ᠯᠢᠦ ᠬᠤ᠋ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠯ ᠤᠨ ᠲᠥᠷᠥᠯ ᠵᠦᠢᠯ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/11
     5 ᠰᠠᠷ᠎ᠠ ᠶᠢᠨ 9 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠲᠣᠭᠤᠷᠢᠭ ᠤᠨ ᠤᠳᠤᠷᠢᠳᠤᠯᠭ᠎ᠠ ᠯᠢᠦ ᠮᠧᠩ ᠬᠠᠮᠲᠤ ᠪᠠᠶᠢᠴᠠᠭᠠᠨ ᠰᠤᠳᠤᠯᠤᠯᠲᠠ ᠬᠢᠪᠠ᠃
     ᠯᠢᠦ ᠬᠤ᠋ ᠨᠠᠷ ᠲᠤᠰ ᠲᠤᠰ ᠠᠮᠢ ᠠᠬᠤᠢ ᠶᠢ ᠲᠣᠭᠤᠷᠢᠨ ᠦᠵᠡᠵᠦ ᠵᠢᠭᠠᠰᠤ ᠭᠥᠬᠢᠳᠡᠬᠦ ᠲᠥᠪ᠂ ᠮᠤᠤ ᠬᠠᠢ ᠱᠠᠨ ᠠᠭᠤᠯᠠᠨ ᠤ ᠣᠷᠴᠢᠨ᠂ ᠬᠡᠦᠬᠡᠳ ᠤᠨ ᠴᠡᠩᠭᠡᠯ ᠤᠨ ᠬᠦᠷᠢᠶᠡᠯᠡᠩ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠯ ᠤᠨ ᠲᠦᠷᠦᠯ ᠵᠦᠢᠯ ᠤᠨ ᠬᠥᠭᠵᠢᠯᠲᠡ ᠶᠢᠨ ᠰᠡᠳᠬᠢᠴᠡ ᠶᠢ ᠭᠦᠨᠵᠡᠭᠡᠢ ᠶᠠᠷᠢᠯᠴᠠᠵᠤ᠂ ᠬᠥᠭᠵᠢᠯᠲᠡ ᠶᠢᠨ ᠢᠷᠡᠭᠡᠳᠦᠢ ᠶᠢ ᠬᠠᠮᠲᠤᠪᠠᠷ ᠰᠦᠪᠡᠭᠴᠢᠯᠡᠪᠡ᠃ ᠲᠡᠷᠡ ᠬᠡᠯᠡᠭᠰᠡᠨ ᠨᠢ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠨᠠᠷᠢᠨ ᠨᠢᠮᠪᠠᠶ ᠲᠥᠯᠥᠪᠯᠡᠨ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢ ᠰᠡᠯᠡᠭᠦᠴᠡᠯ ᠵᠤᠭᠠᠴᠠᠯ᠂ ᠤᠨᠴᠠᠯᠢᠬᠳᠤ ᠵᠢᠮᠢᠰ ᠲᠡᠭᠦᠬᠦ᠂ ᠬᠡᠭᠡᠷ᠎ᠡ ᠶᠢᠨ ᠤᠷᠤᠯᠳᠤᠭᠠᠨ ᠵᠡᠷᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠬᠡᠷᠡᠭᠯᠡᠭᠡᠨ ᠤ ᠭᠤᠤᠯ ᠴᠣᠭᠴᠠ ᠶᠢᠨ ᠬᠠᠮᠲᠤᠯᠢᠭ ᠤᠨ ᠬᠡᠷᠡᠭᠴᠡᠭᠡ ᠱᠠᠭᠠᠷᠳᠠᠯᠭ᠎ᠠ ᠪᠠ ᠳᠤᠷ᠎ᠠ ᠪᠠᠬ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ᠂ ᠰᠡᠯᠡᠭᠦᠴᠡᠯ ᠤᠨ ᠲᠠᠷᠢᠶᠠᠴᠢᠨ ᠡᠷᠦᠬᠡ᠂ ᠬᠥᠳᠡᠯᠭᠡᠭᠡᠨ ᠡᠷᠡᠭᠦᠯ ᠮᠡᠨᠳᠦ᠂ ᠣᠲᠣ ᠦᠶ᠎ᠡ ᠶᠢᠨ ᠲᠠᠷᠢᠶᠠᠯᠠᠩ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠴᠢᠨᠠᠷ ᠰᠠᠶᠢᠲᠠᠶ ᠵᠢᠭᠤᠯᠴᠢᠯᠠᠯ ᠤᠨ ᠣᠷᠣᠨ ᠵᠠᠶ ᠶᠢ ᠪᠣᠶ ᠪᠣᠯᠭᠠᠵᠤ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠨ ᠤ ᠲᠤᠭᠤᠷᠢᠭ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠠᠲᠠᠬᠤ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠠᠢ᠃       ᠤᠯᠠᠭᠠᠨᠨᠠᠭᠤᠷ ᠪᠠᠯᠭᠠᠰᠤᠨ ᠳᠤ᠂ ᠯᠢᠦ ᠬᠤ᠋ ᠬᠡᠯᠡᠭᠰᠡᠨ ᠨᠢ᠂ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠤᠷ᠎ᠠ ᠪᠠᠷ ᠢᠶᠠᠨ ᠪᠠᠶᠢᠭᠤᠯᠵᠤ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠤᠯᠠᠭᠠᠨᠨᠠᠭᠤᠷ ᠪᠠᠯᠭᠠᠰᠤᠨ ᠤ ᠣᠲᠣ ᠶᠢᠨ ᠪᠠᠶᠢᠭ᠎ᠠ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠡᠬᠢ ᠪᠠᠶᠠᠯᠢᠭ ᠤᠨ ᠰᠠᠭᠤᠷᠢ ᠳᠤ ᠰᠠᠭᠤᠷᠢᠯᠠᠨ᠂ ᠦᠵᠦ ᠲᠥᠯᠥᠪᠯᠡᠭᠡ ᠪᠠᠨ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠤᠨᠴᠠᠯᠢᠬᠳᠤ ᠠᠵᠤ ᠠᠬᠤᠶ᠂ ᠬᠦᠷᠢᠶ᠎ᠡ ᠬᠠᠰᠢᠶ᠎ᠠ ᠶᠢᠨ ᠠᠵᠤ ᠠᠬᠤᠶ᠂ ᠲᠠᠷᠢᠶᠠᠯᠠᠩ ᠵᠢᠭᠤᠯᠴᠢᠯᠠᠯ ᠤᠨ ᠠᠵᠤ ᠠᠬᠤᠶ ᠵᠡᠷᠭᠡ ᠣᠷᠣᠯᠭ᠎ᠠ ᠶᠢ ᠨᠡᠮᠡᠭᠳᠡᠭᠦᠯᠬᠦ ᠵᠠᠭᠪᠤᠷ ᠢ ᠦᠷᠭᠦᠯᠵᠢᠯᠡᠨ ᠬᠥᠭᠵᠢᠭᠦᠯᠵᠦ᠂ ᠲᠣᠰᠬᠤᠨ ᠤ ᠠᠷᠠᠳ ᠢ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠬᠡᠰᠡᠭ ᠣᠷᠣᠨ ᠤ ᠪᠥᠲᠥᠭᠡᠨ ᠪᠠᠶᠢᠭᠤᠯᠤᠭᠴᠢ᠂ ᠣᠷᠣᠯᠴᠠᠭᠴᠢ ᠪᠠ ᠠᠰᠢᠭ ᠬᠦᠷᠲᠡᠭᠴᠢ ᠪᠣᠯᠭᠠᠬᠤ ᠬᠡᠷᠡᠭᠲᠡᠶ ᠬᠡᠵᠠᠢ᠃ ᠳᠠᠷᠠᠭ᠎ᠠ ᠨᠢ᠂ ᠯᠢᠦ ᠬᠤ᠋ ᠹᠦ᠋ ᠮᠢᠨ ᠨᠡᠶᠢᠭᠡᠮ ᠲᠣᠭᠤᠷᠢᠭ ᠲᠤ ᠬᠦᠷᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠥᠭᠡᠷᠡᠴᠢᠯᠡᠬᠦ ᠠᠭᠤᠯᠭ᠎ᠠ ᠪᠣᠯᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠪᠣᠳᠠᠲᠠᠢ ᠨᠠᠷᠢᠯᠢᠭ ᠬᠢᠵᠦ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠤᠨ ᠬᠦᠷᠦᠩᠭᠡ᠂ ᠤᠯᠠᠨ ᠲᠦᠮᠡᠨ ᠢ ᠵᠣᠷᠢᠭᠵᠢᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠡᠷᠡᠭᠯᠡᠵᠦ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠲᠠᠷᠢᠶᠠᠨ ᠭᠠᠵᠠᠷ ᠤᠨ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠦ᠂ ᠲᠥᠪᠯᠡᠷᠡᠭᠦᠯᠦᠨ ᠵᠠᠯᠭᠠᠯᠳᠤᠭᠰᠠᠨ᠂ ᠥᠨᠳᠥᠷ ᠲᠣᠭᠲᠠᠭᠤᠨ ᠬᠤᠷᠢᠶᠠᠯᠲᠠ ᠲᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号