ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠬᠠᠷᠢᠯᠴᠠᠨ ᠬᠥᠳᠡᠯᠦᠯᠴᠡᠵᠦ ᠪᠡᠶᠡᠴᠢᠯᠡᠨ ᠣᠶᠢᠯᠠᠭᠠᠬᠤ ᠶᠠᠪᠤᠳᠠᠯ ᠨᠢ ᠰᠡᠷᠡᠮᠵᠢᠯᠡᠭᠦᠯᠬᠦ ᠬᠥᠮᠦᠵᠢᠯ ᠢ ᠨᠠᠩ ᠡᠷᠴᠢᠮ ᠲᠠᠢ ᠪᠤᠯᠭᠠᠪᠠ
ᠨᠡᠶᠢᠲᠡᠯᠡᠭᠰᠡᠨ ᠴᠠᠭ᠄
2024/5/24
    ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠤᠳᠤᠷᠢᠳᠬᠤ ᠺᠠᠲᠷᠴᠣᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ 5 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠦᠬᠠᠢ ᠬᠤᠳᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠬᠠᠷᠢᠯᠴᠠᠨ ᠬᠥᠳᠡᠯᠦᠯᠴᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠠᠵᠢᠯᠯᠠᠭ᠎ᠠ ᠳᠤ ᠣᠷᠣᠯᠴᠠᠪᠠ᠃      ᠲᠠᠶᠢᠯᠪᠤᠷᠢᠯᠠᠭᠴᠢ ᠶᠢᠨ ᠵᠢᠯᠤᠭᠤᠳᠤᠯᠭ᠎ᠠ ᠳᠣᠣᠷ᠎ᠠ᠂ ᠪᠦᠬᠦ ᠬᠥᠮᠦᠰ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠢᠯᠵᠢᠷᠡᠯ ᠢ ᠡᠰᠡᠷᠭᠦᠴᠡᠬᠦ ᠪᠣᠯ ᠲᠦᠢᠯᠪᠤᠷᠢᠲᠠᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠡᠷᠭᠡ 4 ᠦᠵᠡᠭᠦᠯᠦᠯᠭᠡ ᠶᠢᠨ ᠲᠣᠭᠤᠷᠢᠭ ᠢ ᠲᠣᠭᠤᠷᠢᠨ ᠦᠵᠡᠵᠦ᠂ ᠦᠰᠦᠭ ᠪᠢᠴᠢᠭ᠂ ᠭᠡᠷᠡᠯ ᠵᠢᠷᠤᠭ᠂ ᠪᠣᠳᠠᠲᠤ ᠪᠣᠳᠠᠰ᠂ ᠸᠢᠳᠢᠣ᠋ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠲᠠᠬᠢᠨ ᠡᠷᠭᠢᠴᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠦᠷ᠎ᠡ ᠪᠦᠲᠦᠮᠵᠢ ᠶᠢ ᠡᠷᠭᠢᠴᠡᠭᠦᠯᠪᠡ᠃ ᠳᠡᠷᠭᠡᠳᠡᠬᠢ ᠬᠥᠮᠦᠰ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠰᠡᠷᠡᠮᠵᠢ ᠶᠢᠨ ᠬᠥᠮᠦᠵᠢᠯ ᠤᠨ ᠹᠢᠯᠢᠮ᠂ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠦᠵᠡᠬᠦ ᠪᠠᠷ ᠳᠠᠮᠵᠢᠭᠤᠯᠤᠨ᠂ ᠲᠤᠬᠠᠶ ᠶᠢᠨ ᠲᠠᠯᠠᠪᠤᠷ ᠲᠤ ᠪᠠᠶᠢᠭ᠎ᠠ ᠨᠠᠮ ᠤᠨ ᠭᠡᠰᠢᠭᠦᠨ ᠺᠠᠲᠷ ᠨᠢᠭᠡᠪᠦᠷᠢ ᠳᠤ ᠴᠢᠩᠭ᠎ᠠ ᠬᠦᠴᠦᠲᠡᠶ ᠦᠵᠡᠯ ᠰᠠᠨᠠᠭᠠᠨ ᠤ ᠳᠠᠭᠠᠷᠢᠯᠲᠠ ᠪᠠ ᠰᠡᠳᠬᠢᠯ ᠵᠢᠷᠦᠬᠡ ᠶᠢ ᠳᠣᠭᠳᠣᠯᠤᠭᠤᠯᠵᠤ᠂ ᠣᠯᠠᠨ ᠳᠤ ︽ᠲᠡᠮᠦᠷ ᠰᠠᠬᠢᠯᠭ᠎ᠠ ᠪᠠᠲᠤ ᠶᠢ ᠤᠷᠲᠤ ᠰᠢᠳᠦ  ᠪᠣᠯᠭᠠᠬᠤ︾ ᠢ ᠰᠡᠷᠭᠡᠭ ᠢᠶᠠᠷ ᠲᠠᠨᠢᠭᠤᠯᠪᠠ᠃      ᠣᠯᠠᠨ ᠢᠶᠠᠷ ᠢᠶᠠᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠭᠦᠨ ᠵᠤᠵᠠᠭᠠᠨ ᠬᠠᠯᠠᠮᠵᠢᠯᠠᠯ ᠪᠠ ᠴᠢᠩ ᠰᠡᠳᠬᠢᠯ ᠤᠨ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ︽ᠠᠵᠤ ᠠᠬᠤᠶ ᠶᠢᠨ ᠲᠠᠩᠰᠠ︾︽ᠬᠠᠤᠯᠢ ᠰᠠᠬᠢᠯᠭ᠎ᠠ ᠲᠠᠩᠰᠠ︾ ᠪᠠ ︽ᠨᠢᠩᠵᠢᠨ ᠰᠡᠳᠬᠢᠯ ᠤᠨ ᠲᠠᠩᠰᠠ︾ ᠶᠢ ᠰᠠᠶᠢᠲᠤᠷ ᠪᠤᠳᠤᠵᠤ᠂ ᠴᠠᠭ ᠢᠮᠠᠭᠲᠠ ︽ᠲᠠᠩᠰᠠ ᠲᠠᠩᠰᠠ︾ ᠶᠢ ᠡᠮᠬᠢᠯᠡᠵᠦ᠂ ᠴᠢᠩᠭ᠎ᠠ ᠡᠷᠴᠢᠮᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠡᠭᠡᠳᠦ ᠬᠡᠮᠵᠢᠶᠡᠨ ᠤ ᠤᠬᠠᠮᠰᠠᠷ ᠢ ᠢᠯᠡᠷᠡᠭᠦᠯᠵᠦ᠂ ᠤᠳᠠ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠢᠯᠡᠳᠬᠡᠵᠡᠭᠡᠪᠡ᠃
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号