᠤᠳᠠ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ᠂ ᠸᠧᠢ ᠪᠠᠩ ᠴᠡᠴᠡᠷᠯᠢᠭ ᠪᠣᠯᠤᠨ ᠹᠦ᠋ ᠰᠢᠩ ᠨᠡᠶᠢᠭᠡᠮ ᠲᠣᠭᠤᠷᠢᠭ ᠲᠤ᠂ ᠶᠠᠨ ᠸᠧᠨ ᠯᠦᠩ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠪᠠ ᠦᠢᠯᠡᠳᠦᠯᠭᠡ ᠶᠢᠨ ᠰᠠᠭᠤᠷᠢᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠪᠠᠭ᠎ᠠ ᠬᠡᠷᠴᠢᠮᠡᠯ ᠢᠶᠠᠷ ᠶᠡᠭᠡ ᠶᠣᠰᠣ ᠶᠢ ᠶᠠᠷᠢᠵᠤ᠂ ︽ᠠᠷᠠᠳ ᠣᠯᠠᠨ ᠤ ᠬᠠᠮᠤᠭ ᠠᠴᠠ ᠬᠡᠷᠡᠭᠰᠡᠬᠦ ᠦᠶ᠎ᠡ ᠳᠤ ᠬᠡᠵᠢᠶᠡᠳᠡ ᠡᠮᠦᠨ᠎ᠡ ᠨᠢ ᠭᠠᠪᠰᠢᠭᠠᠶᠢᠯᠠᠬᠤ︾ ᠥᠯᠢᠭᠡᠷ ᠢ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ᠂ ᠬᠠᠷᠢᠯᠴᠠᠨ ᠬᠠᠪᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠳᠡᠯᠭᠡᠷ ᠤᠬᠠᠭᠤᠯᠭ᠎ᠠ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠳᠣ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠴᠢᠷᠮᠠᠶᠢᠨ ᠡᠭᠦᠳᠬᠦ ᠬᠡᠷᠡᠭᠲᠡᠶ᠃ ᠨᠡᠶᠢᠭᠡᠮ ᠲᠣᠭᠤᠷᠢᠭ ᠤᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠶᠢ ᠡᠯ᠎ᠡ ᠵᠦᠢᠯ ᠤᠨ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ︽ᠰᠠᠭᠤᠬᠤ ᠬᠦᠯᠢᠶᠡᠬᠦ ᠦᠢᠯᠡᠴᠢᠯᠡᠭᠡ︾ ᠶᠢ ︽ᠬᠡᠷ ᠲᠤᠨᠢ ᠬᠦᠷᠴᠦ ᠦᠢᠯᠡᠴᠢᠯᠡᠬᠦ︾ ᠪᠣᠯᠭᠠᠨ ᠬᠤᠪᠢᠷᠠᠭᠤᠯᠵᠤ᠂ ᠬᠡᠷᠡᠭᠴᠡᠭᠡ ᠲᠠᠢ ᠪᠣᠯ ᠵᠠᠪᠠᠯ ᠭᠦᠢᠴᠡᠳᠭᠡᠬᠦ᠂ ᠤᠴᠢᠷ ᠦᠭᠡᠢ ᠪᠣᠯ ᠬᠠᠷᠰᠢᠯᠠᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠤᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠵᠠᠢ ᠶᠢᠨ ︽ᠬᠥᠮᠦᠨ ᠤ ᠬᠦᠴᠦ ᠳᠤᠲᠠᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠬᠢ ᠪᠠᠶᠠᠯᠢᠭ ᠢ ᠨᠡᠶᠢᠳᠬᠡᠬᠦ᠂ ᠠᠬᠤᠢ ᠪᠠᠶᠢᠳᠠᠯ ᠢ ᠪᠤᠢ ᠪᠣᠯᠭᠠᠬᠤ᠂ ᠲᠠᠪᠴᠠᠩ ᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠡᠯᠪᠡᠷᠢ ᠤᠯᠠᠨ ᠶᠠᠩᠵᠤ ᠶᠢᠨ ᠨᠡᠶᠢᠭᠡᠮ ᠲᠣᠭᠤᠷᠢᠭ ᠤᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ᠃ ᠤᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠦᠢᠯᠡᠴᠢᠯᠡᠭᠡ᠂ ᠥᠪᠡᠷ ᠤᠨ ᠦᠢᠯᠡᠴᠢᠯᠡᠭᠡᠨ ᠤ ᠬᠠᠮᠵᠢᠯᠴᠠᠨ ᠬᠥᠭᠵᠢᠬᠦ ᠶᠢ ᠠᠬᠢᠭᠤᠯᠵᠤ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠪᠣᠯᠤᠨ ᠨᠡᠩ ᠤᠯᠠᠨ ᠤᠯᠠᠨ ᠲᠦᠮᠡᠨ ᠤ ᠨᠡᠶᠢᠭᠡᠮ ᠤᠨ ᠵᠠᠰᠠᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠢ ᠭᠡᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号