ᠤᠳᠠ ᠲᠣᠭᠤᠷᠢᠭ ᠵᠠᠯᠠᠭᠤ ᠺᠠᠲᠷ ᠤᠨ ᠠᠯᠪᠠᠨ ᠪᠢᠴᠢᠭ ᠵᠣᠬᠢᠶᠠᠨ ᠪᠢᠴᠢᠬᠦ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/5/16
     ᠰᠢᠯᠢᠳᠡᠭ ᠵᠠᠯᠠᠭᠤ ᠺᠠᠲᠷ ᠢ ᠬᠥᠮᠦᠵᠢᠭᠦᠯᠵᠦ ᠰᠢᠯᠢᠨ ᠳᠡᠪᠰᠢᠭᠦᠯᠬᠦ ᠪᠠᠶᠢᠩᠭᠤ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠵᠠᠯᠠᠭᠤ ᠺᠠᠲᠷ ᠢ ᠬᠥᠮᠦᠵᠢᠭᠦᠯᠦᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠵᠦ᠂ ᠪᠣᠳᠣᠯᠬᠢᠯᠠᠨ᠂ ᠦᠢᠯᠡᠳᠦᠯᠭᠡᠵᠢᠭᠦᠯᠬᠦ ᠳᠡᠭᠡᠨ ᠴᠢᠳᠠᠮᠠᠭᠠᠶ ᠪᠠᠶᠢᠬᠤ ᠴᠢᠳᠠᠪᠤᠷᠢ ᠶᠢ ᠳᠡᠭᠡᠭᠰᠢᠯᠡᠭᠦᠯᠵᠦ᠂ ᠡᠬᠡ ᠪᠢᠴᠢᠭ ᠤᠨ ᠵᠣᠬᠢᠶᠠᠨ ᠪᠢᠴᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 14 ᠤ ᠡᠳᠦᠷ᠂ ᠤᠳᠠ ᠲᠣᠭᠤᠷᠢᠭ ᠵᠠᠯᠠᠭᠤ ᠺᠠᠲᠷ ᠤᠨ ᠠᠯᠪᠠᠨ ᠪᠢᠴᠢᠭ ᠤᠨ ᠵᠣᠬᠢᠶᠠᠨ ᠪᠢᠴᠢᠬᠦ ᠤᠷᠤᠯᠳᠤᠭᠠᠨ ᠡᠷᠬᠢᠯᠡᠵᠦ᠂ 70 ᠭᠠᠷᠤᠶ ᠵᠠᠯᠠᠭᠤ ᠺᠠᠲᠷ ᠣᠷᠣᠯᠴᠠᠪᠠ᠃
     ᠵᠣᠬᠢᠶᠠᠨ ᠪᠢᠴᠢᠬᠦ ᠤᠷᠤᠯᠳᠤᠭᠠᠨ ᠢ ︽ᠪᠦᠬᠦᠨ ᠢ ᠪᠢᠲᠡᠭᠦᠮᠵᠢᠯᠡᠵᠦ᠂ ᠬᠠᠭᠠᠰ ᠰᠡᠳᠦᠪ ᠢ ᠨᠢ ᠨᠡᠭᠡᠭᠡᠬᠦ︾ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠵᠠᠯᠠᠭᠤ ᠺᠠᠲᠷ ᠡᠮᠦᠨᠡᠬᠢ ᠬᠤᠭᠤᠴᠠᠭᠠᠨ ᠤ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠢ ᠦᠨᠳᠦᠰᠦᠯᠡᠨ᠂ ᠯᠠᠪᠯᠠᠯᠲᠠ ᠶᠢᠨ ᠮᠠᠲ᠋ᠧᠷᠢᠶᠠᠯ ᠲᠠᠢ ᠤᠶᠠᠯᠳᠤᠭᠤᠯᠵᠤ᠂ ᠭᠠᠵᠠᠷ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ᠂ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠷᠪᠠᠨ ᠪᠠᠶᠢᠴᠠᠭᠠᠨ ᠰᠤᠳᠤᠯᠬᠤ ᠴᠢᠭᠯᠡᠯ ᠠᠴᠠ ᠭᠠᠷᠳᠠᠵᠤ᠂ ᠪᠡᠶ᠎ᠡ ᠪᠠᠨ ᠳᠠᠭᠠᠭᠠᠭᠰᠠᠨ ᠰᠡᠳᠦᠪ ᠭᠠᠷᠭᠠᠵᠤ᠂ ᠲᠤᠬᠠᠶ ᠶᠢᠨ ᠲᠠᠯᠠᠪᠤᠷ ᠲᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠢᠴᠢᠵᠦ᠂ ᠪᠣᠳᠣᠯ ᠰᠠᠨᠠᠭ᠎ᠠ ᠪᠠᠨ ᠬᠤᠪᠢᠶᠠᠯᠴᠠᠪᠠ᠃      ᠲᠣᠰ ᠤᠳᠠᠭᠠᠨ ᠤ ᠠᠵᠢᠯᠯᠠᠭ᠎ᠠ ᠨᠢ ᠭᠤᠤᠯᠳᠠᠭᠤ ᠵᠠᠯᠠᠭᠤ ᠺᠠᠳ᠋ᠷᠴᠤᠳ ᠤᠨ ᠪᠦᠲᠦᠮᠵᠢᠲᠡᠶ ᠮᠡᠳᠡᠭᠡ ᠵᠠᠩᠭᠢ ᠴᠤᠭᠯᠠᠭᠤᠯᠬᠤ᠂ ᠰᠢᠯᠢᠨ ᠰᠣᠩᠭᠤᠬᠤ᠂ ᠡᠮᠬᠢᠯᠡᠨ ᠨᠡᠶᠢᠯᠡᠭᠦᠯᠬᠦ ᠪᠠ ᠬᠡᠷᠡᠭᠯᠡᠬᠦ ᠴᠢᠳᠠᠪᠤᠷᠢ ᠶᠢ ᠰᠢᠨᠵᠢᠯᠡᠨ ᠪᠠᠶᠢᠴᠠᠭᠠᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠦᠷ᠎ᠡ ᠪᠦᠲᠦᠭᠡᠯ ᠢ ᠰᠢᠯᠭᠠᠨ ᠪᠠᠶᠢᠴᠠᠭᠠᠵᠤ᠂ ᠵᠠᠯᠠᠭᠤ ᠺᠠᠲᠷ ᠤᠨ ᠬᠠᠷᠠᠭ᠎ᠠ ᠶᠢ ᠥᠷᠭᠡᠳᠬᠡᠨ᠂ ᠵᠠᠯᠠᠭᠤ ᠺᠠᠲᠷ ᠤᠨ ᠭᠠᠵᠠᠷ ᠣᠷᠣᠨ ᠤ ᠭᠤᠤᠯ ᠠᠵᠢᠯ᠂ ᠭᠤᠤᠯᠳᠠᠯᠭ᠎ᠠ ᠲᠠᠢ ᠠᠵᠢᠯ ᠤᠨ ᠲᠤᠬᠠᠶ ᠣᠶᠢᠯᠠᠭᠠᠯᠲᠠ ᠲᠠᠨᠢᠯᠲᠠ ᠶᠢ ᠨᠡᠮᠡᠭᠳᠡᠭᠦᠯᠵᠦ᠂ ᠵᠠᠯᠠᠭᠤ ᠺᠠᠲᠷ ᠤᠨ ᠰᠡᠳᠬᠢᠮᠵᠢ ᠰᠦᠪᠡᠭᠴᠢᠯᠡᠬᠦ᠂ ᠠᠷᠭᠠᠴᠠᠬᠤ ᠪᠣᠳᠣᠯᠭ᠎ᠠ ᠪᠤᠳᠤᠬᠤ᠂ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠬᠥᠭᠵᠢᠭᠡᠨ᠂ ᠵᠠᠯᠠᠭᠤ ᠺᠠᠲᠷ ᠤᠨ ᠦᠰᠦᠨ ᠪᠤᠶᠢᠵᠢᠵᠤ ᠬᠥᠭᠵᠢᠬᠦ ︽ᠲᠥᠯᠥᠪᠵᠢᠭᠦᠯᠭᠡ ᠶᠢᠨ ᠵᠢᠷᠤᠭ︾ ᠢ ᠰᠠᠶᠢᠲᠤᠷ ᠵᠢᠷᠤᠭᠯᠠᠪᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号