5 ᠰᠠᠷ᠎ᠠ ᠶᠢᠨ 24 ᠤ ᠡᠳᠦᠷ᠂ 2024 ᠣᠨ ᠳᠤ ᠦᠬᠠᠶ ᠬᠤᠲᠠ ᠶᠢᠨ ᠪᠡᠯᠡᠳᠭᠡᠮᠵᠢᠳᠤ ᠢᠳᠡᠰᠢᠨ ᠨᠣᠭᠤᠭ᠎ᠠ ᠶᠢᠨ | ︽ᠲᠠᠷᠢᠶᠠᠨ ᠦᠷ᠎ᠡ ᠰᠣᠩᠭᠤᠬᠤ︾ ᠲᠠᠪᠴᠠᠩ ᠤᠨ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠤᠳᠠ | ᠲᠣᠭᠤᠷᠢᠭ ᠤᠨ ᠣᠲᠣ ᠦᠶ᠎ᠡ ᠶᠢᠨ ᠠᠮᠢ ᠠᠬᠤᠶ ᠶᠢᠨ ᠬᠦᠷᠢᠶᠡᠯᠡᠩ ᠳᠤ ᠶᠠᠪᠤᠭᠳᠠᠵᠤ᠂ ᠮᠠᠨ ᠤ ᠬᠤᠲᠠ ᠶᠢᠨ ᠭᠤᠷᠪᠠᠨ | ᠲᠣᠭᠤᠷᠢᠭ ᠠᠴᠠ ᠢᠷᠡᠭᠰᠡᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠨ᠂ ᠲᠠᠷᠢᠮᠠᠯ ᠤᠨ ᠡᠷᠦᠬᠡ ᠶᠢᠨ ᠲᠥᠯᠥᠭᠡᠯᠡᠭᠴᠢ | ᠵᠡᠷᠭᠡ 80 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠳᠠ ᠲᠣᠭᠤᠷᠢᠭ ᠤᠨ ᠤᠳᠤ ᠦᠶ᠎ᠡ ᠶᠢᠨ ᠲᠠᠷᠢᠶᠠᠯᠠᠩ ᠤᠨ | ᠬᠥᠭᠵᠢᠯᠲᠡ ᠶᠢᠨ ᠲᠥᠪ ᠤᠨ ᠠᠵᠢᠯᠲᠠᠳ ᠲᠣᠭᠤᠷᠢᠨ ᠦᠵᠡᠭᠴᠢ ᠳᠤ ᠲᠦᠬᠦᠭᠡᠷᠦᠮᠵᠢᠲᠦ ᠢᠳᠡᠰᠢᠨ ᠨᠣᠭᠤᠭ᠎ᠠ ᠶᠢᠨ | ︽ᠲᠠᠷᠢᠶᠠᠨ ᠦᠷ᠎ᠡ ᠰᠣᠩᠭᠤᠬᠤ︾ ᠲᠠᠪᠴᠠᠩ ᠤᠨ ᠪᠠᠶᠢᠭᠤᠯᠤᠯᠲᠠ ᠵᠢᠴᠢ ᠲᠦᠷᠦᠯ ᠵᠦᠢᠯ ᠢ ᠰᠢᠯᠢᠨ ᠰᠣᠩᠭᠤᠭᠰᠠᠨ | ᠪᠠᠶᠢᠳᠠᠯ ᠢ ᠲᠠᠨᠢᠯᠴᠠᠭᠤᠯᠤᠭᠰᠠᠨ ᠪᠥᠭᠡᠳ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠢ ᠵᠣᠬᠢᠶᠠᠨ ᠪᠠᠶᠢᠭᠤᠯᠪᠠ᠃ | ᠤᠳᠠ ᠲᠣᠭᠤᠷᠢᠭ ᠤᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ ᠤᠨ ᠠᠵᠢᠯᠲᠠᠨ ᠵᠠᠩ | ᠪᠠᠢ ᠵᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ︽ᠲᠠᠷᠢᠶᠠᠨ ᠦᠷ᠎ᠡ ᠰᠣᠩᠭᠤᠬᠤ︾ ᠲᠠᠪᠴᠠᠩ ᠤᠨ ᠪᠦᠲᠦᠭᠡᠨ | ᠪᠠᠶᠢᠭᠤᠯᠤᠯᠲᠠ ᠪᠠᠷ ᠳᠠᠮᠵᠢᠨ᠂ ᠤᠳᠠ ᠲᠣᠭᠤᠷᠢᠭ ᠤᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ | ᠲᠥᠪ ᠨᠢ ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠭᠰᠡᠨ ᠰᠠᠭᠤᠷᠢᠨ ᠳᠡᠭᠡᠷ᠎ᠡ᠂ ᠦᠢᠯᠡᠳᠪᠦᠷᠢᠯᠡᠯ ᠤᠨ ᠪᠣᠳᠠᠲᠤ | ᠪᠠᠶᠢᠳᠠᠯ ᠢ ᠲᠠᠷᠢᠶᠠᠴᠢᠳ ᠤᠨ ᠬᠡᠷᠡᠭᠴᠡᠭᠡ ᠲᠠᠢ ᠤᠶᠠᠯᠳᠤᠭᠤᠯᠵᠤ᠂ ᠲᠠᠰᠤᠷᠠᠯᠲᠠ ᠦᠭᠡᠢ ᠬᠠᠶᠢᠨ ᠰᠦᠪᠡᠭᠴᠢᠯᠡᠬᠦ ᠪᠠᠷ | ᠳᠠᠮᠵᠢᠨ ᠲᠤᠰ ᠭᠠᠵᠠᠷ ᠲᠤ ᠲᠠᠷᠢᠬᠤ ᠳᠤ ᠲᠣᠬᠢᠷᠠᠬᠤ ᠲᠠᠷᠢᠮᠠᠯ ᠤᠨ ᠡᠭᠦᠯᠳᠡᠷ ᠢ ᠡᠷᠢᠨ ᠭᠠᠷᠭᠠᠵᠤ᠂ ᠥᠷᠭᠡᠨ ᠤᠯᠠᠨ | ᠲᠠᠷᠢᠶᠠᠴᠢᠨ ᠠᠵᠤ ᠠᠬᠤᠶᠢᠯᠠᠯ ᠪᠣᠯᠤᠨ ᠲᠠᠷᠢᠶᠠᠴᠢᠨ ᠨᠠᠶᠢᠵᠠ ᠨᠠᠷ ᠲᠤ ᠰᠢᠨᠵᠢᠯᠡᠬᠦ ᠤᠬᠠᠭᠠᠨᠴᠢ ᠪᠠᠷ ᠦᠷ᠎ᠡ ᠰᠣᠩᠭᠤᠨ | ᠦᠷ᠎ᠡ ᠬᠡᠷᠡᠭᠯᠡᠬᠦ ᠳᠤ ᠲᠠᠪᠴᠠᠩ ᠬᠠᠩᠭᠠᠵᠤ᠂ ᠰᠠᠶᠢᠨ ᠡᠭᠦᠯᠳᠡᠷ ᠤᠨ ︽ᠡᠴᠦᠰ ᠤᠨ ᠨᠢᠭᠡ ᠺᠢᠯᠤᠮᠧᠲᠷ︾ ᠢ ᠳᠡᠯᠭᠡᠷᠡᠭᠦᠯᠬᠦ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠲᠠᠷᠢᠮᠠᠯ ᠤᠨ ᠡᠭᠦᠯᠳᠡᠷ ᠤᠨ ᠠᠮᠤᠷ ᠲᠦᠪᠰᠢᠨ ᠢ ᠪᠠᠲᠤᠯᠠᠵᠤ᠂ | ᠲᠠᠷᠢᠶᠠᠨ ᠭᠠᠵᠠᠷ︾ ᠤᠨ ᠬᠦᠴᠦᠨ ᠢᠶᠠᠷ ᠦᠷ᠎ᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠪᠣᠯᠤᠨ᠎ᠠ ᠭᠡᠵᠡᠶ᠃ | ᠳᠠᠷᠠᠭ᠎ᠠ ᠨᠢ᠂ ᠲᠣᠭᠤᠷᠢᠨ ᠦᠵᠡᠬᠦ ᠠᠵᠢᠯᠲᠠᠨ ᠲᠤᠷᠰᠢᠯᠲᠠ ᠶᠢᠨ ᠲᠠᠷᠢᠮᠠᠯ ᠤᠨ ᠬᠦᠯᠡᠮᠵᠢ ᠳᠤ ᠬᠦᠷᠴᠦ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠮᠡᠷᠭᠡᠵᠢᠯ ᠤᠨ ᠠᠵᠢᠯᠲᠠᠨ ᠲᠠᠢ ᠲᠠᠷᠢᠮᠠᠯ ᠤᠨ | ᠰᠠᠭᠤᠷᠢ ᠶᠢᠨ ᠪᠦᠲᠦᠴᠡ᠂ ᠲᠠᠷᠢᠮᠠᠯ ᠤᠨ ᠤᠷᠭᠤᠯᠲᠠ ᠶᠢᠨ ᠪᠠᠶᠢᠳᠠᠯ᠂ ᠤᠨᠠᠯᠲᠠ ᠶᠢᠨ ᠪᠠᠶᠢᠳᠠᠯ ᠵᠡᠷᠭᠡ ᠠᠭᠤᠯᠭ᠎ᠠ ᠶᠢ | ᠭᠦᠨᠵᠡᠭᠡᠶ ᠣᠶᠢᠯᠠᠭᠠᠪᠠ᠃ ᠲᠤᠬᠠᠶ ᠶᠢᠨ ᠭᠠᠵᠠᠷ ᠲᠤᠨᠢ ᠰᠤᠷᠤᠯᠴᠠᠨ ᠰᠣᠯᠢᠯᠴᠠᠬᠤ ᠪᠠᠷ ᠳᠡᠮᠵᠢᠨ᠂ ᠣᠯᠠᠨ ᠢᠶᠠᠷ ᠢᠶᠠᠨ | ᠰᠢᠨᠵᠢᠯᠡᠬᠦ ᠤᠬᠠᠭᠠᠨᠴᠢ ᠪᠠᠷ ᠦᠷ᠎ᠡ ᠰᠣᠩᠭᠤᠨ ᠦᠷ᠎ᠡ ᠰᠣᠩᠭᠤᠵᠤ᠂ ᠳᠠᠷᠢᠬᠤ ᠮᠡᠷᠭᠡᠵᠢᠯ ᠢᠶᠠᠨ ᠳᠡᠭᠡᠭᠰᠢᠯᠡᠭᠦᠯᠬᠦ ᠨᠢ | ᠲᠠᠷᠢᠮᠠᠯ ᠤᠨ ᠡᠷᠦᠬᠡ ᠶᠢᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠠᠴᠠ ᠪᠣᠯᠤᠭᠰᠠᠨ ᠰᠠᠶᠢᠨ | ᠲᠠᠯ᠎ᠠ ᠶᠢ ᠭᠦᠨᠵᠡᠭᠡᠶ ᠣᠶᠢᠯᠠᠭᠠᠪᠠ᠃ | ᠦᠬᠠᠶ ᠬᠤᠲᠠ ᠶᠢᠨ ᠢᠦᠶ ᠷᠦᠨ ᠰᠠᠨ ᠾᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠾᠥᠸᠧᠴᠠᠩ ᠴᠦᠨ ᠬᠡᠯᠡᠬᠦ ᠳᠡᠭᠡᠨ᠄ | ︽︿ᠲᠠᠷᠢᠶᠠᠨ ᠦᠷ᠎ᠡ ᠰᠣᠩᠭᠤᠬᠤ﹀ ᠲᠠᠪᠴᠠᠩ ᠳᠡᠭᠡᠷ᠎ᠡ ᠲᠠᠷᠢᠬᠤ ᠬᠠᠷᠢᠴᠠᠭᠤᠯᠤᠨ ᠲᠤᠷᠰᠢᠯᠲᠠ ᠬᠢᠬᠦ ᠳᠤ ᠣᠷᠣᠯᠴᠠᠬᠤ | ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠢᠳᠡ 25 ᠲᠥᠪᠡᠳ ᠬᠠᠰᠢ ᠶᠢᠨ ᠲᠥᠷᠥᠯ ᠵᠦᠢᠯ ᠪᠠ 5 | ᠥᠷᠭᠡᠰᠦᠲᠦ ᠬᠡᠮᠬᠡ ᠶᠢᠨ ᠲᠥᠷᠥᠯ ᠵᠦᠢᠯ ᠢ ᠲᠠᠷᠢᠵᠤ᠂ ᠲᠤᠷᠰᠢᠯᠲᠠ ᠶᠢᠨ ᠡᠭᠦᠯᠳᠡᠷ᠂ ᠴᠢᠬᠢ᠂ ᠪᠣᠷᠳᠣᠭᠤᠷ ᠵᠢᠴᠢ | ᠲᠠᠷᠢᠬᠤ ᠵᠢᠯᠣᠭᠤᠳᠣᠯᠭ᠎ᠠ ᠨᠢ ᠴᠥᠮ ᠤᠳᠠ ᠲᠣᠭᠤᠷᠢᠭ ᠤᠨ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ | ᠲᠥᠪ ᠠᠴᠠ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠲᠠᠷᠢᠬᠤ ᠲᠤᠷᠰᠢᠯᠲᠠ ᠪᠠᠷ ᠳᠠᠮᠵᠢᠨ᠂ ᠪᠢᠳᠡ | ᠡᠳᠡᠭᠡᠷᠡᠯᠲᠡ ᠶᠢᠨ ᠨᠣᠷᠮ᠎ᠠ ᠥᠨᠳᠥᠷ᠂ ᠵᠢᠮᠢᠰ ᠤᠨ ᠠᠮᠲᠠ ᠨᠢ ᠰᠠᠶᠢᠨ᠂ ᠦᠷᠭᠦᠯᠵᠢᠯᠡᠨ ᠬᠤᠷᠢᠶᠠᠬᠤ ᠬᠤᠭᠤᠴᠠᠭ᠎ᠠ ᠨᠢ | ᠤᠷᠲᠤ᠂ ᠮᠦ ᠪᠦᠷᠢ ᠶᠢᠨ ᠤᠨᠠᠯᠲᠠ ᠨᠢ ᠥᠨᠳᠥᠷ ᠡᠭᠦᠯᠳᠡᠷ ᠢ ᠰᠣᠩᠭᠤᠨ ᠲᠠᠷᠢᠨ᠎ᠠ ᠭᠡᠵᠠᠢ᠃ | ᠲᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠪᠡᠯᠡᠳᠭᠡᠮᠵᠢᠳᠤ ᠢᠳᠡᠰᠢᠨ ᠨᠣᠭᠤᠭ᠎ᠠ ᠶᠢ ︽ᠦᠷ᠎ᠡ | ᠰᠣᠩᠭᠤᠬᠤ︾ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥᠯ ᠵᠦᠢᠯ ᠢ ᠤᠬᠠᠭᠤᠯᠤᠨ | ᠲᠠᠨᠢᠯᠴᠠᠭᠤᠯᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠰᠢᠪᠲᠤᠯᠤᠯᠲᠠ ᠶᠢᠨ ᠴᠢᠨᠠᠷᠲᠠᠶ ᠰᠢᠯᠢᠳᠡᠭ | ᠲᠥᠷᠥᠯ ᠵᠦᠢᠯ ᠪᠠ ᠰᠢᠨ᠎ᠡ ᠮᠡᠷᠭᠡᠵᠢᠯ ᠢ ᠮᠢᠩᠭᠠᠨ ᠲᠦᠮᠡᠨ ᠲᠠᠷᠢᠶᠠᠴᠢᠨ ᠡᠷᠦᠬᠡ ᠳᠤ ᠬᠦᠷᠭᠡᠵᠦ᠂ ᠲᠣᠰ ᠭᠠᠵᠠᠷ ᠤᠨ | ᠲᠠᠷᠢᠶᠠᠯᠠᠩ ᠤᠨ ᠪᠦᠲᠦᠭᠡᠭᠳᠡᠬᠦᠨ ᠢ ᠰᠠᠶᠢᠲᠤᠷ ᠳᠠᠷᠢᠵᠤ᠂ ᠰᠠᠶᠢᠲᠤᠷ ᠬᠤᠷᠢᠶᠠᠵᠤ᠂ ᠰᠠᠶᠢᠲᠤᠷ ᠬᠤᠳᠠᠯᠳᠤᠭᠤᠯᠬᠤ ᠪᠠᠷ | ᠪᠠᠷᠠᠬᠤ ᠥᠬᠡᠶ᠂ ᠨᠠᠩ ᠴᠤ ᠲᠠᠷᠢᠶᠠᠴᠢᠨ ᠡᠷᠦᠬᠡ ᠶᠢᠨ ᠵᠣᠭᠤᠰᠣᠨ ᠪᠣᠭᠤᠳᠠᠯ ᠢ ᠬᠥᠭᠵᠢᠭᠡᠵᠦ᠂ ᠰᠠᠭᠤᠭᠠᠯᠢ ᠠᠷᠠᠳ ᠤᠨ | ᠢᠳᠡᠭᠡᠨ ᠤᠮᠳᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ |