5 ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠦᠭᠰᠡᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠤᠬᠴᠠᠵᠢᠭᠤᠯᠤᠨ ᠠᠬᠢᠭᠤᠯᠤᠭᠰᠠᠨ | ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠭᠦᠸᠧ ᠱᠢ ᠯᠦᠩ᠂ ᠰᠢᠤᠢ ᠢ ᠱᠦ | ᠬᠠᠮᠲᠤ ᠪᠠᠶᠢᠴᠠᠭᠠᠪᠠ᠃ | | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ᠂ ᠶᠠᠨ ᠸᠧᠨ ᠯᠦᠩ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠯᠠᠪᠯᠠᠨ ᠠᠰᠠᠭᠤᠪᠠ᠃ | ᠲᠡᠷᠡ ᠬᠡᠯᠡᠭᠰᠡᠨ ᠨᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠵᠠᠬ᠎ᠠ | ᠳᠡᠯᠭᠡᠭᠦᠷ ᠤᠨ ᠭᠤᠤᠯ ᠴᠣᠭᠴᠠ ᠪᠣᠯᠤᠨ ᠣᠯᠠᠨ ᠲᠦᠮᠡᠨ ᠳᠤ ᠦᠢᠯᠡᠴᠢᠯᠡᠬᠦ ᠴᠤᠩᠬᠤᠪᠴᠢ ᠨᠢᠭᠡᠴᠡ ᠮᠥᠨ᠂ | ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠬᠦ ᠶᠢ ᠴᠢᠬᠤᠯᠠ | ᠠᠷᠭ᠎ᠠ ᠬᠡᠮᠵᠢᠶ᠎ᠡ ᠪᠣᠯᠭᠠᠵᠤ᠂ ᠡᠯ᠎ᠡ ᠵᠦᠢᠯ ᠤᠨ ᠠᠵᠢᠯ ᠢ ᠳᠠᠬᠢᠨ ᠬᠢᠨᠠᠨ ᠦᠵᠡᠵᠦ ᠡᠮᠬᠢᠯᠡᠨ ᠤᠶᠢᠯᠠᠭᠠᠨ ᠵᠢᠭᠰᠠᠭᠠᠵᠤ᠂ | ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠥᠭᠦᠮᠴᠢᠯᠡᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ | ᠵᠠᠰᠠᠬᠤ ᠶᠢ ᠬᠦᠴᠦᠲᠡᠶ ᠳᠥᠯᠭᠢᠨ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠬᠤ᠂ ᠳᠠᠭᠠᠳᠬᠠᠯ ᠢ | ᠳᠠᠭᠠᠭᠠᠴᠢᠯᠠᠬᠤ ᠠᠵᠢᠯ ᠢ ᠪᠣᠳᠠᠲᠠᠶᠢᠵᠢᠭᠤᠯᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠡᠵᠡᠩᠨᠡᠯᠲᠡ ᠶᠢᠨ ᠭᠤᠤᠯ ᠴᠣᠭᠴᠠ ᠳᠤ ᠨᠠᠩ ᠰᠠᠶᠢᠨ ᠦᠢᠯᠡᠴᠢᠯᠡᠵᠦ᠂ | ᠣᠯᠠᠨ ᠲᠦᠮᠡᠨ ᠤ ᠲᠥᠯᠥᠭᠡ ᠨᠠᠩ ᠰᠠᠶᠢᠨ ᠠᠵᠢᠯᠯᠠᠬᠤ ᠬᠡᠷᠡᠭᠲᠡᠶ ᠭᠡᠵᠡᠶ᠃ | ᠯᠢᠶᠠᠩ ᠵᠢᠶᠠ ᠭᠸᠦ ᠵᠡᠭᠡᠯᠢ ᠭᠤᠳᠤᠮᠵᠢ ᠶᠢᠨ ᠮᠢᠨᠳᠠ ᠨᠡᠶᠢᠭᠡᠮ ᠲᠣᠭᠤᠷᠢᠭ᠂ ᠰᠢᠨᠳᠠ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠤᠯᠠᠭᠠᠨᠨᠠᠭᠤᠷ ᠪᠠᠯᠭᠠᠰᠤ ᠶᠢᠨ ᠹᠦ᠋ ᠮᠢᠨ ᠨᠡᠶᠢᠭᠡᠮ ᠲᠣᠭᠤᠷᠢᠭ ᠲᠤ᠂ ᠶᠠᠨ ᠸᠧᠨ ᠯᠦᠩ | ᠭᠤᠷᠪᠠᠨ ᠵᠦᠢᠯ ᠤᠨ ᠠᠵᠢᠯ ᠢ ᠨᠢᠭᠡ ᠴᠤᠬᠴᠠᠵᠢᠭᠤᠯᠤᠨ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠵᠡᠭᠡᠯᠢ | ᠭᠤᠳᠤᠮᠵᠢ ᠶᠢᠨ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠲᠤᠭ᠎ᠠ | ᠪᠦᠷᠢᠳᠬᠡᠯ ᠤᠨ ᠮᠡᠳᠡᠭᠦᠯᠬᠦ ᠬᠦᠰᠦᠨᠦᠭᠲᠦ᠂ ᠤᠯᠠᠨ ᠲᠦᠮᠡᠨ ᠳᠤ ᠦᠢᠯᠡᠴᠢᠯᠡᠬᠦ ᠪᠠ ᠨᠡᠶᠢᠭᠡᠮ ᠲᠣᠭᠤᠷᠢᠭ ᠤᠨ | ᠥᠪᠡᠷᠲᠡᠭᠡᠨ ᠵᠠᠰᠠᠬᠤ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ ᠭᠤᠷᠪᠠᠨ ᠵᠦᠢᠯ ᠤᠨ ᠠᠵᠢᠯ | ᠪᠣᠯ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠥᠨ᠂ | ᠪᠢᠳᠡᠨ ᠤ ᠡᠷᠬᠡᠪᠰᠢ ᠰᠠᠶᠢᠲᠤᠷ ᠠᠳᠬᠤᠬᠤ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠭᠤᠷᠪᠠᠨ ᠵᠦᠢᠯ ᠤᠨ | ᠠᠵᠢᠯ ᠤᠨ ᠳᠣᠲᠣᠭᠠᠳᠤ ᠬᠤᠯᠪᠣᠯᠳᠤᠯ᠂ ᠬᠠᠷᠢᠯᠴᠠᠨ ᠨᠥᠯᠥᠭᠡᠯᠡᠯᠴᠡᠬᠦ ᠶᠢ ᠴᠢᠩᠭᠠᠳᠬᠠᠵᠤ᠂ ᠨᠢᠭᠡ ᠴᠤᠭᠴᠠᠵᠢᠭᠤᠯᠤᠨ | ᠠᠬᠢᠭᠤᠯᠬᠤ ᠶᠢ ᠴᠢᠩᠭᠠᠳᠬᠠᠵᠤ᠂ 1 1. 3 ᠣᠯᠤᠭᠰᠠᠨ ᠯᠠᠪᠳᠠᠭᠤᠨ ᠪᠠᠲᠤᠲᠠᠢ ᠦᠷ᠎ᠡ ᠪᠦᠲᠦᠮᠵᠢ ᠶᠢ ᠪᠠᠲᠤᠯᠠᠬᠤ | ᠬᠡᠷᠡᠭᠲᠡᠢ᠃ ᠬᠡᠲᠦ ᠣᠷᠣ ᠮᠥᠷ ᠦᠯᠡᠳᠡᠭᠡᠬᠦ᠂ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ᠂ ᠳᠤᠷ᠎ᠠ ᠪᠠᠷ ᠢᠶᠠᠨ ᠲᠡᠰᠬᠡᠨ | ᠲᠠᠲᠠᠪᠤᠷᠢᠯᠠᠬᠤ ᠵᠡᠷᠭᠡ ᠲᠣᠪᠤᠶᠢᠮ᠎ᠠ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠲᠣᠮᠣ ᠳ᠋ᠠᠶᠢᠲ᠋ᠠ ᠶᠢᠨ ᠴᠢᠳᠠᠪᠤᠷᠢ | ᠣᠯᠭᠤᠬᠤ ᠶᠢ ᠴᠢᠩᠭᠠᠳᠬᠠᠵᠤ᠂ ︽ᠡᠰᠡᠷᠭᠦ ᠴᠢᠭᠯᠡᠯ ᠢᠶᠠᠷ ᠭᠦᠢᠴᠡᠳᠬᠡᠬᠦ︾᠂ ︽ᠤᠷᠢᠳᠴᠢᠯᠠᠨ ᠪᠣᠯᠵᠣᠵᠤ ᠭᠦᠢᠴᠡᠳᠬᠡᠬᠦ︾᠂ | ︽ᠲᠤᠬᠠᠶ ᠶᠢᠨ ᠲᠠᠯᠠᠪᠤᠷ ᠲᠤ ᠭᠦᠢᠴᠡᠳᠬᠡᠬᠦ︾ ᠶᠢ ᠶᠡᠬᠡᠪᠡᠷ ᠬᠡᠷᠡᠭᠵᠢᠭᠦᠯᠵᠦ᠂ ︽ᠨᠢᠭᠡ ᠯᠡ ᠤᠳᠠᠭ᠎ᠠ ᠳᠤ ᠭᠦᠢᠴᠡᠳᠬᠡᠬᠦ᠂ | ᠣᠯᠠᠨ ᠵᠦᠢᠯ ᠤᠨ ᠶᠠᠪᠤᠳᠠᠯ ᠢ ᠭᠦᠢᠴᠡᠳᠬᠡᠬᠦ︾ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠺᠠᠲᠷ ᠢ ᠦᠨᠡᠨ ᠬᠦ ᠨᠠᠩ | ᠣᠯᠠᠨ ᠴᠠᠭ ᠪᠠ ᠣᠶᠤᠨ ᠴᠢᠳᠠᠯ ᠢᠶᠠᠨ ᠭᠠᠷᠭᠠᠵᠤ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠬᠦᠴᠢᠷ | ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠶ᠃ ᠡᠭᠦᠨ ᠤ ᠬᠠᠮᠲᠤ ᠨᠠᠮ ᠤᠨ ᠪᠠᠶᠢᠭᠤᠯᠤᠯᠲᠠ ᠪᠠᠷ ᠦᠨᠳᠦᠰᠦᠨ | ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ | ᠦᠨᠳᠦᠰᠦᠨ ᠱᠠᠲᠤᠨ ᠤ ᠠᠩᠬ᠎ᠠ ᠡᠭᠦᠳᠦᠯᠲᠡ ᠶᠢ ᠪᠠᠳᠠᠷᠠᠭᠤᠯᠵᠤ᠂ ᠠᠳᠠᠯᠢ ᠰᠡᠳᠦᠪ ᠲᠠᠢ ᠵᠡᠷᠭᠡ ᠪᠠᠷ ᠬᠦᠴᠦᠯᠡᠵᠦ᠂ | ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠪᠠᠳᠠᠷᠠᠭᠤᠯᠵᠤ᠂ ︽ᠪᠠᠭ᠎ᠠ | ᠵᠠᠰᠠᠭ ᠤᠨ ᠣᠷᠳᠣᠨ︾ ᠪᠣᠯᠤᠨ ︽ᠲᠤᠮᠤ ᠨᠡᠶᠢᠭᠡᠮ︾ ᠢ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ | ᠡᠳ᠋ᠯᠡᠬᠦ ᠠᠵᠢᠯᠯᠠᠭᠠᠨ ᠤ ᠵᠠᠭᠪᠤᠷ ᠢ ᠪᠦᠷᠢᠯᠳᠦᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠡᠭᠡᠨ ᠳᠡᠷᠭᠡᠳᠡᠬᠢ ᠶᠠᠪᠤᠳᠠᠯ ᠤᠨ ᠰᠤᠷᠭᠠᠨ | ᠬᠥᠮᠦᠵᠢᠯ ᠤᠨ ᠳᠡᠷᠭᠡᠳᠡᠬᠢ ᠬᠥᠮᠦᠨ ᠢᠶᠠᠨ ᠴᠢᠬᠤᠯᠠᠴᠢᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠳᠤ ᠦᠨᠡᠨ ᠠᠴᠠ ᠵᠥᠪ ᠢ ᠡᠷᠢᠬᠦ᠂ ︽ᠣᠯᠭᠤᠬᠤ︾ ᠶᠢ ᠵᠡᠷᠭᠡᠪᠡᠷ ᠬᠡᠷᠡᠭᠵᠢᠭᠦᠯᠵᠦ᠂ ᠤᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠳᠤ ᠨᠠᠮ ᠤᠨ ᠭᠡᠰᠢᠭᠦᠨ | ᠺᠠᠲᠷ ᠲᠤ ᠬᠤᠷᠢᠭ᠎ᠠ ᠱᠤᠭᠤᠮ ᠢ ᠲᠣᠳᠣᠷᠬᠠᠢ ᠲᠠᠨᠢᠭᠤᠯᠵᠤ᠂ ︽ᠨᠢᠭᠡ ᠠᠰᠠᠭᠤᠳᠠᠯ ᠢ ᠰᠢᠢᠳᠪᠦᠷᠢᠯᠡᠬᠦ︾ ᠶᠢ ︽ᠨᠢᠭᠡ | ᠲᠦᠷᠦᠯ ᠤᠨ ᠠᠰᠠᠭᠤᠳᠠᠯ ᠢ ᠰᠢᠢᠳᠪᠦᠷᠢᠯᠡᠬᠦ︾ ᠲᠡᠰᠢ ᠤᠷᠲᠤᠳᠬᠠᠬᠤ ᠶᠢ ᠠᠬᠢᠭᠤᠯᠵᠤ᠂ ᠨᠠᠮ ᠤᠨ ᠭᠡᠰᠢᠭᠦᠨ ᠤ | ᠬᠥᠮᠦᠵᠢᠯ ᠬᠦᠷᠳᠡᠬᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠳᠤ ᠪᠣᠳᠠᠲᠠᠢ ᠠᠰᠢᠭ | ᠬᠦᠷᠲᠡᠭᠡᠬᠦ ᠶᠢ ᠪᠠᠲᠤᠯᠠᠵᠤ᠂ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠵᠦ᠂ | ᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠠᠢ᠃ |