ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/17
     5 ᠰᠠᠷ᠎ᠠ ᠶᠢᠨ 16 ᠤ ᠡᠳᠦᠷ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠦᠬᠠᠢ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠱᠠᠭᠠᠷᠳᠠᠯᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠤᠤ ᠯᠢ ᠫᠢᠩ᠂ ᠭᠤᠤ ᠲᠢᠶᠧ ᠨᠠᠨ᠂ ᠭᠦᠸᠧ ᠱᠢ ᠯᠦᠩ᠂ ᠵᠠᠩ ᠸᠧᠢ ᠳ᠋ᠦᠩ᠂ ᠯᠢᠦ ᠮᠧᠩ᠂ ᠬᠤ᠋ ᠲᠢᠶᠠᠨ ᠸᠧᠨ ᠰᠦᠨ ᠱᠤᠤ ᠴᠧᠩ ᠱᠦᠵᠢ ᠶᠢᠨ ᠦᠬᠠᠢ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠵᠢᠭᠠᠪᠤᠷᠢ ᠶᠢᠨ ᠱᠠᠭᠠᠷᠳᠠᠯᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠨᠢᠭᠡ ᠴᠤᠬᠴᠠᠵᠢᠭᠤᠯᠤᠨ ᠠᠬᠢᠭᠤᠯᠬᠤ ᠭᠤᠷᠪᠠᠨ ᠵᠦᠢᠯ ᠤᠨ ᠠᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠷᠪᠠᠨ ᠵᠦᠢᠯ ᠤᠨ ᠠᠵᠢᠯ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠂ ᠪᠢᠳᠡᠨ ᠤ ᠡᠷᠬᠡᠪᠰᠢ ᠰᠠᠶᠢᠲᠤᠷ ᠠᠳᠬᠤᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠪᠥᠬᠦ ᠲᠤᠭᠤᠷᠢᠭ ᠢᠶᠠᠷ ᠢᠶᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠤᠯᠤᠰ ᠲᠥᠷᠥ ᠶᠢᠨ ᠲᠠᠯ᠎ᠠ ᠠᠴᠠ ᠡᠷᠡᠰ ᠦᠵᠡᠵᠦ᠂ ᠤᠯᠤᠰ ᠲᠥᠷᠥ ᠶᠢᠨ ᠲᠠᠯ᠎ᠠ ᠠᠴᠠ ᠬᠢᠵᠦ᠂ ᠨᠡᠪᠲᠡᠷᠡᠯᠴᠡᠬᠦ ᠪᠠᠨ ᠴᠢᠩᠭᠠᠳᠬᠠᠨ᠂ ᠨᠢᠭᠡ ᠴᠣᠭᠴᠠᠵᠢᠭᠤᠯᠤᠨ ᠠᠬᠢᠭᠤᠯᠵᠤ᠂ ᠤᠳᠠ ᠲᠣᠭᠤᠷᠢᠭ ᠤᠨ ᠦᠨᠳᠦᠰᠦᠨ ᠱᠠᠲᠤᠨ ᠤ ᠠᠵᠢᠯ ᠢ ᠨᠠᠩ ᠪᠠᠲᠤ ᠪᠠᠬᠢ ᠪᠣᠯᠭᠠᠵᠤ᠂ ᠰᠠᠭᠤᠷᠢ ᠶᠢ ᠨᠠᠩ ᠪᠠᠲᠤ ᠪᠠᠬᠢ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠦᠢᠯᠡᠳᠦᠯᠭᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠪᠦᠬᠦ ᠲᠤᠭᠤᠷᠢᠭ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠪᠣᠯᠪᠠᠰᠤᠷᠠᠭᠤᠯᠤᠨ ᠳ᠋ᠦᠩᠨᠡᠬᠦ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠪᠠᠷᠢᠮᠲᠠᠯᠠᠵᠤ᠂ ︽ᠨᠠᠢᠮᠠ ᠶᠢ ᠨᠢᠭᠡ ᠴᠤᠬᠴᠠᠵᠢᠭᠤᠯᠤᠨ ᠠᠬᠢᠭᠤᠯᠬᠤ︾ ᠠᠵᠢᠯ ᠤᠨ ᠠᠷᠭ᠎ᠠ ᠬᠡᠮᠵᠢᠶ᠎ᠡ ᠪᠠᠷ ᠭᠤᠷᠪᠠᠨ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠠᠮ ᠤᠨ ᠭᠡᠰᠢᠭᠦᠨ ᠺᠠᠲᠷᠴᠣᠳ ᠢ ᠰᠡᠷᠡᠮᠵᠢᠯᠡᠭᠦᠯᠬᠦ᠂ ᠬᠤᠷᠢᠭ᠎ᠠ ᠱᠤᠭᠤᠮ ᠢ ᠰᠠᠬᠢᠬᠤ᠂ ᠪᠢᠰᠢᠷᠡᠨ ᠵᠢᠷᠦᠬᠡᠰᠢᠶᠡᠬᠦ ᠶᠢ ᠣᠶᠢᠯᠠᠭᠠᠭᠤᠯᠵᠤ᠂ ᠨᠠᠮᠴᠢ ᠴᠢᠨᠠᠷ ᠤᠨ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠠᠴᠠ ᠪᠢᠳᠡᠨ ᠳᠤ ᠲᠤᠰᠢᠶᠠᠭᠰᠠᠨ ᠲᠤᠷᠰᠢᠯᠲᠠ ᠶᠢᠨ ᠡᠭᠦᠷᠭᠡ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠪᠡᠶᠡᠯᠡᠭᠦᠯᠬᠦ ᠬᠡᠷᠡᠭᠲᠡᠢ᠃ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠠ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠦᠨᠡᠨ ᠠᠴᠠ ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠪᠠᠶᠢᠷᠢᠯᠠᠭᠤᠯᠬᠤ᠂ ᠰᠤᠷᠤᠯᠴᠠᠨ ᠪᠣᠯᠪᠠᠰᠤᠷᠠᠭᠤᠯᠬᠤ᠂ ᠠᠰᠠᠭᠤᠳᠠᠯ ᠢ ᠴᠡᠭᠴᠡᠯᠡᠨ ᠵᠠᠰᠠᠬᠤ᠂ ᠬᠢᠨᠠᠨ ᠪᠠᠶᠢᠴᠠᠭᠠᠬᠤ᠂ ᠦᠨᠡᠯᠡᠨ ᠵᠢᠱᠢᠵᠦ ᠦᠷ᠎ᠡ ᠪᠦᠲᠦᠮᠵᠢ ᠶᠢ ᠠᠰᠠᠭᠤᠬᠤ ᠵᠡᠷᠭᠡ ᠡᠯ᠎ᠡ ᠵᠦᠢᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠤᠯᠠᠮ ᠨᠢᠭᠡ ᠠᠯᠬᠤᠮ ᠬᠥᠭᠵᠢᠭᠡᠨ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠦᠬᠠᠶ ᠬᠤᠲᠠ ᠶᠢᠨ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ︾ ᠳᠤ ᠰᠠᠨᠠᠭᠠᠴᠢᠯᠠᠭ᠎ᠠ ᠠᠴᠠ ᠪᠠᠨ ᠳᠠᠭᠠᠵᠤ ᠦᠢᠯᠡᠴᠢᠯᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠤᠳᠠ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号