| | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠤᠳᠠ ᠲᠣᠭᠤᠷᠢᠭ ᠤᠨ ᠵᠢᠵᠢᠭ | ᠪᠢᠴᠢᠯ ᠠᠵᠤ ᠠᠬᠤᠶᠢᠯᠠᠯ ᠪᠠ ᠬᠤᠪᠢ ᠶᠢᠨ ᠦᠶ᠋ᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ | ᠦᠰᠦᠨ ᠪᠤᠶᠢᠵᠢᠬᠤ ᠲᠥᠯᠥᠪᠯᠡᠭᠡ ᠶᠢᠨ ᠠᠵᠢᠯ ᠢ ᠠᠬᠢᠭᠤᠯᠬᠤ ᠲᠤᠰᠬᠠᠶ ᠠᠩᠭᠢ ᠪᠠᠶᠢᠭᠤᠯᠬᠤ ᠲᠤᠬᠠᠶ ᠮᠡᠳᠡᠭᠳᠡᠯ | ᠡᠯ᠎ᠡ ᠬᠠᠮᠢᠶ᠎ᠠ ᠪᠥᠬᠦᠶ ᠨᠢᠭᠡᠴᠡ᠄ | ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠤᠭᠤᠷᠢᠭ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ | ᠳᠡᠮᠵᠢᠨ᠂ ᠤᠳᠠ ᠲᠣᠭᠤᠷᠢᠭ ᠤᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠦᠰᠦᠨ ᠪᠤᠶᠢᠵᠢᠬᠤ ᠲᠥᠯᠥᠪᠯᠡᠭᠡ ᠶᠢᠨ ᠠᠵᠢᠯ ᠢ ᠠᠬᠢᠭᠤᠯᠬᠤ | ᠲᠤᠰᠬᠠᠶ ᠠᠩᠭᠢ ︵ᠳᠣᠷᠣᠭᠰᠢ ︽ᠠᠵᠢᠯ ᠤᠨ ᠲᠤᠰᠬᠠᠶ ᠠᠩᠭᠢ︾ ᠭᠡᠵᠦ ᠲᠣᠪᠴᠢᠯᠠᠨ᠎ᠠ︶ ᠶᠢ ᠪᠠᠶᠢᠭᠤᠯᠬᠤ ᠪᠠᠷ | ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠪᠦᠷᠢᠯᠳᠦᠬᠦᠨ | ᠳᠤᠭᠤᠶᠢᠯᠠᠩ ᠤᠨ ᠳᠠᠷᠤᠭ᠎ᠠ᠄ ᠯᠢᠦ ᠨᠠᠷᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠣᠣ ᠸᠧᠨ ᠯᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠪᠦᠷᠢᠯᠳᠦᠬᠦᠨ᠄ ᠭᠦ᠋ ᠶᠠᠨ ᠪᠥᠸᠧ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠳᠡᠳ᠋ ᠳᠠᠷᠤᠭ᠎ᠠ | ᠵᠤᠤ ᡁᠢ ᠾᠦᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ | ᠵᠠᠩ ᠶᠠᠩ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠮᠦ ᠶᠠᠩ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠳᠡᠳ᠋ ᠳᠠᠷᠤᠭ᠎ᠠ | ᠺᠦᠩ ᠬᠤᠩ ᠶᠦᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠸᠠᠩ ᠵᠢᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ | ᠯᠢ ᠮᠦ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠰᠠᠷᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠡᠳ᠋ ᠳᠠᠷᠤᠭ᠎ᠠ | ᠬᠤ᠋ ᠵᠢᠶᠦ᠋ᠨ ᠹᠧᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶ ᠶᠢᠨ ᠳᠡᠳ᠋ ᠳᠠᠷᠤᠭ᠎ᠠ | ᠯᠢ ᠴᠧᠩ ᠽᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶᠠᠨ ᠤ | ᠳᠡᠳ᠋ ᠳᠠᠷᠤᠭ᠎ᠠ | ᠳ᠋ᠦᠩ ᠽᠧ ᠬᠤᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠮᠠ ᠬᠤᠶ ᠶᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ | ᠯᠢ ᠵᠢᠩ ᠲᠤᠭᠤᠷᠢᠭ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠳᠡᠳ᠋ ᠳᠠᠷᠤᠭ᠎ᠠ | ᠯᠢᠦ ᠴᠦᠨ ᠵᠢᠶᠧ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ | ᠳᠠᠷᠤᠭ᠎ᠠ | ᠵᠤᠤ ᠲᠢᠩ ᠲᠣᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠳᠡᠳ᠋ | ᠡᠷᠬᠢᠯᠡᠭᠴᠢ | ᠴᠢᠦᠶ ᠴᠦᠨ ᠬᠤ᠋ ᠲᠤᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ | ᠰᠦ᠋ ᠮᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠡᠳ᠋ ᠳᠠᠷᠤᠭ᠎ᠠ | ᠴᠧᠨ ᠵᠥᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶᠠᠨ ᠤ ᠳᠡᠳ᠋ ᠳᠠᠷᠤᠭ᠎ᠠ | ᠵᠠᠩ ᠶᠣᠣ ᠳ᠋ᠦᠩ ᠤᠳᠠ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠳᠡᠳ᠋ ᠳᠠᠭᠠᠭᠠᠮᠠᠯ | ᠯᠸᠢ ᠳ᠋ᠠᠨ ᠠᠭᠤᠷᠬᠠᠢ ᠶᠢᠨ ᠣᠷᠣᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠦᠢᠯᠡᠳᠪᠦᠷᠢᠯᠡᠯ ᠤᠨ | ᠳᠡᠳ᠋ ᠳᠠᠭᠠᠭᠠᠮᠠᠯ | ᠸᠠᠩ ᠬᠠᠢ ᠮᠢᠩ ᠤᠳᠠ ᠲᠣᠭᠤᠷᠢᠭ ᠤᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ | ᠳᠠᠭᠠᠭᠠᠮᠠᠯ | ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ | ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠵᠢᠵᠢᠭ ᠪᠢᠴᠢᠯ | ᠠᠵᠤ ᠠᠬᠤᠶᠢᠯᠠᠯ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ | ᠳᠦᠷᠢᠮ︾ ᠪᠠ ︽ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ︵2023 - 2025 ᠣᠨ︶ ᠶᠢ ᠳᠠᠷᠤᠮᠠᠯᠯᠠᠨ ᠶᠠᠪᠤᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︽ᠦᠬᠠᠶ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ | ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠦᠰᠦᠨ ᠪᠤᠶᠢᠵᠢᠬᠤ ᠲᠥᠯᠥᠪᠯᠡᠭᠡ | ︵2023 - 2025 ᠣᠨ︶ ᠶᠢᠨ ᠠᠵᠢᠯ ᠤᠨ ᠬᠡᠷᠡᠭᠵᠢᠭᠦᠯᠬᠦ ᠲᠥᠰᠦᠯ︾ ᠤᠨ ᠠᠵᠢᠯ ᠤᠨ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠵᠢᠵᠢᠭ ᠪᠢᠴᠢᠯ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠠᠯᠠ ᠮᠥᠩᠭᠦ ᠶᠢᠨ | ᠨᠥᠬᠦᠪᠥᠷᠢ ᠶᠢᠨ ᠲᠥᠷᠥ ᠶᠢᠨ ᠪᠣᠳᠣᠯᠭ᠎ᠠ᠂ ᠨᠥᠬᠦᠪᠥᠷᠢ ᠶᠢᠨ ᠪᠠᠷᠢᠮᠵᠢᠶ᠎ᠠ ᠶᠢ ᠲᠣᠳᠣᠷᠬᠠᠶᠢᠯᠠᠬᠤ ᠶᠢᠨ ᠬᠠᠮᠲᠤ | ᠲᠤᠤᠱᠯᠠᠭᠤᠯᠤᠨ ᠨᠠᠶᠢᠳᠠᠪᠤᠷᠢᠵᠢᠭᠤᠯᠪᠠ︔ ᠵᠢᠵᠢᠭ ᠪᠢᠴᠢᠯ ᠠᠵᠤ ᠠᠬᠤᠶᠢᠯᠠᠯ ᠤᠨ ᠣᠯᠠᠨ ᠨᠡᠶᠢᠲᠡ ᠶᠢᠨ | ᠦᠢᠯᠡᠴᠢᠯᠡᠭᠡ ᠶᠢ ᠰᠢᠯᠢᠳᠡᠭᠵᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ | ᠲᠠᠪᠴᠠᠩ ᠢ ᠪᠣᠶ ᠪᠣᠯᠭᠠᠨ᠎ᠠ︔ ᠤᠯᠠᠮᠵᠢᠯᠠᠯᠲᠤ ᠭᠤᠣᠯ ᠵᠠᠭᠤᠴᠢᠯᠠᠭᠤᠷ ᠪᠠ ᠰᠦᠯᠵᠢᠶᠡᠨ ᠤ ᠰᠢᠨ᠎ᠡ ᠵᠠᠭᠤᠴᠢᠯᠠᠭᠤᠷ ᠢ | ᠭᠦᠢᠴᠡᠳ ᠠᠰᠢᠭᠯᠠᠨ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠵᠢᠵᠢᠭ ᠪᠢᠴᠢᠯ ᠠᠵᠤ | ᠠᠬᠤᠶᠢᠯᠠᠯ ᠳᠤ ᠦᠢᠯᠡᠴᠢᠯᠡᠬᠦ ᠤᠯᠠᠮᠵᠢᠯᠠᠯᠲᠤ ᠠᠷᠭ᠎ᠠ ᠮᠠᠶ᠋ᠢᠭ ᠪᠠ ᠵᠢᠵᠢᠭ ᠪᠢᠴᠢᠯ ᠠᠵᠤ ᠠᠬᠤᠶᠢᠯᠠᠯ ᠤᠨ ᠦᠰᠦᠨ | ᠪᠤᠶᠢᠵᠢᠵᠤ ᠬᠥᠭᠵᠢᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠨ᠎ᠠ᠃ | ᠭᠤᠷᠪᠠ᠂ ᠪᠤᠰᠤᠳ ᠵᠦᠢᠯ | ︵ᠨᠢᠭᠡ︶ ᠤᠳᠠ ᠲᠣᠭᠤᠷᠢᠭ ᠤᠨ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠦᠰᠦᠨ ᠪᠤᠶᠢᠵᠢᠬᠤ ᠲᠥᠯᠥᠪᠯᠡᠭᠡ ᠶᠢᠨ ᠠᠵᠢᠯ ᠢ ᠠᠬᠢᠭᠤᠯᠬᠤ | ᠲᠤᠰᠬᠠᠢ ᠠᠩᠭᠢ ᠶᠢ ᠲᠦᠷ ᠴᠠᠭ ᠤᠨ ᠠᠵᠢᠯ ᠤᠨ ᠪᠠᠶᠢᠭᠤᠯᠤᠮᠵᠢ ᠪᠣᠯᠭᠠᠪᠠ᠃ ᠠᠵᠢᠯ ᠤᠨ ᠲᠤᠰᠬᠠᠶ ᠠᠩᠭᠢ ᠶᠢᠨ | ᠠᠯᠪᠠᠨ ᠭᠡᠷ ᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠭᠠᠷᠭᠠᠵᠤ᠂ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠵᠣᠣ ᠸᠧᠨ ᠯᠢᠨ ᠨᠥᠬᠦᠷ ᠡᠭᠦᠷᠭᠡᠯᠡᠵᠦ᠂ ᠤᠳᠠ ᠲᠣᠭᠤᠷᠢᠭ ᠤᠨ | ︽ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ | ᠵᠢᠯ ᠤᠨ ᠦᠰᠦᠨ ᠪᠤᠶᠢᠵᠢᠬᠤ ᠲᠥᠯᠥᠪᠯᠡᠭᠡ︾ ᠶᠢᠨ ᠠᠵᠢᠯ ᠤᠨ ᠬᠠᠷᠠᠯᠲᠠ ᠶᠢ ᠵᠠᠳᠠᠯᠬᠤ᠂ ᠲᠥᠷᠥ ᠶᠢᠨ ᠪᠣᠳᠣᠯᠭ᠎ᠠ ᠶᠢ | ᠨᠠᠷᠢᠯᠢᠬᠵᠢᠭᠤᠯᠬᠤ᠂ ᠡᠭᠦᠷᠭᠡ ᠶᠢ ᠠᠬᠢᠭᠤᠯᠬᠤ᠂ ᠲᠤᠭ᠎ᠠ ᠪᠦᠷᠢᠳᠬᠡᠯ ᠢ ᠮᠡᠳᠡᠭᠦᠯᠦᠨ ᠬᠦᠷᠭᠡᠬᠦ ᠵᠡᠷᠭᠡ ᠠᠵᠢᠯ ᠢ | ᠨᠢᠭᠡᠳᠦᠯᠲᠡᠶ ᠵᠣᠬᠢᠴᠠᠭᠤᠯᠤᠨ ᠵᠢᠯᠣᠭᠤᠳᠬᠤ ᠠᠵᠢᠯ ᠢ ᠬᠠᠷᠢᠭᠤᠴᠠᠨ᠎ᠠ᠃ | ︵ᠬᠤᠶᠠᠷ︶ ᠠᠵᠢᠯ ᠤᠨ ᠲᠤᠰᠬᠠᠶ ᠠᠩᠭᠢ ᠳᠤ ᠠᠵᠢᠯ ᠤᠨ ᠬᠤᠷᠠᠯ ᠤᠨ ᠲᠦᠷᠢᠮ ᠢ ᠬᠡᠷᠡᠭᠵᠢᠭᠦᠯᠵᠦ᠂ ᠠᠵᠢᠯ ᠤᠨ | ᠬᠤᠷᠠᠯ ᠢ ᠳᠤᠭᠤᠶᠢᠯᠠᠩ ᠤᠨ ᠳᠠᠷᠤᠭ᠎ᠠ ᠪᠤᠶᠤ ᠲᠡᠭᠦᠨ ᠤ ᠨᠠᠶᠢᠳᠠᠭᠰᠠᠨ ᠳᠤᠭᠤᠶᠢᠯᠠᠩ ᠤᠨ ᠳᠡᠳ᠋ ᠳᠠᠷᠤᠭ᠎ᠠ | ᠬᠤᠷᠠᠯᠳᠤᠭᠤᠯᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ | ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠣᠷᠣᠯᠴᠠᠬᠤ ᠬᠥᠮᠦᠨ ᠨᠢ ᠠᠵᠢᠯ ᠤᠨ ᠲᠤᠰᠬᠠᠶ ᠠᠩᠭᠢ ᠶᠢᠨ | ᠪᠦᠷᠢᠯᠳᠦᠬᠦᠨ ᠮᠥᠨ᠂ ᠴᠢᠬᠤᠯᠠ ᠲᠠᠢ ᠦᠶ᠎ᠡ ᠳᠤ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠢ ᠤᠷᠢᠵᠤ ᠣᠷᠣᠯᠴᠠᠭᠤᠯᠵᠤ ᠪᠣᠯᠤᠨ᠎ᠠ᠃ | ︵ᠭᠤᠷᠪᠠ︶ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠲᠤᠰᠬᠠᠶ ᠠᠩᠭᠢ ᠶᠢᠨ | ᠳᠤᠭᠤᠶᠢᠯᠠᠩ ᠤᠨ ᠳᠠᠷᠤᠭ᠎ᠠ ᠠᠴᠠ ᠭᠠᠳᠠᠨ᠎ᠠ᠂ ᠪᠤᠰᠤᠳ ᠪᠦᠷᠢᠯᠳᠦᠬᠦᠨ ᠬᠡᠷᠪᠡ ᠬᠤᠪᠢᠷᠠᠯᠲᠠ ᠭᠠᠷᠪᠠᠯ᠂ ᠠᠵᠢᠯ ᠤᠨ | ᠲᠤᠰᠬᠠᠶ ᠠᠩᠭᠢ ᠥᠪᠡᠰᠦᠪᠡᠨ ᠲᠠᠰ ᠳᠠᠷᠠᠭᠠᠯᠠᠯ ᠤᠨ ᠶᠣᠰᠣᠭᠠᠷ ᠲᠣᠬᠢᠷᠠᠭᠤᠯᠤᠯᠲᠠ ᠬᠢᠵᠦ᠂ ᠲᠤᠭᠤᠷᠢᠭ ᠤᠨ | ᠵᠠᠰᠠᠭ ᠤᠨ ᠣᠷᠳᠣᠨ ᠤ ᠠᠯᠪᠠᠨ ᠬᠡᠷ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠥᠬᠡᠶ᠂ ᠠᠵᠢᠯ ᠤᠨ ᠲᠤᠰᠬᠠᠶ | ᠠᠩᠭᠢ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠥᠪᠡᠰᠦᠪᠡᠨ ᠬᠦᠴᠦᠨ ᠥᠬᠡᠶ ᠪᠣᠯᠭᠠᠨ᠎ᠠ᠃ | 2024 ᠣᠨ ᠤ 1 ᠰᠠᠷ᠎ᠠ ᠶᠢᠨ 12 ᠤᠨ ᠡᠳᠦᠷ | ︽2024 ᠣᠨ ᠤ ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ︾ ᠢ ᠳᠠᠷᠤᠮᠠᠯᠯᠠᠨ ᠶᠠᠪᠤᠭᠤᠯᠬᠤ ᠲᠤᠬᠠᠢ ᠤᠳᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠣᠬᠢᠷᠠᠭᠤᠯᠤᠯᠲᠠ ᠪᠠᠷ᠂ ︽2024 ᠣᠨ ᠤ ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ︾ ᠢ ᠤᠳᠠ | ᠲᠣᠭᠤᠷᠢᠭ ᠤᠨ ᠵᠠᠰᠠᠭ ᠤᠨ ᠣᠷᠳᠣᠨ ᠨᠢᠭᠡᠨᠲᠡ ᠰᠤᠳᠤᠯᠤᠨ ᠵᠥᠪᠰᠢᠶᠡᠷᠡᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠡᠯ᠎ᠡ ᠬᠠᠷᠢᠭᠤᠴᠠᠯᠭᠠᠲᠤ ᠨᠢᠭᠡᠴᠡ ᠨᠦᠭᠦᠳ᠂ ᠤᠯᠠᠷᠢᠯ ᠤᠨ ᠬᠠᠷᠠᠯᠲᠠ ᠶᠢᠨ ᠡᠭᠦᠷᠭᠡ ᠶᠢᠨ ᠶᠣᠰᠣᠭᠠᠷ᠂ | ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠴᠠᠭ ᠤᠨ ᠳᠠᠷᠠᠭᠠᠯᠠᠯ ᠤᠨ ᠶᠣᠰᠣᠭᠠᠷ ᠡᠯ᠎ᠡ ᠵᠦᠢᠯ ᠤᠨ | ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢ ᠬᠦᠰᠡᠵᠦ ᠪᠠᠶᠢᠨ᠎ᠠ᠃ ᠲᠣᠭᠤᠷᠢᠭ ᠤᠨ ᠵᠠᠰᠠᠭ ᠤᠨ | ᠣᠷᠳᠣᠨ ᠤ ᠠᠯᠪᠠᠨ ᠬᠡᠷ ᠨᠢ ᠴᠠᠭ ᠲᠤᠨᠢ ᠲᠣᠬᠢᠷᠠᠭᠤᠯᠤᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯᠲᠠᠨ ᠤ ᠶᠠᠪᠤᠳᠠᠯ ᠤᠨ ᠲᠥᠯᠥᠭᠡᠯᠡᠭᠴᠢᠳ ᠲᠠᠢ ᠬᠠᠷᠢᠯᠴᠠᠬᠤ | ᠠᠵᠢᠯ ᠤᠨ ᠵᠥᠪᠯᠡᠯ ᠲᠠᠢ ᠬᠠᠮᠵᠢᠯᠴᠠᠨ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ | ᠪᠠᠶᠢᠴᠠᠭᠠᠬᠤ ᠪᠣᠯᠤᠨ᠎ᠠ᠃ | 2024 ᠣᠨ ᠤ 2 ᠰᠠᠷ᠎ᠠ ᠶᠢᠨ 21 | 2024 ᠣᠨ ᠤ ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ | ᠨᠢᠭᠡ᠂ ᠤᠳᠠ ᠲᠣᠭᠤᠷᠢᠭ ᠤᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ | ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ︵ᠨᠢᠭᠡ︶ ᠰᠡᠳᠦᠪ ᠤᠨ ᠠᠭᠤᠯᠭ᠎ᠠ | ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠡᠭᠡᠭᠦᠯᠦᠨ ᠬᠤᠳᠠᠯᠳᠤᠨ ᠠᠪᠤᠭᠰᠠᠨ ᠢ ᠠᠯᠪᠠᠨ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠴᠤᠪᠤᠷᠠᠯ ᠳᠤ ᠣᠷᠣᠭᠤᠯᠬᠤ ᠶᠢᠨ ᠬᠠᠮᠲᠤ ᠪᠠᠷᠢᠮᠵᠢᠶᠠᠵᠢᠭᠤᠯᠤᠨ ᠪᠦᠲᠦᠭᠡᠨ | ᠪᠠᠶᠢᠭᠤᠯᠵᠤ᠂ ᠬᠡᠦᠬᠡᠳ ᠤᠨ ᠵᠢᠭᠠᠨ ᠰᠤᠷᠭᠠᠬᠤ ᠳᠤ ᠬᠡᠷᠡᠭᠯᠡᠬᠦ ᠬᠡᠷᠡᠭᠰᠡᠯ᠂ ᠨᠠᠭᠠᠳᠤᠮ ᠲᠣᠭᠯᠠᠭᠠᠮ ᠪᠣᠯᠤᠨ ᠵᠢᠭᠠᠨ | ᠰᠤᠷᠭᠠᠬᠤ ᠬᠡᠷᠡᠭᠰᠡᠯ ᠵᠡᠷᠭᠡ ᠶᠢ ᠨᠥᠬᠦᠪᠥᠷᠢᠯᠡᠵᠦ᠂ ᠬᠡᠦᠬᠡᠳ ᠤᠨ ᠪᠡᠶ᠎ᠡ ᠲᠠᠮᠢᠷ᠂ ᠣᠶᠤᠨ ᠤᠬᠠᠭᠠᠨ᠂ ᠶᠣᠰᠣ ᠮᠣᠷᠠᠯ᠂ | ᠭᠤᠸ᠎ᠠ ᠰᠠᠶᠢᠬᠠᠨ ᠪᠦᠬᠦ ᠲᠠᠯ᠎ᠠ ᠪᠠᠷ ᠬᠥᠭᠵᠢᠬᠦ ᠳᠤ ᠲᠣᠬᠢᠷᠠᠬᠤ ᠴᠡᠴᠡᠷᠯᠢᠭ ᠡᠷᠬᠢᠯᠡᠬᠦ ᠨᠥᠬᠦᠴᠡᠯ ᠪᠣᠯᠤᠨ ᠬᠥᠮᠦᠨ | ᠬᠥᠮᠦᠵᠢᠭᠦᠯᠬᠦ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠰᠢᠨᠵᠢᠯᠡᠬᠦ ᠤᠬᠠᠭᠠᠨᠴᠢᠯᠠᠭᠰᠠᠨ᠂ | ᠵᠢᠷᠤᠮᠵᠢᠭᠤᠯᠤᠭᠰᠠᠨ ᠬᠠᠮᠢᠶᠠᠷᠤᠯᠲᠠ ᠪᠠᠷ ᠳᠠᠮᠵᠢᠭᠤᠯᠤᠨ᠂ ᠴᠡᠴᠡᠷᠯᠢᠭ ᠲᠤ ᠣᠷᠣᠬᠤ ᠲᠠᠲᠠᠬᠤ ᠬᠦᠴᠦᠨ ᠢ | ᠳᠡᠭᠡᠭᠰᠢᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠯᠪᠠᠨ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠲᠠᠬᠢ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠶ᠃ | ︵ᠬᠤᠶᠠᠷ︶ ᠪᠡᠯᠡ ᠣᠷᠣᠭᠤᠯᠬᠤ ᠲᠥᠯᠥᠪᠯᠡᠭᠡ | ᠲᠥᠷᠥᠯ ᠵᠦᠢᠯ ᠤᠨ ᠵᠢᠱᠢᠯᠲᠡ ᠪᠠᠷ ᠶᠡᠷᠦᠩᠬᠡᠶ ᠪᠡᠯᠡ ᠣᠷᠣᠭᠤᠯᠤᠯᠲᠠ ᠨᠢ 200 ᠲᠦᠮᠡᠨ ᠲᠥᠭᠦᠷᠢᠭ | ᠪᠠᠶᠢᠵᠤ᠂ ᠪᠡᠯᠡ ᠮᠥᠩᠭᠦ ᠶᠢᠨ ᠢᠷᠡᠯᠲᠡ ᠨᠢ ᠳᠡᠭᠡᠳᠦ ᠱᠠᠲᠤᠨ ᠤ ᠪᠡᠯᠡ ᠮᠥᠩᠭᠦ ᠪᠣᠯᠤᠨ᠎ᠠ᠃ | ︵ᠭᠤᠷᠪᠠ︶ ᠪᠡᠶᠡᠯᠡᠭᠦᠯᠬᠦ ᠭᠠᠵᠠᠷ ᠣᠷᠣᠨ | ᠤᠳᠠ ᠲᠤᠭᠤᠷᠢᠭ ᠤᠨ ᠶᠦ᠋ᠩ ᠵᠢᠶᠠ ᠶᠤᠸᠠᠨ ᠬᠡᠦᠬᠡᠳ ᠤᠨ ᠴᠡᠴᠡᠷᠯᠢᠭ᠃ | ︵ᠲᠦᠷᠪᠡ︶ ᠪᠡᠶᠡᠯᠡᠭᠦᠯᠬᠦ ᠴᠠᠭ ᠬᠤᠭᠤᠴᠠᠭ᠎ᠠ | 2024 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ᠃ | ︵ᠲᠠᠪᠤ︶ ᠠᠬᠢᠴᠠ ᠶᠢᠨ ᠲᠤᠬᠢᠷᠠᠭᠤᠯᠭ᠎ᠠ | ᠨᠢᠭᠡᠳᠦᠭᠡᠷ ᠤᠯᠠᠷᠢᠯ᠄ | 1.ᠶᠦᠩ ᠴᠠᠩ ᠵᠢᠶᠠ ᠶᠤᠸᠠᠨ ᠬᠡᠦᠬᠡᠳ ᠤᠨ ᠴᠡᠴᠡᠷᠯᠢᠭ ᠤᠨ ᠡᠳ᠋ ᠬᠥᠷᠥᠩᠭᠡ ᠶᠢ ᠦᠨᠡᠯᠡᠨ ᠵᠢᠱᠢᠵᠦ᠂ | ᠵᠣᠬᠢᠴᠠᠩᠭᠤᠶ ᠦᠨᠡᠯᠡᠨ ᠵᠢᠱᠢᠭᠰᠡᠨ ᠮᠡᠳᠡᠭᠦᠯᠦᠯᠲᠡ ᠬᠢᠪᠡ︔ | 2.ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠰᠦᠯ ᠢ ᠲᠣᠭᠲᠠᠭᠠᠨ᠎ᠠ︔ | 3.ᠳᠡᠭᠡᠳᠦ ᠱᠠᠲᠤᠨ ᠤ ᠪᠡᠯᠡ ᠮᠥᠩᠭᠦ ᠶᠢ ᠴᠢᠷᠮᠠᠶᠢᠨ ᠣᠯᠤᠨ᠎ᠠ︔ | ᠬᠤᠶᠠᠳᠤᠭᠠᠷ ᠤᠯᠠᠷᠢᠯ ᠳᠤ᠄ ᠬᠡᠦᠬᠡᠳ ᠤᠨ ᠴᠡᠴᠡᠷᠯᠢᠭ ᠢ ᠡᠭᠡᠭᠦᠯᠦᠨ ᠬᠤᠳᠠᠯᠳᠤᠨ ᠠᠪᠴᠤ | ᠪᠠᠷᠢᠮᠵᠢᠶᠠᠵᠢᠭᠤᠯᠬᠤ ᠪᠦᠲᠦᠭᠡᠨ ᠪᠠᠢᠭᠤᠯᠤᠯᠲᠠ ᠬᠢᠨ᠎ᠡ᠃ | ᠭᠤᠷᠪᠠᠳᠤᠭᠠᠷ ᠤᠯᠠᠷᠢᠯ᠄ ᠨᠡᠶᠢᠭᠡᠮ ᠳᠤ ᠬᠠᠨᠳᠤᠭᠤᠯᠤᠨ ᠰᠤᠷᠤᠭᠴᠢ ᠡᠯᠰᠡᠬᠦ᠃ | ︵ᠵᠢᠷᠭᠤᠭ᠎ᠠ︶ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠠᠨ | ᠬᠠᠷᠢᠭᠤᠴᠠᠯᠭᠠᠲᠤ ᠰᠠᠯᠠᠭ᠎ᠠ ᠮᠥᠴᠢᠷ᠄ ᠰᠤᠷᠭᠠᠨ ᠬᠥᠮᠦᠵᠢᠯ ᠤᠨ ᠲᠣᠪᠴᠢᠶ᠎ᠠ | ᠬᠠᠷᠢᠭᠤᠴᠠᠯᠭ᠎ᠠ ᠡᠭᠦᠷᠭᠡᠯᠡᠭᠴᠢ᠄ ᠬᠠᠨ ᠸᠧᠢ ᠬᠤᠸᠠ | ᠬᠤᠶᠠᠷ᠂ ᠤᠳᠠ ᠲᠤᠭᠤᠷᠢᠭ ᠤᠨ ᠨᠠᠭᠤᠷ ᠳᠠᠭᠠᠤ ᠶᠢᠨ ᠡᠷᠡᠭᠦᠯ ᠮᠡᠨᠳᠦ ᠶᠢᠨ ᠶᠠᠪᠠᠭᠠᠨ ᠵᠠᠮ ᠤᠨ ᠰᠣᠶᠣᠯ ᠤᠨ | ᠦᠵᠡᠭᠦᠯᠦᠯᠭᠡ ᠶᠢᠨ ᠲᠥᠷᠥᠯ ᠵᠦᠢᠯ | ︵ᠨᠢᠭᠡ︶ ᠰᠡᠳᠦᠪ ᠤᠨ ᠠᠭᠤᠯᠭ᠎ᠠ | ᠱᠧᠨ ᠬᠤᠸᠠ ᠶᠡᠭᠡ ᠵᠡᠭᠡᠯᠢ ᠪᠣᠯᠤᠨ ᠪᠢᠨ ᠬᠤ᠋ ᠵᠠᠮ ᠤᠨ ᠠᠭᠤᠯᠵᠠᠷ ᠤᠨ ᠵᠠᠮ ᠳᠠᠭᠠᠤ ᠬᠠᠲᠤᠨ ᠭᠤᠤᠯ ᠤᠨ | ᠡᠷᠭᠢ ᠬᠠᠮᠠᠭᠠᠯᠠᠬᠤ ᠢᠨᠵᠧᠨᠧᠷᠢᠩ ᠳᠤ ᠲᠦᠰᠢᠭᠯᠡᠨ ᠬᠠᠲᠤᠨ ᠭᠤᠤᠯ ᠳᠠᠭᠠᠤ ᠶᠢᠨ ᠦᠵᠡᠮᠵᠢ ᠶᠢᠨ ᠵᠠᠮ ᠪᠦᠰᠡ ᠶᠢ | ᠪᠣᠶ ᠪᠣᠯᠭᠠᠵᠤ᠂ ᠵᠣᠬᠢᠬᠤ ᠠᠮᠠᠷᠠᠯᠲᠠ ᠶᠢᠨ ᠣᠷᠣᠨ ᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠪᠡᠶ᠎ᠡ | ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠭᠰᠠᠷᠠᠨ᠂ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠭ ᠪᠠ | ᠭᠡᠷᠡᠯᠲᠦᠭᠦᠯᠭᠡ ᠶᠢᠨ ᠪᠡᠯᠡᠳᠬᠡᠮᠵᠢ ᠵᠡᠷᠭᠡ ᠶᠢ ᠨᠡᠮᠡᠨ ᠪᠠᠶᠢᠭᠤᠯᠵᠤ᠂ ᠬᠠᠲᠤᠨ ᠭᠤᠤᠯ ᠤᠨ ᠡᠷᠭᠢ ᠳᠠᠭᠠᠤ ᠶᠢᠨ | ᠰᠡᠯᠡᠭᠦᠴᠡᠯ ᠤᠨ ᠲᠣᠬᠢᠯᠢᠭ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠲᠦᠮᠡᠨ ᠳᠤ ᠠᠮᠢ ᠠᠬᠤᠶ ᠶᠢᠨ ᠣᠯᠠᠨ | ᠡᠰᠢᠵᠢᠭᠰᠡᠨ ᠬᠤᠲᠠ ᠶᠢᠨ ᠤᠰᠤᠨ ᠤ ᠠᠮᠢᠳᠤᠷᠠᠯ ᠢ ᠮᠡᠳᠡᠷᠡᠭᠦᠯᠦᠨ᠎ᠡ᠃ | ︵ᠬᠤᠶᠠᠷ︶ ᠪᠡᠯᠡ ᠣᠷᠣᠭᠤᠯᠬᠤ ᠲᠥᠯᠥᠪᠯᠡᠭᠡ | ᠲᠥᠷᠥᠯ ᠵᠦᠢᠯ ᠤᠨ ᠵᠢᠱᠢᠯᠲᠡ ᠪᠠᠷ ᠶᠡᠷᠦᠩᠬᠡᠶ ᠪᠡᠯᠡ ᠣᠷᠣᠭᠤᠯᠤᠯᠲᠠ ᠨᠢ 100 ᠲᠦᠮᠡᠨ ᠲᠥᠭᠦᠷᠢᠭ | ᠪᠠᠶᠢᠵᠤ᠂ ᠪᠡᠯᠡ ᠮᠥᠩᠭᠦ ᠶᠢᠨ ᠢᠷᠡᠯᠲᠡ ᠨᠢ ᠲᠤᠭᠤᠷᠢᠭ ᠤᠨ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠪᠣᠯᠤᠨ᠎ᠠ | ᠃ | ︵ᠭᠤᠷᠪᠠ︶ ᠪᠡᠶᠡᠯᠡᠭᠦᠯᠬᠦ ᠭᠠᠵᠠᠷ ᠣᠷᠣᠨ | ᠱᠧᠨ ᠬᠤᠸᠠ ᠶᠡᠭᠡ ᠵᠡᠭᠡᠯᠢ ᠪᠣᠯᠤᠨ ᠪᠢᠨ ᠬᠤ ᠵᠠᠮ ᠤᠨ ᠳ᠋ᠢᠩ ᠽᠢ ᠵᠠᠮ ᠤᠨ ᠠᠭᠤᠯᠵᠠᠷ ᠨᠠᠭᠤᠷ ᠳᠠᠭᠠᠤ ᠵᠠᠮ | ᠳᠠᠭᠠᠤ᠃ | ︵ᠲᠦᠷᠪᠡ︶ ᠪᠡᠶᠡᠯᠡᠭᠦᠯᠬᠦ ᠴᠠᠭ ᠬᠤᠭᠤᠴᠠᠭ᠎ᠠ | 2024 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ᠃ | ︵ᠲᠠᠪᠤ︶ ᠠᠬᠢᠴᠠ ᠶᠢᠨ ᠲᠤᠬᠢᠷᠠᠭᠤᠯᠭ᠎ᠠ | ᠨᠢᠭᠡᠳᠦᠭᠡᠷ ᠤᠯᠠᠷᠢᠯ᠄ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠠᠵᠢᠯ ᠢ ᠠᠬᠢᠭᠤᠯᠤᠨ᠎ᠠ᠃ | ᠬᠤᠶᠠᠳᠤᠭᠠᠷ ᠤᠯᠠᠷᠢᠯ᠄ ᠲᠥᠷᠥᠯ ᠵᠦᠢᠯ ᠢ ᠵᠢᠷᠤᠵᠤ ᠲᠥᠯᠥᠪᠯᠡᠬᠦ ᠳᠤ ᠡᠬᠡ ᠨᠣᠣᠷᠠᠭ ᠲᠣᠭᠲᠠᠭᠠᠬᠤ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠭᠠᠷᠳᠠᠮ ᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠡᠬᠢᠯᠡᠭᠦᠯᠦᠨ᠎ᠡ᠃ | ᠭᠤᠷᠪᠠᠳᠤᠭᠠᠷ ᠤᠯᠠᠷᠢᠯ᠄ ᠠᠰᠢᠭᠯᠠᠯᠲᠠ ᠳᠤ ᠣᠷᠣᠭᠤᠯᠤᠨ᠎ᠠ᠃ | ︵ᠵᠢᠷᠭᠤᠭ᠎ᠠ︶ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠠᠨ | ᠬᠠᠷᠢᠭᠤᠴᠠᠯᠭᠠᠲᠤ ᠰᠠᠯᠠᠭ᠎ᠠ ᠮᠥᠴᠢᠷ᠄ ᠤᠳᠠ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠤᠨ | ᠬᠢᠵᠠᠭᠠᠷᠲᠤ ᠺᠣᠮᠫᠠᠨᠢ | ᠬᠠᠷᠢᠭᠤᠴᠠᠯᠭ᠎ᠠ ᠡᠭᠦᠷᠭᠡᠯᠡᠭᠴᠢ᠄ ᠸᠠᠩ ᠬᠠᠶ ᠮᠢᠩ | ᠭᠤᠷᠪᠠ᠂ ᠦᠬᠠᠢ ᠬᠤᠳᠠ ᠶᠢᠨ ᠭᠠᠪᠠᠯᠠ ᠲᠠᠷᠢᠬᠢᠨ ᠤ ᠭᠠᠳᠠᠷ ᠡᠮᠨᠡᠯᠭᠡ ᠶᠢᠨ ᠲᠤᠰᠬᠠᠢ ᠡᠪᠡᠳᠴᠢᠨ ᠢ | ᠣᠨᠣᠰᠢᠯᠠᠨ ᠡᠮᠨᠡᠬᠦ ᠲᠥᠪ ᠤᠨ ᠲᠦᠷᠦᠯ ᠵᠦᠢᠯ | ︵ᠨᠢᠭᠡ︶ ᠰᠡᠳᠦᠪ ᠤᠨ ᠠᠭᠤᠯᠭ᠎ᠠ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠪᠥᠬᠦ ᠬᠤᠲᠠ ᠶᠢᠨ ᠠᠩᠬᠠᠳᠠᠭᠴᠢ ᠭᠠᠪᠠᠯᠠ | ᠲᠠᠷᠢᠬᠢᠨ ᠤ ᠭᠠᠳᠠᠷ ᠡᠮᠨᠡᠯᠭᠡ ᠶᠢᠨ ᠲᠤᠰᠬᠠᠶ ᠡᠪᠡᠳᠴᠢᠨ ᠢ ᠣᠨᠣᠰᠢᠯᠠᠨ ᠡᠮᠨᠡᠬᠦ ᠲᠥᠪ ᠢ ᠪᠠᠶᠢᠭᠤᠯᠵᠤ᠂ ᠮᠡᠳᠡᠷᠡᠯ ᠤᠨ | ᠭᠠᠳᠠᠷ ᠡᠮᠨᠡᠯᠭᠡ ᠶᠢᠨ ᠲᠤᠰᠬᠠᠶ ᠰᠠᠯᠠᠭᠠᠨ ᠤ ᠲᠠᠷᠢᠬᠢᠨ ᠤ ᠴᠢᠰᠤᠨ ᠰᠤᠳᠠᠯ ᠤᠨ ᠰᠡᠭᠦᠳᠡᠷ ᠦᠢᠯᠡᠳᠬᠦ ᠮᠠᠰᠢᠨ | ︵DSA︶᠂ ᠭᠠᠪᠠᠯᠠ ᠳᠣᠲᠣᠷᠠᠬᠢ ᠳᠠᠷᠤᠯᠲᠠ ᠶᠢᠨ ᠬᠢᠨᠠᠨ ᠬᠠᠮᠠᠭᠠᠯᠠᠬᠤ ᠬᠤᠷᠣᠭᠳᠠᠯ ᠮᠠᠲ᠋ᠧᠷᠢᠶᠠᠯ ᠵᠡᠷᠭᠡ | ᠲᠥᠬᠦᠭᠡᠷᠦᠮᠵᠢ ᠶᠢ ᠨᠡᠮᠡᠵᠦ ᠪᠠᠶᠢᠭᠤᠯᠤᠨ᠂ ᠴᠢᠰᠤ ᠳᠤᠲᠠᠭᠳᠠᠵᠤ ᠪᠠᠶᠢᠭ᠎ᠠ ᠴᠢᠨᠠᠷᠲᠠᠶ ᠲᠠᠷᠢᠬᠢᠨ ᠤ ᠴᠢᠰᠤᠨ ᠰᠤᠳᠠᠯ ᠤᠨ | ᠡᠪᠡᠳᠴᠢᠨ ᠵᠢᠴᠢ ᠯᠤᠭᠰᠢᠭᠤᠨ ᠰᠤᠳᠠᠯ ᠤᠨ ᠬᠠᠪᠤᠳᠠᠷ ᠢ ᠵᠠᠰᠠᠬᠤ ᠳᠤ ᠬᠡᠷᠡᠭᠯᠡᠨ᠎ᠡ᠃ ᠲᠥᠪ ᠳᠤᠮᠳᠠ ᠵᠡᠷᠭᠡ ᠶᠢᠨ | ᠮᠡᠳᠡᠷᠡᠯ ᠤᠨ ᠴᠠᠬᠢᠯᠭᠠᠨ ᠢᠶᠠᠷ ᠰᠡᠳᠡᠯᠲᠡ ᠥᠭᠬᠦ ᠡᠮᠨᠡᠨ ᠵᠠᠰᠠᠬᠤ ᠮᠠᠰᠢᠨ᠂ ᠭᠠᠪᠠᠯᠠ ᠶᠢᠨ ᠰᠣᠷᠢᠨᠵᠢᠨ ᠡᠮᠨᠡᠨ ᠵᠠᠰᠠᠬᠤ | ᠮᠠᠰᠢᠨ ︵ᠰᠡᠷᠡᠭᠳᠡᠬᠦ ᠶᠢ ᠠᠬᠢᠭᠤᠯᠤᠨ ᠬᠡᠷᠡᠭᠯᠡᠬᠦ︶᠂ ᠵᠠᠯᠭᠢᠬᠤ ᠠᠵᠢᠯᠯᠠᠭᠠᠨ ᠤ ᠴᠠᠬᠢᠯᠭᠠᠨ ᠰᠡᠳᠡᠯᠲᠡ᠂ ᠲᠠᠷᠢᠬᠢᠨ ᠤ | ᠴᠢᠰᠤᠨ ᠤᠷᠤᠰᠬᠠᠯ ᠤᠨ ᠵᠢᠷᠤᠭ ᠤᠨ ᠮᠠᠰᠢᠨ ᠵᠡᠷᠭᠡ ᠲᠥᠬᠦᠭᠡᠷᠦᠮᠵᠢ ᠶᠢ ᠬᠤᠳᠠᠯᠳᠤᠨ ᠠᠪᠴᠤ ᠡᠷᠡᠭᠦᠯᠵᠢᠯ ᠤᠨ | ᠡᠮᠨᠡᠨ ᠵᠠᠰᠠᠬᠤ ᠳᠤ ᠬᠡᠷᠡᠭᠯᠡᠨ᠎ᠡ᠃ ᠨᠢᠩᠰᠢᠶᠠ ᠶᠢᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠶᠡᠷᠦᠩᠬᠡᠶ | ᠬᠦᠷᠢᠶᠡᠯᠡᠩ ᠤᠨ ᠮᠡᠳᠡᠷᠡᠯ ᠤᠨ ᠭᠠᠳᠠᠷ ᠰᠠᠯᠠᠭ᠎ᠠ ᠯᠤᠭ᠎ᠠ ᠶᠢᠨ ᠬᠠᠮᠲᠤᠷᠠᠯᠴᠠᠬᠤ ᠬᠠᠷᠢᠴᠠᠭ᠎ᠠ ᠶᠢ ᠭᠦᠢᠴᠡᠳ | ᠪᠠᠳᠠᠷᠠᠭᠤᠯᠵᠤ᠂ ᠭᠠᠵᠠᠷ ᠣᠷᠣᠨ ᠤ ᠦᠨᠳᠦᠰᠦᠨ ᠱᠠᠲᠤᠨ ᠤ ᠡᠮᠴᠢᠯᠡᠭᠡᠨ ᠤ ᠬᠢᠷᠢ ᠬᠡᠮᠵᠢᠶ᠎ᠡ ᠶᠢ ᠦᠨᠡᠨᠬᠦ | ᠳᠡᠭᠡᠭᠰᠢᠯᠡᠭᠦᠯᠬᠦ ᠬᠡᠷᠡᠭᠲᠡᠶ᠃ | ︵ᠬᠤᠶᠠᠷ︶ ᠪᠡᠯᠡ ᠣᠷᠣᠭᠤᠯᠬᠤ ᠲᠥᠯᠥᠪᠯᠡᠭᠡ | ᠲᠥᠷᠥᠯ ᠵᠦᠢᠯ ᠤᠨ ᠵᠢᠱᠢᠯᠲᠡ ᠪᠠᠷ ᠶᠡᠷᠦᠩᠬᠡᠶ ᠪᠡᠯᠡ ᠣᠷᠣᠭᠤᠯᠤᠯᠲᠠ 523 ᠲᠦᠮᠡᠨ ᠲᠥᠭᠦᠷᠢᠭ᠂ ᠪᠡᠯᠡ | ᠮᠥᠩᠭᠦ ᠶᠢᠨ ᠢᠷᠡᠯᠲᠡ ᠨᠢ ᠵᠠᠰᠠᠭ ᠤᠨ ᠣᠷᠳᠣᠨ ᠤ ᠴᠢᠨᠠᠷᠲᠠᠶ ᠪᠡᠯᠡ ᠮᠥᠩᠭᠦ ︵ᠲᠤᠭᠤᠷᠢᠭ ᠤᠨ ᠱᠠᠲᠤᠨ ᠤ ᠡᠳ᠋ ᠤᠨ | ᠵᠠᠰᠠᠭ ᠠᠴᠠ 323 ᠲᠦᠮᠡᠨ ᠲᠥᠭᠦᠷᠢᠭ᠂ ᠳᠡᠭᠡᠳᠦ ᠱᠠᠲᠤᠨ ᠤ ᠪᠡᠯᠡ ᠮᠥᠩᠭᠦ 200 ᠲᠦᠮᠡᠨ ᠲᠥᠭᠦᠷᠢᠭ︶᠃ | ︵ᠭᠤᠷᠪᠠ︶ ᠪᠡᠶᠡᠯᠡᠭᠦᠯᠬᠦ ᠭᠠᠵᠠᠷ ᠣᠷᠣᠨ | ᠤᠳᠠ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠃ | ︵ᠲᠦᠷᠪᠡ︶ ᠪᠡᠶᠡᠯᠡᠭᠦᠯᠬᠦ ᠴᠠᠭ ᠬᠤᠭᠤᠴᠠᠭ᠎ᠠ | 2024 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ᠃ | ︵ᠲᠠᠪᠤ︶ ᠠᠬᠢᠴᠠ ᠶᠢᠨ ᠲᠤᠬᠢᠷᠠᠭᠤᠯᠭ᠎ᠠ | ᠨᠢᠭᠡᠳᠦᠭᠡᠷ ᠤᠯᠠᠷᠢᠯ᠄ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠠᠵᠢᠯ ᠢ ᠠᠬᠢᠭᠤᠯᠤᠨ᠎ᠠ᠃ | ᠬᠤᠶᠠᠳᠤᠭᠠᠷ ᠤᠯᠠᠷᠢᠯ᠄ ᠲᠥᠷᠥᠯ ᠵᠦᠢᠯ ᠢ ᠵᠢᠷᠤᠵᠤ ᠲᠥᠯᠥᠪᠯᠡᠬᠦ ᠳᠤ ᠡᠬᠡ ᠨᠣᠣᠷᠠᠭ ᠲᠣᠭᠲᠠᠭᠠᠬᠤ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠭᠠᠷᠳᠠᠮ ᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠡᠬᠢᠯᠡᠭᠦᠯᠦᠨ᠎ᠡ᠃ | ᠭᠤᠷᠪᠠᠳᠤᠭᠠᠷ ᠤᠯᠠᠷᠢᠯ᠄ ᠠᠰᠢᠭᠯᠠᠯᠲᠠ ᠳᠤ ᠣᠷᠣᠭᠤᠯᠤᠨ᠎ᠠ᠃ | ︵ᠵᠢᠷᠭᠤᠭ᠎ᠠ︶ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠠᠨ | ᠬᠠᠷᠢᠭᠤᠴᠠᠯᠭᠠᠲᠤ ᠰᠠᠯᠠᠭ᠎ᠠ ᠮᠥᠴᠢᠷ᠄ ᠤᠳᠠ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠤᠨ | ᠬᠢᠵᠠᠭᠠᠷᠲᠤ ᠺᠣᠮᠫᠠᠨᠢ | ᠬᠠᠷᠢᠭᠤᠴᠠᠯᠭ᠎ᠠ ᠡᠭᠦᠷᠭᠡᠯᠡᠭᠴᠢ᠄ ᠸᠠᠩ ᠬᠠᠶ ᠮᠢᠩ | ᠭᠤᠷᠪᠠ᠂ ᠦᠬᠠᠢ ᠬᠤᠳᠠ ᠶᠢᠨ ᠭᠠᠪᠠᠯᠠ ᠲᠠᠷᠢᠬᠢᠨ ᠤ ᠭᠠᠳᠠᠷ ᠡᠮᠨᠡᠯᠭᠡ ᠶᠢᠨ ᠲᠤᠰᠬᠠᠢ ᠡᠪᠡᠳᠴᠢᠨ ᠢ | ᠣᠨᠣᠰᠢᠯᠠᠨ ᠡᠮᠨᠡᠬᠦ ᠲᠥᠪ ᠤᠨ ᠲᠦᠷᠦᠯ ᠵᠦᠢᠯ | ︵ᠨᠢᠭᠡ︶ ᠰᠡᠳᠦᠪ ᠤᠨ ᠠᠭᠤᠯᠭ᠎ᠠ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠪᠥᠬᠦ ᠬᠤᠲᠠ ᠶᠢᠨ ᠠᠩᠬᠠᠳᠠᠭᠴᠢ ᠭᠠᠪᠠᠯᠠ | ᠲᠠᠷᠢᠬᠢᠨ ᠤ ᠭᠠᠳᠠᠷ ᠡᠮᠨᠡᠯᠭᠡ ᠶᠢᠨ ᠲᠤᠰᠬᠠᠶ ᠡᠪᠡᠳᠴᠢᠨ ᠢ ᠣᠨᠣᠰᠢᠯᠠᠨ ᠡᠮᠨᠡᠬᠦ ᠲᠥᠪ ᠢ ᠪᠠᠶᠢᠭᠤᠯᠵᠤ᠂ ᠮᠡᠳᠡᠷᠡᠯ ᠤᠨ | ᠭᠠᠳᠠᠷ ᠡᠮᠨᠡᠯᠭᠡ ᠶᠢᠨ ᠲᠤᠰᠬᠠᠶ ᠰᠠᠯᠠᠭᠠᠨ ᠤ ᠲᠠᠷᠢᠬᠢᠨ ᠤ ᠴᠢᠰᠤᠨ ᠰᠤᠳᠠᠯ ᠤᠨ ᠰᠡᠭᠦᠳᠡᠷ ᠦᠢᠯᠡᠳᠬᠦ ᠮᠠᠰᠢᠨ | ︵DSA︶᠂ ᠭᠠᠪᠠᠯᠠ ᠳᠣᠲᠣᠷᠠᠬᠢ ᠳᠠᠷᠤᠯᠲᠠ ᠶᠢᠨ ᠬᠢᠨᠠᠨ ᠬᠠᠮᠠᠭᠠᠯᠠᠬᠤ ᠬᠤᠷᠣᠭᠳᠠᠯ ᠮᠠᠲ᠋ᠧᠷᠢᠶᠠᠯ ᠵᠡᠷᠭᠡ | ᠲᠥᠬᠦᠭᠡᠷᠦᠮᠵᠢ ᠶᠢ ᠨᠡᠮᠡᠵᠦ ᠪᠠᠶᠢᠭᠤᠯᠤᠨ᠂ ᠴᠢᠰᠤ ᠳᠤᠲᠠᠭᠳᠠᠵᠤ ᠪᠠᠶᠢᠭ᠎ᠠ ᠴᠢᠨᠠᠷᠲᠠᠶ ᠲᠠᠷᠢᠬᠢᠨ ᠤ ᠴᠢᠰᠤᠨ ᠰᠤᠳᠠᠯ ᠤᠨ | ᠡᠪᠡᠳᠴᠢᠨ ᠵᠢᠴᠢ ᠯᠤᠭᠰᠢᠭᠤᠨ ᠰᠤᠳᠠᠯ ᠤᠨ ᠬᠠᠪᠤᠳᠠᠷ ᠢ ᠵᠠᠰᠠᠬᠤ ᠳᠤ ᠬᠡᠷᠡᠭᠯᠡᠨ᠎ᠡ᠃ ᠲᠥᠪ ᠳᠤᠮᠳᠠ ᠵᠡᠷᠭᠡ ᠶᠢᠨ | ᠮᠡᠳᠡᠷᠡᠯ ᠤᠨ ᠴᠠᠬᠢᠯᠭᠠᠨ ᠢᠶᠠᠷ ᠰᠡᠳᠡᠯᠲᠡ ᠥᠭᠬᠦ ᠡᠮᠨᠡᠨ ᠵᠠᠰᠠᠬᠤ ᠮᠠᠰᠢᠨ᠂ ᠭᠠᠪᠠᠯᠠ ᠶᠢᠨ ᠰᠣᠷᠢᠨᠵᠢᠨ ᠡᠮᠨᠡᠨ ᠵᠠᠰᠠᠬᠤ | ᠮᠠᠰᠢᠨ ︵ᠰᠡᠷᠡᠭᠳᠡᠬᠦ ᠶᠢ ᠠᠬᠢᠭᠤᠯᠤᠨ ᠬᠡᠷᠡᠭᠯᠡᠬᠦ︶᠂ ᠵᠠᠯᠭᠢᠬᠤ ᠠᠵᠢᠯᠯᠠᠭᠠᠨ ᠤ ᠴᠠᠬᠢᠯᠭᠠᠨ ᠰᠡᠳᠡᠯᠲᠡ᠂ ᠲᠠᠷᠢᠬᠢᠨ ᠤ | ᠴᠢᠰᠤᠨ ᠤᠷᠤᠰᠬᠠᠯ ᠤᠨ ᠵᠢᠷᠤᠭ ᠤᠨ ᠮᠠᠰᠢᠨ ᠵᠡᠷᠭᠡ ᠲᠥᠬᠦᠭᠡᠷᠦᠮᠵᠢ ᠶᠢ ᠬᠤᠳᠠᠯᠳᠤᠨ ᠠᠪᠴᠤ ᠡᠷᠡᠭᠦᠯᠵᠢᠯ ᠤᠨ | ᠡᠮᠨᠡᠨ ᠵᠠᠰᠠᠬᠤ ᠳᠤ ᠬᠡᠷᠡᠭᠯᠡᠨ᠎ᠡ᠃ ᠨᠢᠩᠰᠢᠶᠠ ᠶᠢᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠶᠡᠷᠦᠩᠬᠡᠶ | ᠬᠦᠷᠢᠶᠡᠯᠡᠩ ᠤᠨ ᠮᠡᠳᠡᠷᠡᠯ ᠤᠨ ᠭᠠᠳᠠᠷ ᠰᠠᠯᠠᠭ᠎ᠠ ᠯᠤᠭ᠎ᠠ ᠶᠢᠨ ᠬᠠᠮᠲᠤᠷᠠᠯᠴᠠᠬᠤ ᠬᠠᠷᠢᠴᠠᠭ᠎ᠠ ᠶᠢ ᠭᠦᠢᠴᠡᠳ | ᠪᠠᠳᠠᠷᠠᠭᠤᠯᠵᠤ᠂ ᠭᠠᠵᠠᠷ ᠣᠷᠣᠨ ᠤ ᠦᠨᠳᠦᠰᠦᠨ ᠱᠠᠲᠤᠨ ᠤ ᠡᠮᠴᠢᠯᠡᠭᠡᠨ ᠤ ᠬᠢᠷᠢ ᠬᠡᠮᠵᠢᠶ᠎ᠡ ᠶᠢ ᠦᠨᠡᠨᠬᠦ | ᠳᠡᠭᠡᠭᠰᠢᠯᠡᠭᠦᠯᠬᠦ ᠬᠡᠷᠡᠭᠲᠡᠶ᠃ | ︵ᠬᠤᠶᠠᠷ︶ ᠪᠡᠯᠡ ᠣᠷᠣᠭᠤᠯᠬᠤ ᠲᠥᠯᠥᠪᠯᠡᠭᠡ | ᠲᠥᠷᠥᠯ ᠵᠦᠢᠯ ᠤᠨ ᠵᠢᠱᠢᠯᠲᠡ ᠪᠠᠷ ᠶᠡᠷᠦᠩᠬᠡᠶ ᠪᠡᠯᠡ ᠣᠷᠣᠭᠤᠯᠤᠯᠲᠠ 523 ᠲᠦᠮᠡᠨ ᠲᠥᠭᠦᠷᠢᠭ᠂ ᠪᠡᠯᠡ | ᠮᠥᠩᠭᠦ ᠶᠢᠨ ᠢᠷᠡᠯᠲᠡ ᠨᠢ ᠵᠠᠰᠠᠭ ᠤᠨ ᠣᠷᠳᠣᠨ ᠤ ᠴᠢᠨᠠᠷᠲᠠᠶ ᠪᠡᠯᠡ ᠮᠥᠩᠭᠦ ︵ᠲᠤᠭᠤᠷᠢᠭ ᠤᠨ ᠱᠠᠲᠤᠨ ᠤ ᠡᠳ᠋ ᠤᠨ | ᠵᠠᠰᠠᠭ ᠠᠴᠠ 323 ᠲᠦᠮᠡᠨ ᠲᠥᠭᠦᠷᠢᠭ᠂ ᠳᠡᠭᠡᠳᠦ ᠱᠠᠲᠤᠨ ᠤ ᠪᠡᠯᠡ ᠮᠥᠩᠭᠦ 200 ᠲᠦᠮᠡᠨ ᠲᠥᠭᠦᠷᠢᠭ︶᠃ | ︵ᠭᠤᠷᠪᠠ︶ ᠪᠡᠶᠡᠯᠡᠭᠦᠯᠬᠦ ᠭᠠᠵᠠᠷ ᠣᠷᠣᠨ | ᠤᠳᠠ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠃ | ︵ᠲᠦᠷᠪᠡ︶ ᠪᠡᠶᠡᠯᠡᠭᠦᠯᠬᠦ ᠴᠠᠭ ᠬᠤᠭᠤᠴᠠᠭ᠎ᠠ | 2024 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ᠃ | ︵ᠲᠠᠪᠤ︶ ᠠᠬᠢᠴᠠ ᠶᠢᠨ ᠲᠤᠬᠢᠷᠠᠭᠤᠯᠭ᠎ᠠ | ᠨᠢᠭᠡᠳᠦᠭᠡᠷ ᠤᠯᠠᠷᠢᠯ᠄ | 1.ᠳᠡᠭᠡᠳᠦ ᠱᠠᠲᠤᠨ ᠤ ᠪᠡᠯᠡ ᠮᠥᠩᠭᠦ ᠶᠢ ᠴᠢᠷᠮᠠᠶᠢᠨ ᠣᠯᠤᠨ᠎ᠠ︔ | 2.ᠬᠠᠮᠢᠶ᠎ᠠ ᠪᠦᠬᠦᠢ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠤᠨ᠎ᠠ᠃ | ᠬᠤᠶᠠᠳᠤᠭᠠᠷ ᠤᠯᠠᠷᠢᠯ᠄ ᠲᠣᠬᠢᠷᠠᠭᠤᠯᠤᠨ ᠬᠡᠷᠡᠭᠯᠡᠵᠦ ᠲᠥᠬᠦᠭᠡᠷᠦᠮᠵᠢ ᠣᠷᠣᠭᠤᠯᠪᠠ᠃ | ᠭᠤᠷᠪᠠᠳᠤᠭᠠᠷ ᠤᠯᠠᠷᠢᠯ ᠳᠤ᠄ ᠨᠡᠶᠢᠭᠡᠮ ᠳᠤ ᠬᠠᠨᠳᠤᠭᠤᠯᠤᠨ ᠡᠪᠡᠳᠴᠢᠲᠡᠨ ᠢ ᠬᠦᠯᠢᠶᠡᠨ ᠠᠪᠴᠤ ᠡᠮᠨᠡᠨ᠎ᠡ᠃ | ︵ᠵᠢᠷᠭᠤᠭ᠎ᠠ︶ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠠᠨ | ᠬᠠᠷᠢᠭᠤᠴᠠᠯᠭᠠᠲᠤ ᠰᠠᠯᠠᠭ᠎ᠠ ᠮᠥᠴᠢᠷ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠬᠠᠷᠢᠭᠤᠴᠠᠯᠭ᠎ᠠ ᠡᠭᠦᠷᠭᠡᠯᠡᠭᠴᠢ᠄ ᠯᠢ ᠷᠦᠩ ᠸᠧᠶ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠥᠷᠪᠡᠳᠦᠭᠡᠷ ᠤᠳᠠᠭᠠᠨ ᠤ ᠪᠦᠬᠦ | ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ | ︹2020︺ 18 ᠳ᠋ᠤᠭᠠᠷ ᠲᠣᠭᠠᠲᠤ︶ ᠵᠢᠴᠢ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ | ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ | ᠵᠠᠰᠠᠭ ᠲᠠᠷᠬᠠᠭᠠᠭᠰᠠᠨ ﹇2020﹈ 26 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠳᠥᠷᠪᠡᠳᠦᠭᠡᠷ ᠤᠳᠠᠭᠠᠨ ᠤ ᠪᠥᠬᠦ | ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ | ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠲᠥᠯᠥᠭᠡ᠂ ᠡᠳᠦᠭᠡ | ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠴᠢᠭᠯᠡᠯᠲᠡ ᠶᠢ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ | ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠪᠦᠬᠦ ᠲᠤᠭᠤᠷᠢᠭ ᠤᠨ ᠳᠥᠷᠪᠡᠳᠦᠭᠡᠷ | ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠴᠢᠩᠭᠠᠳᠬᠠᠬᠤ ᠶᠢ | ᠪᠠᠷᠢᠮᠲᠠᠯᠠᠵᠤ᠂ ᠪᠦᠬᠦ ᠲᠤᠭᠤᠷᠢᠭ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ | ᠪᠠᠶᠠᠯᠢᠭ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠵᠤ᠂ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠪᠣᠯᠣᠨ ᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠬᠤᠶᠠᠷ᠂ ᠬᠠᠷᠠᠯᠲᠠ ᠶᠢᠨ ᠡᠭᠦᠷᠭᠡ | ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠶᠡᠷᠦᠩᠬᠡᠶ ᠬᠠᠷᠠᠯᠲᠠ ᠶᠣᠰᠣᠭᠠᠷ᠂ ᠮᠠᠨ ᠤ ᠲᠤᠭᠤᠷᠢᠭ ᠯᠠᠪᠳᠠᠭᠤᠨ ᠪᠠᠲᠤᠲᠠᠶ ᠪᠥᠭᠡᠳ | ᠪᠦᠲᠦᠮᠵᠢᠲᠡᠶ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠪᠠᠷ ᠳᠠᠮᠵᠢᠨ᠂ ᠳᠣᠤᠷᠠᠬᠢ ᠮᠡᠲᠦ ᠠᠵᠢᠯ ᠤᠨ | ᠬᠠᠷᠠᠯᠲᠠ ᠪᠣᠯᠤᠨ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ ᠤᠳᠠ ᠲᠣᠭᠤᠷᠢᠭ ᠤᠨ ᠰᠢᠯᠵᠢᠭᠦᠯᠵᠦ ᠪᠣᠯᠤᠰᠢ ᠦᠭᠡᠢ | ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠭᠠᠷᠴᠠᠭ ᠪᠣᠯᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ | ᠪᠦᠬᠦ ᠲᠤᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠡᠳ᠋ ᠬᠦᠷᠦᠩᠭᠡ ᠶᠢ | ᠬᠥᠳᠡᠯᠦᠩᠭᠦᠢ ᠪᠠᠷ ᠬᠠᠮᠢᠶᠠᠷᠤᠨ᠎ᠠ᠃ ᠬᠤᠶᠠᠷ ᠲᠤ᠂ ᠰᠢᠯᠵᠢᠭᠦᠯᠵᠦ ᠪᠣᠯᠤᠰᠢ ᠥᠬᠡᠶ ᠲᠡᠦᠬᠡ ᠶᠢᠨ ᠳᠤᠷᠠᠰᠬᠠᠯᠲᠤ | ᠵᠦᠢᠯᠡᠰ ᠢ ᠮᠠᠭᠠᠳᠯᠠᠨ ᠲᠣᠭᠲᠠᠭᠠᠵᠤ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠥᠬᠦ ᠲᠤᠭᠤᠷᠢᠭ ᠤᠨ | ᠰᠢᠯᠵᠢᠭᠦᠯᠵᠦ ᠪᠣᠯᠤᠰᠢ ᠥᠬᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ | ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠭᠤᠷᠪᠠ ᠳᠤ᠂ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ | ᠨᠡᠶᠢᠳᠡᠮ ᠪᠠᠶᠢᠴᠠᠭᠠᠬᠤ᠂ ᠲᠤᠰᠬᠠᠢ ᠵᠦᠢᠯ ᠢᠶᠠᠷ ᠪᠠᠶᠢᠴᠠᠭᠠᠬᠤ᠂ ᠣᠷᠣᠨ ᠵᠠᠢ ᠶᠢ ᠬᠠᠮᠢᠶᠠᠷᠤᠨ ᠡᠵᠡᠮᠳᠡᠬᠦ᠂ | ᠬᠥᠳᠡᠯᠦᠩᠭᠦᠢ ᠪᠠᠷ ᠬᠢᠨᠠᠨ ᠬᠡᠮᠵᠢᠬᠦ ᠶᠢ ᠬᠠᠷᠢᠯᠴᠠᠨ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠳᠥᠷᠪᠡ ᠳᠤ ᠲᠤᠰᠬᠠᠶ ᠮᠡᠷᠭᠡᠵᠢᠯ ᠤᠨ | ᠠᠵᠢᠯᠲᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠰᠣᠶᠣᠯ ᠤᠨ ᠥᠪ ᠢ ᠬᠠᠮᠠᠭᠠᠯᠠᠬᠤ | ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠪᠦᠬᠦ ᠠᠷᠠᠳ ᠤᠨ ᠰᠣᠶᠣᠯ ᠤᠨ ᠥᠪ ᠢ ᠬᠠᠮᠠᠭᠠᠯᠠᠬᠤ ᠦᠵᠡᠯ | ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ | ᠭᠤᠷᠪᠠ᠂ ᠨᠡᠶᠢᠳᠡᠮ ᠪᠠᠶᠢᠴᠠᠭᠠᠯᠲᠠ ᠶᠢᠨ ᠬᠡᠪᠴᠢᠶ᠎ᠡ ᠪᠣᠯᠤᠨ ᠠᠭᠤᠯᠭ᠎ᠠ | ︵ᠨᠢᠭᠡ︶ ᠨᠡᠶᠢᠳᠡᠮ ᠪᠠᠶᠢᠴᠠᠭᠠᠬᠤ ᠬᠦᠷᠢᠶ᠎ᠡ ᠬᠡᠪᠴᠢᠶ᠎ᠡ᠃ ᠨᠢᠭᠡᠨᠲᠡ ᠮᠠᠭᠠᠳᠯᠠᠨ ᠲᠤᠭᠲᠠᠭᠠᠭᠰᠠᠨ᠂ ᠳᠠᠩᠰᠠᠯᠠᠭᠰᠠᠨ | ᠰᠢᠯᠵᠢᠭᠦᠯᠵᠦ ᠪᠣᠯᠤᠰᠢ ᠦᠭᠡᠢ 2 ᠲᠡᠦᠬᠡ ᠶᠢᠨ ᠳᠤᠷᠠᠰᠬᠠᠯᠲᠤ ᠵᠦᠢᠯ ᠢ ᠳᠠᠬᠢᠨ ᠪᠠᠶᠢᠴᠠᠭᠠᠬᠤ ᠶᠢᠨ ᠬᠠᠮᠲᠤ | ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠬᠤ | ᠬᠡᠷᠡᠭᠲᠡᠢ᠃ | ︵ᠬᠤᠶᠠᠷ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠨᠡᠷᠡᠶᠢᠳᠦᠯ᠂ | ᠣᠷᠣᠨ ᠵᠠᠶ ᠶᠢᠨ ᠬᠠᠮᠠᠭᠠᠯᠠᠯᠲᠠ ᠶᠢᠨ ᠵᠡᠷᠭᠡ ᠳᠡᠰ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠢᠯᠭᠠᠯ᠂ | ᠣᠨ ᠵᠢᠯ᠂ ᠡᠷᠬᠡ ᠶᠢᠨ ᠬᠠᠷᠢᠶ᠎ᠠ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃ | ᠳᠥᠷᠪᠡ᠂ ᠴᠠᠭ ᠬᠤᠭᠤᠴᠠᠭᠠᠨ ᠤ ᠲᠣᠬᠢᠷᠠᠭᠤᠯᠤᠯᠲᠠ | ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ | ᠨᠡᠶᠢᠳᠡᠮ ᠪᠠᠶᠢᠴᠠᠭᠠᠯᠲᠠ ᠨᠢ 2023 ᠣᠨ ᠤ 11 ᠰᠠᠷ᠎ᠠ ᠠᠴᠠ ᠡᠬᠢᠯᠡᠨ᠂ 2026 ᠣᠨ ᠤ 6 ᠰᠠᠷ᠎ᠠ ᠳᠤ | ᠳᠠᠭᠤᠰᠤᠨ᠎ᠠ᠂ ᠭᠤᠷᠪᠠᠨ ᠱᠠᠲᠤ ᠬᠤᠪᠢᠶᠠᠨ ᠶᠠᠪᠤᠭᠳᠠᠨ᠎ᠠ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠪᠣᠯ | 2024 ᠣᠨ ᠤ 4 ᠰᠠᠷ᠎ᠠ ᠶᠢᠨ 30 ᠤ ᠡᠳᠦᠷ ᠪᠣᠯᠤᠨ᠎ᠠ᠃ | ︵ᠨᠢᠭᠡ︶ ᠪᠡᠯᠡᠳᠬᠡᠯ ᠠᠵᠢᠯ ᠤᠨ ᠱᠠᠲᠤ ᠦᠶ᠎ᠡ ︵2023 ᠣᠨ ᠤ 11 ᠰᠠᠷ᠎ᠠ - 2024 ᠣᠨ ᠤ 4 ᠰᠠᠷ᠎ᠠ︶ | ᠠᠵᠢᠯ ᠤᠨ ᠡᠭᠦᠷᠭᠡ ᠨᠢ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠤᠨ ᠨᠡᠶᠢᠳᠡᠮ ᠪᠠᠶᠢᠴᠠᠭᠠᠯᠲᠠ ᠶᠢᠨ | ᠡᠩᠨᠡᠭᠡ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠯᠥᠪᠯᠡᠭᠡ ᠲᠣᠭᠲᠠᠭᠠᠵᠤ᠂ ᠨᠡᠶᠢᠳᠡᠮ | ᠪᠠᠶᠢᠴᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠪᠣᠯᠤᠨ ᠵᠢᠷᠤᠮᠵᠢᠯ ᠶᠣᠰᠣᠭᠠᠷ ᠨᠡᠶᠢᠳᠡᠮ ᠪᠠᠶᠢᠴᠠᠭᠠᠯᠲᠠ ᠶᠢᠨ ᠰᠢᠰᠲ᠋ᠧᠮ | ᠪᠣᠯᠤᠨ ᠵᠥᠭᠡᠯᠡᠨ ᠲᠣᠨᠤᠭ ᠢ ᠬᠡᠷᠡᠭᠯᠡᠨ᠂ ᠪᠣᠯᠪᠠᠰᠤᠷᠠᠭᠤᠯᠤᠯ᠂ ᠲᠤᠷᠰᠢᠯᠲᠠ ᠶᠢᠨ ᠴᠢᠭ ᠤᠨ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠶ᠃ | ︵ᠬᠤᠶᠠᠷ︶ ᠪᠠᠶᠢᠴᠠᠭᠠᠬᠤ ᠱᠠᠲᠤ ᠦᠶ᠎ᠡ ︵2024 ᠣᠨ ᠤ 5 ᠰᠠᠷ᠎ᠠ - 2025 ᠣᠨ ᠤ 5 ᠰᠠᠷ᠎ᠠ︶ | ᠠᠵᠢᠯ ᠤᠨ ᠡᠭᠦᠷᠭᠡ ᠨᠢ ᠲᠣᠭᠤᠷᠢᠭ ᠢᠶᠠᠷ ᠦᠨᠳᠦᠰᠦᠨ ᠨᠢᠭᠡᠴᠢ ᠪᠣᠯᠭᠠᠵᠤ᠂ ᠲᠤᠬᠠᠶ ᠶᠢᠨ ᠭᠠᠵᠠᠷ ᠲᠤᠨᠢ ᠲᠡᠤᠬᠡ ᠶᠢᠨ | ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢ ᠥᠷᠨᠢᠭᠦᠯᠦᠨ᠎ᠡ᠃ | ︵ᠭᠤᠷᠪᠠ︶ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ ᠳᠡᠩᠰᠡᠯᠡᠨ ᠲᠡᠮᠳᠡᠭᠯᠡᠵᠦ᠂ ᠨᠡᠶᠢᠲᠡᠯᠡᠬᠦ ᠱᠠᠲᠤ ᠦᠶ᠎ᠡ | ︵2025 ᠣᠨ ᠤ 6 ᠳ᠋ᠤᠭᠠᠷ ᠰᠠᠷ᠎ᠠ - 2026 ᠣᠨ ᠤ 6 ᠳ᠋ᠤᠭᠠᠷ ᠰᠠᠷ᠎ᠠ︶ ᠠᠵᠢᠯ ᠤᠨ ᠡᠭᠦᠷᠭᠡ ᠶᠢ ᠬᠠᠤᠯᠢ | ᠶᠣᠰᠣᠭᠠᠷ ᠦᠨᠡᠮᠰᠢᠵᠦ᠂ ᠳᠠᠩᠰᠠᠯᠠᠬᠤ ᠶᠢᠨ ᠬᠠᠮᠲᠤ ᠨᠡᠶᠢᠲᠡᠯᠡᠵᠦ᠂ ᠪᠦᠬᠦ ᠲᠤᠭᠤᠷᠢᠭ ᠤᠨ ᠰᠢᠯᠵᠢᠭᠦᠯᠵᠦ ᠪᠣᠯᠤᠰᠢ | ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠭᠠᠷᠴᠠᠭ ᠢ ᠪᠠᠶᠢᠭᠤᠯᠵᠤ᠂ ᠰᠢᠯᠭᠠᠨ ᠠᠪᠬᠤ | ᠠᠵᠢᠯ ᠢ ᠪᠡᠶᠡᠯᠡᠭᠦᠯᠬᠦ ᠶᠢᠨ ᠬᠠᠮᠲᠤ ᠨᠡᠶᠢᠭᠡᠮ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠬᠦ | ᠬᠡᠷᠡᠭᠲᠡᠶ᠃ ᠡᠭᠦᠨ ᠤ ᠬᠠᠮᠲᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠴᠢᠬᠤᠯᠠ ᠪᠦᠬᠦᠢ | ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠢ ᠴᠠᠭ ᠲᠤᠨᠢ ᠲᠣᠬᠢᠷᠠᠭᠤᠯᠤᠨ ᠵᠣᠬᠢᠴᠠᠩᠭᠤᠶ | ᠪᠦᠬᠦᠢ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠣᠯᠭᠠᠨ ᠨᠡᠶᠢᠲᠡᠯᠡᠬᠦ | ᠬᠡᠷᠡᠭᠲᠡᠶ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠳᠥᠷᠪᠡᠳᠦᠭᠡᠷ ᠤᠳᠠᠭᠠᠨ ᠤ ᠪᠦᠬᠦ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠮᠠᠨ ᠤ ᠤᠯᠤᠰ ᠤᠨ | ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠰᠠᠭᠤᠷᠢ ᠠᠵᠢᠯ ᠮᠥᠨ᠂ ᠤᠯᠤᠰ ᠤᠨ ᠪᠠᠶᠢᠳᠠᠯ ᠤᠯᠤᠰ ᠤᠨ | ᠬᠦᠴᠦᠨ ᠤ ᠪᠠᠶᠢᠴᠠᠭᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠤᠨ ᠲᠡᠦᠬᠡ ᠰᠣᠶᠣᠯ ᠤᠨ | ᠥᠪ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠪᠦᠷᠢᠯᠳᠦᠬᠦᠨ | ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠤᠬᠠᠭᠤᠯᠭ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠡᠶᠢᠳᠡᠮ | ᠪᠠᠶᠢᠴᠠᠭᠠᠯᠲᠠ ᠶᠢᠨ ᠡᠭᠦᠷᠭᠡ ᠪᠠᠨ ᠬᠤᠭᠤᠴᠠᠭ᠎ᠠ ᠶᠣᠰᠣᠭᠠᠷ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠤᠨ᠎ᠠ᠃ ᠤᠳᠠ ᠲᠣᠭᠤᠷᠢᠭ ᠤᠨ | ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠶᠠᠪᠤᠴᠠ ᠳᠠᠬᠢ | ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠵᠤ᠂ | ᠬᠤᠯᠪᠣᠭᠳᠠᠯ ᠪᠦᠬᠦᠢ ᠴᠢᠬᠤᠯᠠ ᠵᠦᠢᠯᠡᠰ ᠢ ᠬᠢᠨᠠᠨ ᠲᠣᠭᠲᠠᠭᠠᠨ᠎ᠠ᠃ ᠡᠭᠦᠨ ᠤ ᠬᠠᠮᠲᠤ ᠵᠣᠬᠢᠴᠠᠩᠭᠤᠶ ᠨᠡᠶᠢᠳᠡᠮ | ᠪᠠᠶᠢᠴᠠᠭᠠᠯᠲᠠ ᠶᠢᠨ ᠲᠣᠭᠲᠠᠴᠠ ᠶᠢ ᠪᠠᠶᠢᠭᠤᠯᠵᠤ᠂ ᠪᠦᠬᠦ ᠬᠤᠲᠠ ᠶᠢᠨ ᠨᠢᠭᠡᠳᠦᠯᠲᠡᠶ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠣᠰᠣᠭᠠᠷ᠂ ᠬᠠᠷᠢᠶ᠎ᠠ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ | ︵ᠭᠤᠷᠪᠠ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠲᠣᠭᠲᠠᠪᠤᠷᠢᠵᠢᠭᠤᠯᠤᠨ᠎ᠠ᠃ ᠠᠵᠢᠯ ᠤᠨ ᠬᠡᠷᠡᠭᠴᠡᠭᠡ ᠪᠠᠨ | ᠦᠨᠳᠦᠰᠦᠯᠡᠨ᠂ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠥᠷᠨᠢᠭᠦᠯᠬᠦ ᠶᠠᠪᠤᠴᠠ ᠳᠤ ᠤᠷᠢᠵᠤ ᠬᠡᠷᠡᠭᠯᠡᠬᠦ ᠪᠤᠶᠤ | ᠬᠤᠯᠪᠣᠭᠳᠠᠯ ᠪᠦᠬᠦᠢ ᠨᠢᠭᠡᠴᠢ ᠠᠴᠠ ᠵᠥᠪᠳᠡᠯᠴᠡᠨ ᠰᠢᠯᠵᠢᠭᠦᠯᠬᠦ ᠨᠥᠬᠦᠴᠡᠯ ᠳᠤ ᠨᠡᠶᠢᠴᠡᠬᠦ ᠬᠥᠮᠦᠰ ᠢ ᠨᠡᠶᠢᠳᠡᠮ | ᠪᠠᠶᠢᠴᠠᠭᠠᠯᠲᠠ ᠶᠢᠨ ᠡᠩᠨᠡᠭᠡ ᠳᠤ ᠣᠷᠣᠭᠤᠯᠵᠤ᠂ ᠤᠷᠢᠵᠤ ᠬᠡᠷᠡᠭᠯᠡᠬᠦ ᠬᠥᠮᠦᠰ ᠤᠨ ᠬᠥᠳᠡᠯᠮᠦᠷᠢ ᠦᠢᠯᠡᠴᠢᠯᠡᠭᠡᠨ ᠤ | ᠵᠠᠷᠤᠳᠠᠯ ᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠠᠴᠠ ᠭᠠᠷᠭᠠᠵᠤ᠂ ᠤᠷᠢᠵᠤ ᠬᠡᠷᠡᠭᠯᠡᠬᠦ ᠨᠢᠭᠡᠴᠢ ᠠᠴᠠ ᠥᠭᠴᠦ᠂ | ᠤᠷᠢᠵᠤ ᠬᠡᠷᠡᠭᠯᠡᠬᠦ ᠨᠢᠭᠡᠴᠢ ᠠᠴᠠ ᠤᠤᠯ ᠨᠢᠭᠡᠴᠢ ᠶᠢᠨ ᠠᠵᠢᠯ ᠤᠨ ᠪᠠᠶᠢᠷᠢ ᠶᠢ ᠦᠯᠡᠳᠡᠭᠡᠬᠦ ᠪᠠᠷ ᠵᠥᠪᠳᠡᠯᠴᠡᠵᠦ᠂ | ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠪᠠᠭᠤᠷᠠᠭᠤᠯᠬᠤ ᠦᠭᠡᠢ ᠪᠠᠶᠢᠵᠤ᠂ ᠶᠡᠭᠡ ᠳᠡᠭᠡᠳᠦ | ᠰᠤᠷᠭᠠᠭᠤᠯᠢ ᠶᠢᠨ ᠰᠣᠶᠣᠯ ᠦᠵᠡᠰᠬᠦᠯᠡᠩ ᠤᠨ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠰᠤᠷᠤᠭᠴᠢᠳ ᠢ ᠬᠠᠮᠲᠤᠷᠠᠨ | ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠬᠤ ᠶᠢᠨ ᠬᠠᠮᠲᠤ ᠲᠡᠭᠦᠨ ᠤ | ᠵᠢᠭᠠᠨ ᠰᠤᠷᠭᠠᠯᠲᠠ ᠶᠢᠨ ᠳᠠᠳᠤᠯᠭ᠎ᠠ ᠶᠢᠨ ᠬᠢᠴᠢᠶᠡᠯ ᠪᠣᠯᠭᠠᠵᠤ ᠪᠣᠯᠤᠨ᠎ᠠ᠃ | ︵ᠳᠥᠷᠪᠡ︶ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠦᠷᠢᠵᠢᠭᠤᠯᠤᠨ᠎ᠠ᠃ ︽2024 ᠣᠨ ᠤ | ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠰᠬᠠᠶ ᠪᠠᠯᠠ | ᠮᠥᠩᠭᠦ ᠶᠢ ᠤᠷᠢᠳᠴᠢᠯᠠᠨ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠤᠨ ᠮᠡᠳᠡᠭᠳᠡᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠲᠥᠪ︶ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠵᠦᠶ ᠵᠣᠬᠢᠰᠲᠠᠶ | ᠠᠰᠢᠭᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ | ᠥᠷᠨᠢᠬᠦ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | ︵ᠲᠠᠪᠤ︶ ᠨᠡᠶᠢᠳᠡᠮ ᠪᠠᠶᠢᠴᠠᠭᠠᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠨ᠎ᠡ᠃ ᠲᠡᠦᠬᠡ ᠶᠢᠨ ᠳᠤᠷᠠᠰᠬᠠᠯᠲᠤ | ᠵᠦᠢᠯᠡᠰ ᠢ ᠨᠡᠶᠢᠳᠡᠮ ᠪᠠᠶᠢᠴᠠᠭᠠᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠬᠠᠮᠢᠶᠠᠷᠬᠤ | ᠬᠠᠷᠢᠭᠤᠴᠠᠯᠭ᠎ᠠ ᠪᠠᠨ ᠭᠦᠢᠴᠡᠳᠬᠡᠨ᠎ᠡ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠮᠥᠷᠳᠡᠬᠦ ᠲᠣᠭᠲᠠᠴᠠ ᠶᠢ ᠪᠠᠶᠢᠭᠤᠯᠵᠤ᠂ ᠲᠤᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ︵ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠲᠥᠪ︶ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠬᠠᠷᠢᠭᠤᠴᠠᠵᠤ᠂ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠦᠨᠡᠨ | ᠪᠣᠳᠠᠲᠠᠶ ᠪᠠᠷ ᠲᠠᠭᠯᠠᠨ ᠮᠡᠳᠡᠭᠦᠯᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠢ ᠡᠵᠡᠮᠳᠡᠬᠦ ᠶᠢ | ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠲᠥᠰᠦᠯ ᠢ ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠴᠤᠪᠤᠷᠠᠯ ᠢ ᠵᠢᠷᠤᠮᠵᠢᠭᠤᠯᠵᠤ᠂ ᠬᠡᠷᠡᠭ ᠤᠨ ᠡᠮᠦᠨ᠎ᠡ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ | ᠶᠠᠰᠤ ᠴᠢᠨᠠᠷ ᠢ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠨᠡᠶᠢᠳᠡᠮ ᠪᠠᠶᠢᠴᠠᠭᠠᠯᠲᠠ ᠶᠢᠨ | ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠶ ᠪᠠᠶᠢᠬᠤ ᠶᠢ | ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ | ᠬᠠᠳᠠᠭᠠᠯᠠᠬᠤ ᠪᠠ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢ ᠵᠣᠷᠢᠭᠤᠳᠠ ᠭᠠᠷ ᠲᠦᠷᠦᠭᠦ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ | ︵ᠵᠢᠷᠭᠤᠭ᠎ᠠ︶ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠰᠠᠯᠠᠭ᠎ᠠ ᠮᠥᠴᠢᠷ ᠵᠢᠴᠢ ᠬᠤᠪᠢ ᠬᠥᠮᠦᠨ | ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠶ᠂ ᠬᠤᠳᠠᠯ ᠢᠶᠠᠷ | ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠢ᠂ ᠮᠡᠳᠡᠭᠦᠯᠬᠦ ᠶᠢ ᠲᠡᠪᠴᠢᠵᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ | ᠦᠭᠡᠢ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠪᠠ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠵᠤ᠂ ᠵᠠᠰᠠᠪᠤᠷᠢ | ᠣᠷᠣᠭᠤᠯᠵᠤ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠭᠠᠷᠪᠠᠯ᠂ ᠬᠠᠤᠯᠢ ᠰᠠᠬᠢᠯᠭ᠎ᠠ ᠶᠣᠰᠣᠭᠠᠷ | ᠰᠢᠢᠳᠪᠦᠷᠢᠯᠡᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯᠤᠨ ᠮᠠᠲ᠋ᠧᠷᠢᠶᠠᠯ ᠢ ᠲᠣᠬᠢᠲᠠᠶ ᠬᠠᠳᠠᠭᠠᠯᠠᠵᠤ᠂ ᠨᠡᠶᠢᠳᠡᠮ ᠪᠠᠶᠢᠴᠠᠭᠠᠯᠲᠠ ᠳᠤ | ᠬᠤᠯᠪᠣᠭᠳᠠᠬᠤ ᠤᠯᠤᠰ ᠤᠨ ᠨᠢᠭᠤᠴᠠ ᠶᠢᠨ ᠨᠢᠭᠤᠴᠠ ᠶᠢ ᠬᠠᠮᠠᠭᠠᠯᠠᠬᠤ ᠡᠭᠦᠷᠭᠡ ᠶᠢ ᠭᠦᠢᠴᠡᠳᠬᠡᠬᠦ ᠬᠡᠷᠡᠭᠲᠡᠶ᠂ ᠬᠡᠷᠪᠡ | ᠨᠢᠭᠤᠴᠠ ᠶᠢ ᠵᠠᠳᠠᠷᠠᠭᠤᠯᠤᠭᠰᠠᠨ ᠬᠡᠷᠡᠭ ᠭᠠᠷᠪᠠᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤᠮᠳᠠ᠂ ᠬᠡᠷᠪᠡ ᠵᠣᠷᠢᠭᠤᠳᠠ ᠡᠪᠳᠡᠬᠦ᠂ ᠬᠢᠨᠠᠯᠲᠠ ᠬᠠᠮᠢᠶᠠᠷᠤᠯᠲᠠ | ᠰᠤᠯᠠ ᠪᠠᠶᠢᠬᠤ ᠵᠡᠷᠭᠡ ᠬᠦᠴᠦᠨ ᠵᠦᠢᠯ ᠠᠴᠠ ᠪᠣᠯᠵᠤ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ | ᠵᠦᠢᠯᠡᠰ ᠡᠪᠳᠡᠭᠳᠡᠭᠰᠡᠨ᠂ ᠬᠦᠴᠦᠨ ᠦᠭᠡᠢ ᠪᠣᠯᠭᠠᠭᠰᠠᠨ᠂ ᠤᠰᠠᠳᠴᠤ ᠭᠡᠭᠡᠭᠳᠡᠭᠰᠡᠨ ᠪᠠᠶᠢᠳᠠᠯ ᠢ ᠣᠯᠵᠤ ᠮᠡᠳᠡᠪᠡᠯ᠂ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ | ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ ᠪᠣᠯᠤᠨ᠎ᠠ᠃ | 2024 ᠣᠨ ᠤ 2 ᠰᠠᠷ᠎ᠠ ᠶᠢᠨ 26 ᠤ ᠡᠳᠦᠷ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠤᠳᠠ ᠲᠣᠭᠤᠷᠢᠭ ᠤᠨ ᠠᠯᠢ | ᠴᠢᠳᠠᠬᠤ ᠪᠠᠷ ᠠᠷᠪᠢᠯᠠᠨ ᠭᠠᠮᠨᠠᠵᠤ ᠭᠠᠮᠨᠠᠵᠤ ᠠᠮᠢᠳᠤᠷᠠᠬᠤ ᠶᠢ ᠪᠠᠷᠢᠮᠲᠠᠯᠠᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ᠠᠯᠢ ᠴᠢᠳᠠᠬᠤ ᠪᠠᠷ ᠠᠷᠪᠢᠯᠠᠨ ᠭᠠᠮᠨᠠᠬᠤ ᠶᠢ ᠡᠷᠬᠢᠮᠯᠡᠵᠦ ︿ᠠᠷᠪᠢᠯᠠᠨ ᠭᠠᠮᠨᠠᠵᠤ | ᠠᠮᠢᠳᠤᠷᠠᠬᠤ﹀ ᠶᠢ ᠪᠠᠷᠢᠮᠲᠠᠯᠠᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠲᠤᠭᠤᠷᠢᠭ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | 2024 ᠣᠨ ᠤ 2 ᠰᠠᠷ᠎ᠠ ᠶᠢᠨ 7 ᠤ ᠡᠳᠦᠷ | ᠤᠳᠠ ᠲᠣᠭᠤᠷᠢᠭ ᠤᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠠᠷᠪᠢᠯᠠᠨ ᠭᠠᠮᠨᠠᠵᠤ ᠠᠮᠢᠳᠤᠷᠠᠬᠤ ᠶᠢ | ᠪᠠᠷᠢᠮᠲᠠᠯᠠᠬᠤ ᠲᠤᠬᠠᠶ ᠠᠷᠭ᠎ᠠ ᠬᠡᠮᠵᠢᠶ᠎ᠡ ᠨᠦᠭᠦᠳ | ︽ᠵᠠᠰᠠᠭ ᠤᠨ ᠣᠷᠳᠣᠨ ᠪᠠ ᠰᠠᠯᠠᠭ᠎ᠠ ᠮᠥᠴᠢᠷ ᠲᠦᠷᠦᠭᠦᠯᠡᠨ ᠠᠷᠪᠢᠴᠢ ᠭᠠᠮᠲᠠᠶ ᠠᠮᠢᠳᠤᠷᠠᠬᠤ ᠡᠩ ᠤᠨ | ᠴᠢᠨᠠᠷᠲᠠᠶ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠲᠥᠰᠦᠪ ︹2020︺ 317 | ᠳ᠋ᠤᠭᠠᠷ ᠲᠣᠭᠠᠲᠤ︶ ᠪᠠ ︽ᠦᠬᠠᠶ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠵᠠᠰᠠᠭ ᠤᠨ ᠣᠷᠳᠣᠨ ᠪᠠ | ᠰᠠᠯᠠᠭ᠎ᠠ ᠮᠥᠴᠢᠷ ᠲᠦᠷᠦᠭᠦᠯᠡᠨ ᠠᠷᠪᠢᠯᠠᠨ ᠭᠠᠮᠨᠠᠬᠤ ᠡᠩ ᠤᠨ ᠴᠢᠨᠠᠷᠲᠠᠶ ᠵᠠᠷᠤᠯᠭ᠎ᠠ ᠶᠢᠨ ᠬᠠᠮᠢᠶᠠᠷᠤᠯᠲᠠ ᠶᠢ | ᠴᠢᠩᠭᠠᠳᠬᠠᠬᠤ ᠲᠤᠬᠠᠶ ᠨᠥᠬᠦᠪᠥᠷᠢ ᠮᠡᠳᠡᠭᠳᠡᠯ︾ ︵ᠦᠬᠠᠢ ᠵᠠᠰᠠᠭ ᠲᠥᠰᠦᠪ ﹇2020﹈ 1205 ᠳ᠋ᠤᠭᠠᠷ | ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ︽ᠠᠷᠪᠢᠯᠠᠨ ᠭᠠᠮᠨᠠᠬᠤ ᠦᠵᠡᠯ ᠰᠠᠨᠠᠭ᠎ᠠ︾ | ᠶᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠦᠵᠡᠯ | ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠳᠣᠤᠷᠠᠬᠢ ᠱᠠᠭᠠᠷᠳᠠᠯᠭ᠎ᠠ ᠶᠢ ᠳᠤᠷᠠᠳᠪᠠ᠃ | 1.ᠠᠰᠠᠷ ᠲᠠᠩᠬᠢᠮ ᠪᠠᠭᠤᠳᠠᠯ ᠰᠢᠨ᠎ᠡ ᠪᠠᠷ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠪᠥᠬᠦ ᠲᠤᠭᠤᠷᠢᠭ ᠤᠨ | ᠡᠯ᠎ᠡ ᠰᠠᠯᠠᠭ᠎ᠠ ᠮᠥᠴᠢᠷ᠂ ᠨᠢᠭᠡᠴᠡ᠂ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠴᠥᠮ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠵᠢᠴᠢ ᠶᠡᠭᠡ ᠬᠡᠪᠴᠢᠶᠡᠨ ᠤ ᠰᠡᠯᠪᠢᠨ | ᠵᠠᠰᠠᠬᠤ ᠠᠰᠠᠷ ᠲᠠᠩᠬᠢᠮ ᠪᠠᠭᠤᠳᠠᠯ ︵ᠲᠤᠬᠠᠶᠢᠯᠠᠪᠠᠯ ᠠᠯᠪᠠᠨ ᠭᠡᠷ ᠵᠢᠴᠢ ᠪᠣᠯᠪᠠᠰᠤᠷᠠᠯ ᠤᠨ ᠲᠥᠪ ᠵᠡᠷᠭᠡ ᠬᠤᠨᠤᠭ | ᠪᠠᠭᠤᠳᠠᠯ᠂ ᠬᠤᠷᠠᠯ᠂ ᠢᠳᠡᠭᠡᠨ ᠤᠮᠳᠠᠭᠠᠨ ᠵᠡᠷᠭᠡ ᠭᠥᠯᠢᠶᠡᠨ ᠠᠪᠬᠤ ᠴᠢᠳᠠᠮᠵᠢ ᠲᠠᠢ ᠪᠡᠯᠡᠳᠬᠡᠮᠵᠢ ᠪᠤᠶᠤ ᠲᠠᠯᠠᠪᠤᠷ | ᠭᠠᠵᠠᠷ ᠢ ᠵᠢᠭᠠᠵᠤ ᠪᠣᠶ︶ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠵᠤ ᠪᠣᠯᠬᠤ | ᠥᠬᠡᠶ᠃ | 2.ᠬᠡᠲᠦᠷᠬᠡᠢ ᠵᠠᠰᠠᠵᠤ ᠴᠢᠮᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠨᠡᠭᠦᠯᠭᠡᠬᠦ ᠪᠤᠶᠤ ᠠᠮᠤᠷ ᠲᠦᠪᠰᠢᠨ ᠤ | ᠳᠠᠯᠳᠠ ᠭᠡᠮ ᠣᠷᠣᠰᠢᠵᠤ ᠪᠠᠶᠢᠬᠤ ᠠᠴᠠ ᠪᠣᠯᠵᠤ ᠡᠷᠬᠡᠪᠰᠢ ᠰᠡᠯᠪᠢᠨ ᠵᠠᠰᠠᠵᠤ ᠥᠭᠡᠷᠡᠴᠢᠯᠡᠬᠦ ᠶᠢ ᠭᠠᠷᠭᠠᠪᠠᠯ᠂ ᠵᠠᠷᠴᠢᠮ | ᠳᠡᠭᠡᠷ᠎ᠡ ᠪᠠᠨ ᠣᠳᠣ ᠶᠢᠨ ᠪᠠᠶᠢᠭ᠎ᠠ ᠠᠵᠢᠯᠯᠠᠬᠤ ᠭᠠᠵᠠᠷ᠂ ᠬᠤᠷᠠᠯ ᠤᠨ ᠲᠥᠪ ᠵᠡᠷᠭᠡ ᠶᠢ ᠳᠠᠬᠢᠵᠤ ᠵᠠᠰᠠᠵᠤ ᠴᠢᠮᠡᠭᠯᠡᠬᠦ ᠶᠢ | ᠵᠥᠪᠰᠢᠶᠡᠷᠡᠬᠦ ᠦᠭᠡᠢ᠃ ᠵᠠᠰᠠᠨ ᠴᠢᠮᠡᠭᠯᠡᠬᠦ ᠶᠢ ᠴᠥᠮ ᠳᠥᠭᠦᠮ᠂ ᠬᠡᠲᠦᠷᠡᠲᠡᠯ᠎ᠡ ᠵᠠᠰᠠᠨ ᠴᠢᠮᠡᠭᠯᠡᠬᠦ ᠶᠢ ᠴᠢᠩᠭ᠎ᠠ | ᠴᠠᠭᠠᠵᠠᠯᠠᠵᠤ᠂ ᠡᠯ᠎ᠡ ᠲᠥᠷᠥᠯ ᠤᠨ ᠠᠯᠪᠠᠨ ᠲᠥᠬᠦᠭᠡᠷᠦᠮᠵᠢ᠂ ᠰᠢᠷᠡᠭᠡ ᠰᠠᠨᠳᠠᠯᠢ ᠶᠢ ᠨᠢᠭᠡ ᠯᠡ ᠤᠳᠠᠭ᠎ᠠ ᠳᠤ ᠪᠦᠬᠦᠨ ᠢ | ᠰᠢᠨ᠎ᠡ ᠶᠢ ᠰᠣᠯᠢᠬᠤ ᠶᠢ ᠴᠢᠩᠭ᠎ᠠ ᠴᠠᠭᠠᠵᠠᠯᠠᠨ᠎ᠠ᠃ | 3.ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠢ ᠴᠢᠩᠭ᠎ᠠ ᠡᠵᠡᠮᠳᠡᠨ᠎ᠡ᠃ | 2024 - 2027 ᠣᠨ ᠳᠤ ᠵᠠᠷᠴᠢᠮ ᠳᠡᠭᠡᠷ᠎ᠡ ᠪᠠᠨ ᠲᠤᠭᠤᠷᠢᠭ ᠤᠨ ᠱᠠᠲᠤᠨ ᠤ ᠲᠥᠰᠦᠪ ᠲᠤ ᠵᠠᠰᠠᠭ ᠤᠨ | ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠤᠨ ᠪᠠᠯᠠ ᠮᠥᠩᠭᠦ ᠶᠢ ᠳᠣᠭᠢᠷᠠᠭᠤᠯᠬᠤ ᠥᠬᠡᠶ᠂ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠤᠨ ᠪᠠᠯᠠ ᠮᠥᠩᠭᠦ ᠶᠢ ᠳᠡᠭᠡᠳᠦ | ᠱᠠᠲᠤᠨ ᠤ ᠲᠤᠰᠬᠠᠶ ᠪᠠᠯᠠ ᠮᠥᠩᠭᠦ ᠶᠢ ᠤᠯᠬᠤ ᠪᠠᠷ ᠳᠠᠮᠵᠢᠭᠤᠯᠤᠨ ᠰᠢᠢᠳᠪᠦᠷᠢᠯᠡᠬᠦ ᠴᠢᠬᠤᠯᠠᠲᠠᠶ ᠪᠥᠭᠡᠳ ᠲᠣᠰ | ᠱᠠᠲᠤᠨ ᠤ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢᠨ ᠬᠡᠪᠴᠢᠶ᠎ᠡ ᠠᠴᠠ ᠳᠠᠪᠠᠭᠤᠯᠤᠨ ᠲᠤᠭᠤᠷᠢᠭ ᠤᠨ | ᠱᠠᠲᠤᠨ ᠤ ᠲᠥᠰᠦᠪ ᠤᠨ ᠪᠠᠯᠠ ᠮᠥᠩᠭᠦ ᠶᠢ ᠵᠣᠬᠢᠴᠠᠭᠤᠯᠬᠤ ᠠᠮᠠᠯᠠᠯᠲᠠ ᠬᠢᠵᠦ ᠪᠣᠯᠬᠤ ᠥᠬᠡᠶ᠃ ᠪᠡᠯᠡ ᠮᠥᠩᠭᠦ ᠶᠢᠨ | ᠢᠷᠡᠯᠲᠡ ᠶᠢ ᠨᠠᠶᠢᠳᠠᠪᠤᠷᠢᠵᠢᠭᠤᠯᠤᠭᠰᠠᠨ ᠦᠭᠡᠶ ᠪᠠᠶᠢᠳᠠᠯ ᠳᠣᠤᠷ᠎ᠠ᠂ ᠵᠠᠷᠴᠢᠮ ᠳᠡᠭᠡᠷ᠎ᠡ ᠪᠠᠨ ᠲᠥᠷᠥᠯ ᠵᠦᠢᠯ ᠢ ᠬᠢᠨᠠᠨ | ᠵᠥᠪᠰᠢᠶᠡᠷᠡᠵᠦ ᠪᠣᠯᠬᠤ ᠦᠭᠡᠶ᠂ ᠲᠥᠷᠥᠯ ᠵᠦᠢᠯ ᠢ ᠴᠣᠬᠤᠯᠪᠣᠷᠢᠯᠠᠭᠰᠠᠨ ᠦᠭᠡᠶ ᠠᠴᠠ ᠡᠮᠦᠨ᠎ᠡ ᠲᠥᠷᠥᠯ ᠵᠦᠢᠯ ᠤᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ ᠪᠣᠯᠬᠤ ᠦᠭᠡᠶ᠂ ᠲᠥᠰᠦᠪ ᠠᠴᠠ ᠬᠡᠲᠦᠷᠡᠭᠰᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠥᠮ | ᠳ᠋ᠦᠩᠨᠡᠨ ᠪᠣᠳᠣᠬᠤ ᠦᠭᠡᠶ᠃ | 4.ᠠᠯᠪᠠᠯᠠᠬᠤ ᠲᠥᠬᠦᠭᠡᠷᠦᠮᠵᠢ ᠶᠢ ᠰᠢᠨᠡᠳᠬᠡᠵᠦ ᠬᠤᠳᠠᠯᠳᠤᠨ ᠠᠪᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ | ᠡᠮᠴᠢᠯᠡᠭᠡ᠂ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ ᠠᠴᠠ ᠵᠠᠷᠴᠢᠮ ᠳᠡᠭᠡᠷ᠎ᠡ ᠪᠠᠨ ᠡᠯ᠎ᠡ ᠨᠢᠭᠡᠴᠡ ᠶᠢᠨ | ᠦᠷᠭᠦᠯᠵᠢᠯᠡᠨ ᠤᠯᠤᠰ ᠲᠠᠭᠠᠨ ᠦᠢᠯᠡᠳᠪᠦᠷᠢᠯᠡᠭᠰᠡᠨ ᠪᠤᠰᠤ ᠺᠣᠮᠫᠢᠦ᠋ᠲ᠋ᠧᠷ ᠢᠶᠠᠨ ᠬᠤᠳᠠᠯᠳᠤᠨ ᠠᠪᠬᠤ ᠶᠢ | ᠵᠥᠪᠰᠢᠶᠡᠷᠡᠬᠦ ᠥᠬᠡᠶ᠂ ᠡᠯ᠎ᠡ ᠲᠥᠰᠦᠪ ᠤᠨ ᠨᠢᠭᠡᠴᠡ ᠨᠢ ᠵᠠᠷᠴᠢᠮ ᠳᠡᠭᠡᠷ᠎ᠡ ᠪᠠᠨ ᠬᠠᠭᠤᠴᠢᠨ ᠢᠶᠠᠷ ᠰᠢᠨ᠎ᠡ ᠶᠢ ᠰᠣᠯᠢᠬᠤ | ᠠᠷᠭ᠎ᠠ ᠮᠠᠶ᠋ᠢᠭ ᠢᠶᠠᠷ ᠤᠯᠤᠰ ᠤᠨ ᠦᠢᠯᠡᠳᠪᠦᠷᠢᠯᠡᠭᠰᠡᠨ ᠺᠣᠮᠫᠢᠦ᠋ᠲ᠋ᠧᠷ ᠢᠶᠠᠨ ᠰᠢᠨ᠎ᠡ ᠪᠠᠷ ᠨᠡᠮᠡᠭᠳᠡᠭᠦᠯᠬᠦ ᠪᠠᠷ | ᠭᠤᠶᠤᠴᠢᠯᠠᠨ᠎ᠠ᠃ | 5.ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠢ ᠴᠢᠩᠭ᠎ᠠ ᠡᠵᠡᠮᠳᠡᠨ᠎ᠡ᠃ ᠶᠡᠷᠦᠩᠬᠡᠶ | ᠬᠡᠮᠵᠢᠶ᠎ᠡ ᠶᠢ ᠡᠵᠡᠮᠳᠡᠬᠦ ᠶᠢ ᠴᠢᠩᠭᠠᠳᠬᠠᠵᠤ᠂ ᠣᠯᠠᠨ ᠲᠠᠯ᠎ᠠ ᠠᠴᠠ ᠭᠤᠶᠤᠴᠢᠯᠠᠨ ᠮᠡᠳᠡᠭᠦᠯᠬᠦ᠂ ᠣᠯᠠᠨ ᠲᠠᠯ᠎ᠠ ᠠᠴᠠ | ᠪᠦᠲᠦᠭᠡᠨ ᠪᠠᠶᠢᠭᠤᠯᠬᠤ᠂ ᠣᠯᠠᠨ ᠲᠠᠯ᠎ᠠ ᠠᠴᠠ ᠴᠤᠭᠯᠠᠭᠤᠯᠬᠤ ᠠᠴᠠ ᠵᠠᠶᠢᠯᠠᠰᠬᠢᠨ᠎ᠡ᠃ ᠨᠢᠭᠤᠴᠠ ᠳᠤ ᠥᠯᠥ | ᠬᠤᠯᠪᠣᠭᠳᠠᠬᠤ ᠰᠢᠰᠲ᠋ᠧᠮ ᠤᠨ ᠡᠭᠦᠯᠡᠨ ᠪᠤᠳᠤᠯᠲᠠ ᠪᠠ ᠨᠢᠭᠤᠴᠠ ᠳᠤ ᠥᠯᠥ ᠬᠤᠯᠪᠣᠭᠳᠠᠬᠤ ᠲᠤᠰᠬᠠᠶ ᠲᠣᠣᠷ ᠢ | ᠡᠮᠬᠢᠯᠡᠨ ᠨᠡᠶᠢᠯᠡᠭᠦᠯᠬᠦ ᠠᠵᠢᠯ ᠢ ᠠᠬᠢᠭᠤᠯᠵᠤ᠂ ᠠᠵᠢᠯᠯᠠᠭᠤᠯᠵᠤ ᠪᠠᠲᠤᠯᠠᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ | 6.ᠰᠢᠨ᠎ᠡ ᠪᠠᠷ ᠨᠡᠮᠡᠭᠳᠡᠬᠦ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠪᠠ | ᠦᠬᠠᠶ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ | ᠵᠠᠰᠠᠭ ᠤᠨ ᠣᠷᠳᠣᠨ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠤᠶᠤ ᠪᠠᠴᠢᠮ ᠪᠠᠶᠢᠳᠠᠯ ᠢ ᠠᠷᠭᠠᠴᠠᠵᠤ | ᠭᠠᠮᠰᠢᠭ ᠠᠴᠠ ᠠᠪᠤᠷᠠᠬᠤ ᠠᠴᠠ ᠭᠠᠳᠠᠨ᠎ᠠ᠂ ᠲᠤᠭᠤᠷᠢᠭ ᠤᠨ ᠲᠣᠰ ᠱᠠᠲᠤᠨ ᠤ ᠵᠠᠷᠴᠢᠮ ᠳᠡᠭᠡᠷ᠎ᠡ ᠪᠠᠨ ᠵᠠᠷᠤᠯᠭ᠎ᠠ ᠶᠢ | ᠰᠢᠨ᠎ᠡ ᠪᠠᠷ ᠨᠡᠮᠡᠭᠳᠡᠭᠦᠯᠬᠦ ᠥᠬᠡᠶ᠃ ᠥᠩᠭᠡᠷᠡᠭᠰᠡᠨ ᠤ ᠵᠠᠷᠤᠯᠭ᠎ᠠ ᠨᠡᠮᠡᠭᠳᠡᠭᠦᠯᠬᠦ ᠲᠥᠷᠥ ᠶᠢᠨ ᠪᠣᠳᠣᠯᠭ᠎ᠠ ᠨᠡᠶᠢᠲᠡᠯᠡᠬᠦ ᠶᠢ | ᠴᠢᠩᠭ᠎ᠠ ᠴᠠᠭᠠᠵᠠᠯᠠᠵᠤ᠂ ᠵᠠᠷᠤᠯᠭ᠎ᠠ ᠨᠡᠮᠡᠭᠳᠡᠭᠦᠯᠬᠦ ᠰᠢᠨ᠎ᠡ ᠲᠥᠷᠥ ᠶᠢᠨ ᠪᠣᠳᠣᠯᠭ᠎ᠠ ᠶᠢ ᠵᠠᠷᠴᠢᠮ ᠳᠡᠭᠡᠷ᠎ᠡ ᠪᠠᠨ | ᠬᠤᠶᠢᠰᠢᠳᠠ ᠶᠢᠨ ᠣᠨ ᠤ ᠲᠥᠰᠦᠪ ᠤᠨ ᠲᠣᠬᠢᠷᠠᠭᠤᠯᠤᠯᠲᠠ ᠪᠠᠷ ᠳᠠᠮᠵᠢᠬᠤ ᠬᠡᠷᠡᠭᠲᠡᠶ᠃ | 7᠂ ᠠᠯᠪᠠᠨ ᠠᠵᠢᠯ ᠤᠨ ᠵᠠᠷᠤᠳᠠᠯ ᠢ ᠤᠯᠠᠮ ᠨᠢᠭᠡ ᠠᠯᠬᠤᠮ ᠪᠠᠭᠠᠰᠬᠠᠨ᠎ᠠ᠃ ᠴᠠᠭᠠᠰᠤ ᠦᠭᠡᠢ ᠪᠠᠷ | ᠠᠵᠢᠯᠯᠠᠬᠤ ᠶᠢ ᠬᠡᠷᠡᠭᠵᠢᠭᠦᠯᠵᠦ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠭᠠᠷᠭᠠᠪᠠᠯ᠂ ᠠᠯᠢ ᠴᠢᠳᠠᠬᠤ ᠪᠠᠷ | ᠰᠦᠯᠵᠢᠶᠡᠨ ᠳᠡᠭᠡᠷ᠎ᠡ ᠠᠯᠪᠠᠨ ᠪᠢᠴᠢᠭ ᠰᠣᠯᠢᠯᠴᠠᠬᠤ᠂ ᠡᠷᠭᠢᠯᠳᠦᠭᠦᠯᠬᠦ᠂ ᠮᠡᠳᠡᠭᠦᠯᠦᠨ ᠭᠠᠷ ᠤᠨ ᠦᠰᠦᠭ ᠵᠢᠷᠤᠬᠤ ᠶᠢ | ᠬᠡᠷᠡᠭᠵᠢᠭᠦᠯᠦᠨ᠎ᠡ᠃ ᠦᠨᠡᠨᠬᠦ ᠳᠠᠷᠤᠮᠠᠯᠯᠠᠬᠤ ᠴᠢᠬᠤᠯᠠ ᠲᠠᠢ ᠪᠢᠴᠢᠭ ᠮᠠᠲ᠋ᠧᠷᠢᠶᠠᠯ᠂ ᠮᠠᠲ᠋ᠧᠷᠢᠶᠠᠯ ᠢ ᠪᠣᠯ ᠴᠥᠮ ᠬᠤᠶᠠᠷ | ᠲᠠᠯ᠎ᠠ ᠠᠴᠠ ᠨᠢ ᠳᠠᠷᠤᠮᠠᠯᠯᠠᠨ ᠵᠣᠬᠢᠶᠠᠬᠤ ᠶᠢᠨ ᠬᠠᠮᠲᠤ ᠳᠠᠷᠤᠮᠠᠯᠯᠠᠬᠤ ᠲᠤᠭ᠎ᠠ ᠬᠡᠮᠵᠢᠶ᠎ᠡ ᠪᠣᠯᠤᠨ ᠬᠤᠪᠢᠶᠠᠨ ᠬᠦᠷᠭᠡᠬᠦ | ᠬᠡᠪᠴᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠣᠨᠴᠠ ᠵᠠᠷᠢᠮ ᠵᠢᠷᠤᠭ ᠬᠦᠰᠦᠨᠦᠭ ᠤᠨ ᠬᠠᠪᠴᠢᠭᠤᠯᠭᠠ ᠶᠢᠨ | ᠬᠠᠭᠤᠳᠠᠰᠤ ᠶᠢᠨ ᠲᠡᠷᠢᠭᠦᠨ ᠠᠯᠪᠠᠨ ᠲᠠᠮᠠᠭ᠎ᠠ ᠵᠡᠷᠭᠡ ᠠᠴᠠ ᠭᠠᠳᠠᠨ᠎ᠠ ᠵᠠᠷᠴᠢᠮ ᠳᠡᠭᠡᠷ᠎ᠡ ᠪᠠᠨ ᠥᠩᠭᠡᠲᠦ ᠳᠠᠷᠤᠮᠯᠠᠬᠤ | ᠲᠡᠮᠳᠡᠭ ᠪᠠᠢᠬᠤ ᠬᠡᠷᠡᠭᠲᠡᠢ᠃ ᠪᠠᠶᠢᠭᠠᠯᠢ ᠶᠢᠨ ᠭᠡᠷᠡᠯ ᠲᠤᠰᠬᠤ ᠶᠢ ᠭᠦᠢᠴᠡᠳ ᠠᠰᠢᠭᠯᠠᠨ᠂ ᠨᠡᠷᠡᠨ ᠤ ᠭᠡᠷᠡᠯ ᠭᠦᠢᠴᠡᠳ | ᠦᠶ᠎ᠡ ᠳᠤ ᠳ᠋ᠧᠩ ᠠᠰᠠᠭᠠᠬᠤ ᠦᠭᠡᠢ᠂ ᠳ᠋ᠧᠩ ᠢ ᠳᠤᠲᠠᠭᠤ ᠨᠣᠴᠣᠭᠠᠬᠤ ᠶᠢ ᠰᠠᠨᠠᠭᠠᠴᠢᠯᠠᠵᠤ᠂ ᠭᠡᠷᠡᠯᠲᠦᠭᠦᠯᠭᠡ ᠶᠢᠨ | ᠲᠥᠬᠦᠭᠡᠷᠦᠮᠵᠢ ᠶᠢᠨ ᠴᠠᠬᠢᠯᠭᠠᠨ ᠤ ᠬᠤᠷᠣᠭᠳᠠᠯ ᠢ ᠪᠠᠭᠠᠰᠬᠠᠨ᠎ᠠ᠃ ᠠᠵᠢᠯ ᠳᠠᠭᠤᠰᠤᠭᠰᠠᠨ ᠤ ᠳᠠᠷᠠᠭ᠎ᠠ ᠪᠤᠶᠤ ᠤᠷᠲᠤ | ᠬᠤᠭᠤᠴᠠᠭ᠎ᠠ ᠪᠠᠷ ᠠᠵᠢᠯᠯᠠᠬᠤ ᠣᠷᠣᠨ ᠠᠴᠠ ᠪᠠᠨ ᠰᠠᠯᠵᠤ᠂ ᠠᠯᠪᠠᠯᠠᠬᠤ ᠲᠥᠬᠦᠭᠡᠷᠦᠮᠵᠢ ᠶᠢᠨ ᠴᠠᠬᠢᠯᠭᠠᠨ | ᠡᠭᠦᠰᠭᠡᠭᠴᠢ ᠶᠢ ᠴᠠᠭ ᠲᠤᠬᠠᠶ ᠳᠤᠨᠢ ᠬᠠᠭᠠᠵᠤ᠂ ᠬᠥᠮᠦᠨ ᠶᠠᠪᠤᠬᠤ ᠳ᠋ᠧᠩ ᠢ ᠬᠠᠭᠠᠵᠤ᠂ ᠠᠭᠠᠷ ᠲᠣᠬᠢᠷᠠᠭᠤᠯᠤᠭᠴᠢ᠂ | ᠺᠣᠮᠫᠢᠦ᠋ᠲ᠋ᠧᠷ᠂ ᠴᠠᠬᠢᠯᠭᠠᠨ ᠳ᠋ᠧᠩ ᠵᠡᠷᠭᠡ ᠴᠠᠬᠢᠯᠭᠠᠨ ᠡᠭᠦᠰᠭᠡᠭᠴᠢ ᠶᠢ ᠴᠠᠭ ᠲᠤᠬᠠᠶ ᠳᠤᠨᠢ ᠬᠠᠭᠠᠵᠤ᠂ ︽ᠣᠷᠳᠣ | ᠬᠡᠷᠡᠯᠲᠤ ᠳ᠋ᠧᠩ︾ ᠢ ᠡᠷᠡᠰ ᠬᠤᠷᠢᠭᠯᠠᠨ᠎ᠠ᠃ ᠠᠭᠠᠷ ᠲᠣᠬᠢᠷᠠᠭᠤᠯᠤᠭᠴᠢ ᠶᠢᠨ ᠳᠤᠯᠠᠭᠠᠨ ᠤ ᠬᠡᠮᠵᠢᠶ᠎ᠡ ᠶᠢ ᠵᠦᠢ ᠵᠣᠬᠢᠰᠲᠠᠶ | ᠪᠠᠶᠢᠷᠢᠯᠠᠭᠤᠯᠵᠤ᠂ ᠬᠥᠮᠦᠨ ᠦᠭᠡᠶ ᠦᠶ᠎ᠡ ᠳᠤ ᠠᠭᠠᠷ ᠲᠣᠬᠢᠷᠠᠭᠤᠯᠤᠭᠴᠢ ᠶᠢ ᠨᠡᠭᠡᠭᠡᠬᠦ ᠦᠭᠡᠶ᠂ ᠠᠭᠠᠷ | ᠲᠣᠬᠢᠷᠠᠭᠤᠯᠤᠭᠴᠢ ᠶᠢ ᠨᠡᠭᠡᠭᠡᠬᠦ ᠳᠤ ᠴᠣᠩᠬᠤ ᠪᠠᠨ ᠨᠡᠭᠡᠭᠡᠬᠦ ᠦᠭᠡᠶ ᠪᠠᠶᠢᠬᠤ ᠬᠡᠷᠡᠭᠲᠡᠶ᠃ ᠠᠯᠪᠠᠨ ᠠᠵᠢᠯ ᠳᠤ ᠬᠡᠷᠡᠭᠯᠡᠬᠦ | ᠤᠰᠤ ᠶᠢ ᠠᠷᠪᠢᠯᠠᠨ ᠭᠠᠮᠨᠠᠵᠤ᠂ ᠤᠬᠠᠮᠰᠠᠷ ᠠᠴᠠ ᠪᠠᠨ ᠤᠰᠤ ᠶᠢ ᠬᠠᠶᠢᠷᠠᠯᠠᠬᠤ᠂ ᠤᠰᠤ ᠶᠢ ᠨᠠᠨᠳᠢᠩᠨᠠᠬᠤ᠂ ᠤᠰᠤ | ᠠᠷᠪᠢᠯᠠᠬᠤ ᠶᠢ ᠪᠡᠶᠡᠯᠡᠭᠦᠯᠵᠦ᠂ ᠤᠰᠤ ᠬᠡᠷᠡᠭᠯᠡᠬᠦ ᠲᠥᠬᠦᠭᠡᠷᠦᠮᠵᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢ | ᠴᠢᠩᠭᠠᠳᠬᠠᠵᠤ᠂ ᠤᠰᠤ ᠬᠡᠷᠡᠭᠯᠡᠵᠦ ᠳᠠᠭᠤᠰᠤᠭᠰᠠᠨ ᠤ ᠳᠠᠷᠠᠭ᠎ᠠ ᠤᠰᠤᠨ ᠭᠤᠭᠤᠵᠢᠭᠤᠷ ᠢ ᠴᠠᠭ ᠲᠤᠬᠠᠶ ᠳᠤᠨᠢ | ᠴᠢᠩᠭᠠᠯᠠᠵᠤ᠂ ︽ᠣᠷᠳᠣ ᠬᠤᠭᠤᠴᠠᠭ᠎ᠠ ᠪᠠᠷ ᠤᠷᠤᠰᠬᠤ︾ ᠶᠢ ᠡᠷᠡᠰ ᠬᠤᠷᠢᠭᠯᠠᠨ᠎ᠠ᠃ | 8.︽ᠭᠤᠷᠪᠠᠨ ᠠᠯᠪᠠᠨ︾ ᠵᠠᠷᠤᠳᠠᠯ ᠢ ᠤᠯᠠᠮ ᠨᠢᠭᠡ ᠠᠯᠬᠤᠮ ᠪᠠᠭᠠᠰᠬᠠᠬᠤ ᠬᠡᠷᠡᠭᠲᠡᠶ᠃ ︽ᠠᠯᠪᠠᠨ ᠤ ᠭᠤᠷᠪᠠᠨ | ᠵᠠᠷᠤᠳᠠᠯ︾ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ︽ᠠᠯᠪᠠᠨ ᠤ ᠭᠤᠷᠪᠠᠨ ᠵᠠᠷᠤᠳᠠᠯ︾ ᠤᠨ ᠲᠥᠰᠦᠪ ᠢ | ᠬᠠᠰᠤᠬᠤ ᠠᠴᠠ ᠪᠢᠰᠢ ᠨᠡᠮᠡᠭᠳᠡᠭᠦᠯᠬᠦ ᠦᠭᠡᠶ ᠪᠠᠶᠢᠬᠤ ᠶᠢ ᠪᠠᠲᠤᠯᠠᠨ᠎ᠠ᠃ ᠠᠯᠪᠠᠨ ᠶᠠᠪᠤᠳᠠᠯ ᠤᠨ ᠵᠣᠴᠢᠯᠠᠬᠤ | ᠬᠠᠮᠢᠶᠠᠷᠤᠯᠲᠠ ᠶᠢ ᠴᠢᠩᠭᠠᠳᠬᠠᠨ᠂ ᠠᠳᠠᠯᠢ ᠬᠤᠲᠠ ᠳᠤ ᠵᠣᠴᠢᠯᠠᠬᠤ ᠶᠢ ᠴᠢᠩᠭ᠎ᠠ ᠴᠠᠭᠠᠵᠠᠯᠠᠵᠤ᠂ ᠨᠢᠭᠡᠴᠡ ᠶᠢᠨ | ᠬᠤᠭᠤᠯᠠᠨ ᠭᠡᠷ ᠢ ᠡᠩ ᠲᠡᠷᠢᠭᠦᠨ ᠳᠤ ᠰᠣᠩᠭᠤᠨ ᠵᠣᠴᠢᠯᠠᠬᠤ ᠭᠠᠵᠠᠷ ᠪᠣᠯᠭᠠᠵᠤ᠂ ᠬᠠᠮᠲᠤ ᠬᠤᠭᠤᠯᠠᠯᠠᠬᠤ ᠬᠥᠮᠦᠨ ᠤ | ᠲᠤᠭ᠎ᠠ ᠶᠢ 3 ᠬᠥᠮᠦᠨ ᠠᠴᠠ ᠬᠡᠲᠦᠷᠡᠭᠦᠯᠵᠦ ᠪᠣᠯᠬᠤ ᠦᠭᠡᠶ᠃ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠦᠯᠡᠳᠡᠭᠡᠬᠦ | ᠬᠠᠮᠢᠶᠠᠷᠤᠯᠲᠠ ᠶᠢ ᠴᠢᠨ᠋ᠬᠠᠳᠭᠠᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠠᠪᠴᠠᠩ ᠤᠨ ᠦᠢᠯᠡᠳᠦᠯ ᠢ | ᠭᠦᠢᠴᠡᠳ ᠪᠠᠳᠠᠷᠠᠭᠤᠯᠤᠨ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠤᠳᠠᠯᠳᠤᠨ ᠠᠪᠬᠤ ᠪᠠ ᠠᠵᠢᠯᠯᠠᠭᠤᠯᠬᠤ | ᠵᠠᠷᠤᠳᠠᠯ ᠢ ᠴᠢᠨ᠋ᠭ᠋ᠠ ᠬᠢᠵᠠᠭᠠᠷᠯᠠᠨ᠎ᠠ᠃ ᠭᠠᠳᠠᠭᠠᠳᠤ ︵ᠬᠢᠯᠢ︶ ᠠᠴᠠ ᠭᠠᠷᠬᠤ ᠠᠵᠢᠯᠯᠠᠭ᠎ᠠ ᠶᠢ ᠵᠠᠷᠴᠢᠮ ᠳᠡᠭᠡᠷ᠎ᠡ ᠪᠠᠨ | ᠬᠦᠴᠦᠨ ᠦᠭᠡᠶ ᠪᠣᠯᠭᠠᠬᠤ ᠶᠢᠨ ᠬᠠᠮᠲᠤ᠂ ᠭᠠᠳᠠᠭᠠᠳᠤ ︵ᠬᠢᠯᠢ︶ ᠠᠴᠠ ᠭᠠᠷᠬᠤ ᠵᠠᠷᠤᠳᠠᠯ ᠢ ᠲᠣᠬᠢᠷᠠᠭᠤᠯᠬᠤ ᠦᠭᠡᠶ᠃ | 9.ᠵᠠᠮ ᠤᠨ ᠵᠠᠷᠤᠳᠠᠯ ᠢ ᠤᠯᠠᠮ ᠨᠢᠭᠡ ᠠᠯᠬᠤᠮ ᠪᠠᠭᠠᠰᠬᠠᠬᠤ ᠬᠡᠷᠡᠭᠲᠡᠶ᠃ ᠭᠠᠳᠠᠭᠰᠢ ᠭᠠᠷᠬᠤ ᠶᠢ ᠬᠢᠨᠠᠨ | ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠨᠢᠭᠡᠴᠡ ᠨᠦᠭᠦᠳ ᠠᠳᠠᠯᠢ ᠨᠢᠭᠡᠨ ᠴᠠᠭ ᠬᠤᠭᠤᠴᠠᠭᠠᠨ ᠳᠤ | ᠠᠳᠠᠯᠢ ᠨᠢᠭᠡᠨ ᠭᠠᠵᠠᠷ ᠣᠷᠣᠨ ᠳᠤ ᠬᠦᠷᠴᠦ ᠭᠠᠳᠠᠭᠰᠢ ᠭᠠᠷᠬᠤ ᠡᠭᠦᠷᠭᠡ ᠶᠢ ᠵᠠᠷᠴᠢᠮ ᠳᠡᠭᠡᠷ᠎ᠡ ᠪᠠᠨ ᠨᠡᠶᠢᠯᠡᠭᠦᠯᠦᠨ | ᠶᠠᠪᠤᠭᠳᠠᠭᠤᠯᠵᠤ᠂ ᠭᠠᠳᠠᠭᠰᠢ ᠭᠠᠷᠬᠤ ᠤᠳᠠᠭ᠎ᠠ ᠪᠠ ᠬᠥᠮᠦᠨ ᠤ ᠲᠤᠭ᠎ᠠ ᠶᠢ ᠪᠠᠭᠠᠰᠬᠠᠨ᠂ ᠪᠠᠶᠢᠴᠠᠭᠠᠨ ᠰᠤᠳᠤᠯᠬᠤ | ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠪᠠᠷ᠎ᠠ ᠪᠣᠯᠵᠤ ᠬᠦᠯᠢᠶᠡᠨ ᠠᠪᠬᠤ ᠶᠢ ᠳᠥᠭᠦᠮᠴᠢᠯᠡᠨ᠂ | ᠳᠠᠭᠠᠵᠤ ᠬᠢᠬᠦ ᠠᠵᠢᠯᠲᠠᠨ ᠢ ᠪᠠᠭᠠᠰᠬᠠᠬᠤ ᠬᠡᠷᠡᠭᠲᠡᠶ᠃ ᠰᠦᠯᠵᠢᠶᠡᠨ ᠳᠡᠭᠡᠷᠡᠬᠢ ᠠᠷᠭ᠎ᠠ ᠪᠠᠷᠢᠯ ᠢ ᠭᠦᠢᠴᠡᠳ ᠬᠡᠷᠡᠭᠯᠡᠨ | ᠠᠵᠢᠯ ᠢᠶᠠᠨ ᠥᠷᠨᠢᠭᠦᠯᠵᠦ᠂ ᠲᠤᠬᠠᠶ ᠶᠢᠨ ᠲᠠᠯᠠᠪᠤᠷ ᠲᠤ ᠭᠠᠳᠠᠭᠰᠢ ᠭᠠᠷᠬᠤ ᠶᠢ ᠪᠠᠭᠠᠰᠬᠠᠬᠤ ᠬᠡᠷᠡᠭᠲᠡᠶ᠃ ᠮᠥᠨ | ᠴᠢᠨᠠᠷ ᠤᠨ ᠠᠭᠤᠯᠭ᠎ᠠ ᠦᠭᠡᠶ᠂ ᠠᠯᠪᠠᠨ ᠶᠠᠪᠤᠳᠠᠯ ᠤᠨ ᠵᠣᠷᠢᠯᠭ᠎ᠠ ᠶᠢ ᠲᠣᠳᠣᠷᠬᠠᠶᠢᠯᠠᠭᠰᠠᠨ ᠦᠭᠡᠶ ᠵᠢᠭᠤᠯᠴᠢᠯᠠᠯ ᠤᠨ | ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠶᠠᠮᠠᠷᠪᠠ ᠨᠡᠷ᠎ᠡ ᠪᠠᠷ ᠪᠠ ᠠᠷᠭ᠎ᠠ ᠮᠠᠶ᠋ᠢᠭ ᠢᠶᠠᠷ ᠬᠡᠯᠪᠡᠷᠢ ᠶᠢ ᠨᠢ ᠥᠭᠡᠷᠡᠲᠡᠭᠦᠯᠦᠨ | ᠵᠢᠭᠤᠯᠴᠢᠯᠠᠬᠤ ᠶᠢ ᠴᠢᠩᠭ᠎ᠠ ᠴᠠᠭᠠᠵᠠᠯᠠᠵᠤ᠂ ᠣᠨᠳᠣᠤ ᠭᠠᠵᠠᠷ ᠤᠨ ᠰᠠᠯᠠᠭ᠎ᠠ ᠮᠥᠴᠢᠷ ᠤᠨ ᠬᠤᠭᠤᠷᠣᠨᠳᠣ ᠮᠥᠨ | ᠴᠢᠨᠠᠷ ᠤᠨ ᠠᠭᠤᠯᠭ᠎ᠠ ᠶᠢᠨ ᠰᠤᠷᠤᠯᠴᠠᠯᠭ᠎ᠠ ᠰᠣᠯᠢᠯᠴᠠᠭ᠎ᠠ ᠪᠠ ᠪᠠᠶᠢᠴᠠᠭᠠᠨ ᠰᠤᠳᠤᠯᠤᠯᠲᠠ ᠬᠢᠬᠦ ᠶᠢ ᠴᠢᠩᠭ᠎ᠠ | ᠴᠠᠭᠠᠵᠠᠯᠠᠬᠤ ᠬᠡᠷᠡᠭᠲᠡᠶ᠃ ᠵᠠᠮ ᠤᠨ ᠵᠠᠷᠤᠳᠠᠯ ᠲᠤᠰᠢᠶᠠᠬᠤ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠭᠠᠳᠠᠭᠰᠢ ᠭᠠᠷᠬᠤ ᠵᠠᠷᠤᠳᠠᠯ ᠰᠦᠢᠳᠬᠡᠯ ᠤᠨ | ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠵᠠᠰᠠᠭ [ 2014] 409 ᠳ᠋ᠦ᠋ᠭᠡᠷ ᠲᠣᠭᠠᠲᠤ︶ ᠪᠣᠯᠤᠨ ︽ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠵᠢᠭᠤᠯᠴᠢᠯᠠᠯ ᠢᠶᠠᠷ ᠠᠨᠠᠶ ᠪᠠᠶᠢᠷᠢ ᠳᠤ ᠰᠠᠭᠤᠬᠤ ᠵᠠᠷᠤᠳᠠᠯ | ᠰᠦᠢᠳᠬᠡᠯ ᠤᠨ ᠪᠠᠷᠢᠮᠵᠢᠶ᠎ᠠ ᠶᠢ ᠲᠣᠬᠢᠷᠠᠭᠤᠯᠬᠤ ᠵᠡᠷᠭᠡ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ | ᠪᠠᠩᠬᠢ [2015] 9 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ | ᠬᠡᠷᠡᠭᠲᠡᠶ᠃ | 10᠂ ᠬᠤᠷᠠᠯ ᠤᠨ ᠰᠦᠢᠳᠬᠡᠯ ᠢ ᠤᠯᠠᠮ ᠨᠢᠭᠡ ᠠᠯᠬᠤᠮ ᠪᠠᠭᠠᠰᠬᠠᠨ᠎ᠠ᠃ ᠪᠢᠴᠢᠭ ᠮᠠᠲ᠋ᠧᠷᠢᠶᠠᠯ ᠪᠠᠭᠤᠯᠭᠠᠵᠤ | ᠪᠣᠯᠬᠤ ᠠᠵᠢᠯ ᠢ ᠵᠠᠷᠴᠢᠮ ᠳᠡᠭᠡᠷ᠎ᠡ ᠪᠠᠨ ᠬᠤᠷᠠᠯ ᠤᠨ ᠪᠠᠶᠢᠷᠢᠯᠠᠭᠤᠯᠤᠯᠲᠠ ᠬᠢᠬᠦ ᠦᠭᠡᠢ︔ ᠰᠠᠯᠠᠭ᠎ᠠ ᠮᠥᠴᠢᠷ ᠤᠨ | ᠨᠡᠷ᠎ᠡ ᠪᠠᠷ ᠬᠤᠷᠠᠯᠳᠤᠭᠤᠯᠤᠭᠰᠠᠨ ᠪᠥᠬᠦ ᠣᠷᠣᠨ ᠤ ᠴᠢᠨᠠᠷᠲᠠᠶ ᠠᠵᠢᠯ ᠤᠨ ᠬᠤᠷᠠᠯ ᠳᠤ᠂ ᠰᠠᠯᠠᠭ᠎ᠠ ᠮᠥᠴᠢᠷ ᠨᠢᠭᠡᠪᠦᠷᠢ | ᠵᠢᠯ ᠳᠤ 1 ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠢ᠃ ᠬᠤᠷᠠᠯ ᠤᠨ ᠲᠤᠭ᠎ᠠ ᠬᠡᠮᠵᠢᠶ᠎ᠡ᠂ ᠬᠡᠪ ᠪᠠᠷᠢᠮᠵᠢᠶ᠎ᠠ ᠪᠠ | ᠬᠡᠪᠴᠢᠶ᠎ᠡ ᠶᠢ ᠡᠵᠡᠮᠳᠡᠵᠦ᠂ ᠬᠤᠷᠠᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠬᠤᠷ ᠬᠤᠷᠠᠯ | ᠬᠤᠷᠠᠯᠳᠤᠭᠤᠯᠤᠨ᠂ ᠸᠢᠳᠢᠣ᠋ ᠬᠤᠷᠠᠯ ᠬᠤᠷᠠᠯᠳᠤᠭᠤᠯᠬᠤ ᠶᠢ ᠰᠠᠨᠠᠭᠠᠴᠢᠯᠠᠨ᠎ᠠ᠃ ᠦᠨᠡᠨᠬᠦ ᠡᠷᠬᠢᠯᠡᠬᠦ ᠴᠢᠬᠤᠯᠠᠲᠠᠶ ᠬᠤᠷᠠᠯ ᠢ | ᠠᠷᠪᠢᠯᠠᠨ ᠭᠠᠮᠨᠠᠬᠤ᠂ ᠥᠨᠳᠥᠷ ᠪᠦᠲᠦᠮᠵᠢᠲᠡᠶ ᠵᠠᠷᠴᠢᠮ ᠢᠶᠠᠷ ᠬᠤᠷᠠᠯ ᠤᠨ ᠭᠠᠵᠠᠷ ᠪᠣᠯᠤᠨ ᠬᠤᠯᠪᠣᠭᠳᠠᠯ ᠪᠦᠬᠦᠢ | ᠬᠤᠷᠠᠯ ᠤᠨ ᠶᠠᠪᠤᠳᠠᠯ ᠤᠨ ᠵᠦᠢᠯᠡᠰ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠵᠠᠷᠴᠢᠮ ᠳᠡᠭᠡᠷ᠎ᠡ ᠪᠠᠨ | ᠪᠠᠶᠢᠭᠤᠯᠤᠯᠭ᠎ᠠ ᠶᠢᠨ ᠳᠣᠲᠣᠭᠠᠳᠤ ᠶᠢᠨ ᠬᠤᠷᠠᠯ ᠤᠨ ᠭᠡᠷ ᠲᠤ ᠬᠤᠷᠠᠯᠳᠤᠭᠤᠯᠬᠤ ᠬᠡᠷᠡᠭᠲᠡᠶ᠃ ᠬᠤᠷᠠᠯ ᠤᠨ ᠥᠪᠡᠷ ᠤᠨ | ᠥᠷᠲᠡᠭ ᠢ ᠪᠠᠭᠤᠷᠠᠭᠤᠯᠵᠤ᠂ ᠪᠢᠷ᠂ ᠠᠵᠢᠯ ᠤᠨ ᠮᠠᠲ᠋ᠧᠷᠢᠶᠠᠯ ᠵᠡᠷᠭᠡ ᠡᠳ᠋ ᠪᠣᠳᠠᠰ ᠢ ︽ᠨᠢᠭᠡ ᠯᠡ ᠤᠳᠠᠭ᠎ᠠ ᠬᠡᠷᠡᠭᠯᠡᠬᠦ︾ | ᠬᠡᠷᠡᠭᠰᠡᠯ ᠪᠣᠯᠭᠠᠨ ᠬᠤᠪᠢᠷᠠᠭᠤᠯᠬᠤ ᠶᠢ ᠴᠢᠩᠭ᠎ᠠ ᠰᠡᠷᠭᠡᠶᠢᠯᠡᠵᠦ᠂ ᠠᠯᠪᠠᠨ ᠪᠢᠴᠢᠭ ᠤᠨ ᠪᠣᠭᠴᠣ ︵ᠤᠭᠤᠲᠠ︶᠂ | ᠵᠠᠬᠢᠳᠠᠯ ᠤᠨ ᠳᠤᠭᠲᠤᠢ᠂ ᠲᠠᠲᠠᠭᠤᠷ ᠬᠠᠪᠴᠢᠭᠤᠷ᠂ ᠣᠷᠳᠣ ᠰᠡᠭᠦᠯᠲᠦ ᠬᠠᠪᠴᠢᠭᠤᠷ ᠵᠡᠷᠭᠡ ᠠᠯᠪᠠᠯᠠᠬᠤ ᠬᠤᠷᠣᠭᠳᠠᠯ | ᠮᠠᠲ᠋ᠧᠷᠢᠶᠠᠯ ᠢ ᠡᠷᠭᠢᠯᠳᠦᠭᠦᠯᠦᠨ ᠠᠰᠢᠭᠯᠠᠬᠤ ᠶᠢ ᠰᠠᠨᠠᠭᠠᠴᠢᠯᠠᠵᠤ᠂ ᠬᠤᠷᠠᠯ ᠤᠨ ᠲᠠᠯᠠᠪᠠᠶ ᠳᠤ ᠬᠤᠸᠠᠷ ᠴᠡᠴᠡᠭ᠂ ᠠᠬᠤᠶ | ᠪᠠᠶᠢᠳᠠᠯ ᠤᠨ ᠬᠠᠪᠲᠠᠰᠤ ᠵᠢᠴᠢ ᠵᠢᠮᠢᠰ ᠬᠠᠩᠭᠠᠵᠤ ᠪᠣᠯᠬᠤ ᠥᠬᠡᠶ᠂ ᠪᠦᠷᠢᠯᠭᠡᠨ ᠰᠦᠢᠳᠬᠡᠬᠦ ᠶᠢ ᠴᠢᠩᠭ᠎ᠠ ᠴᠠᠭᠠᠵᠠᠯᠠᠨ᠎ᠠ᠃ | | | |