ᠤᠳᠠ ᠲᠤᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠶᠡᠭᠡ ᠲᠢᠩᠬᠢᠮ ᠨᠢ ᠥᠪᠥᠷ ᠮᠣᠩᠭᠤᠯ ᠤᠨ ᠯᠢᠶᠠᠨ ᠴᠢᠶᠦ᠋ᠨ ᠬᠢᠮᠢ ᠶᠢᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠬᠠᠮᠵᠢᠨ ᠠᠵᠤ ᠦᠢᠯᠡᠰ ᠤᠨ ᠠᠵᠢᠯᠴᠢᠨ ᠤ ᠣᠷᠣᠨ ᠰᠠᠭᠤᠴᠠ ᠶᠢ ᠰᠢᠨ᠎ᠡ ᠪᠠᠷ ᠨᠡᠮᠡᠭᠳᠡᠭᠦᠯᠬᠦ ᠵᠢᠴᠢ ᠦᠷᠭᠦᠯᠵᠢᠯᠡᠨ ᠲᠦᠷᠢᠶᠡᠰᠦᠯᠡᠬᠦ ᠠᠵᠢᠯ ᠢ ᠭᠦᠢᠴᠡᠳᠭᠡᠪᠡ
ᠨᠡᠶᠢᠲᠡᠯᠡᠭᠰᠡᠨ ᠴᠠᠭ᠄
2024/5/30
     ᠥᠪᠥᠷ ᠮᠣᠩᠭᠤᠯ ᠤᠨ ᠯᠢᠶᠠᠨ ᠴᠢᠶᠦ᠋ᠨ ᠬᠢᠮᠢ ᠶᠢᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠤᠳᠠ ᠲᠣᠭᠤᠷᠢᠭ ᠤᠨ ᠭᠤᠣᠯᠳᠠᠯᠭ᠎ᠠ ᠲᠠᠢ ᠠᠵᠤ ᠠᠬᠤᠶᠢᠯᠠᠯ᠂ ᠤᠳᠠ ᠲᠤᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠠᠵᠤ ᠠᠬᠤᠶᠢᠯᠠᠯ ᠢᠶᠠᠷ ᠰᠤᠷᠪᠤᠯᠵᠢᠯᠠᠬᠤ ᠶᠠᠪᠤᠴᠠ ᠳᠤ ᠠᠵᠤ ᠠᠬᠤᠶᠢᠯᠠᠯ ᠤᠨ ᠣᠶᠢᠷ᠎ᠠ ᠶᠢᠨ ᠬᠤᠭᠤᠴᠠᠭᠠᠨ ᠳᠤ ᠠᠵᠢᠯᠴᠢᠨ ᠡᠯᠰᠡᠬᠦ ᠲᠥᠯᠥᠪᠯᠡᠭᠡ ᠲᠠᠢ ᠪᠠᠶᠢᠬᠤ ᠶᠢ ᠮᠡᠳᠡᠭᠡᠳ᠂ 10 ᠢᠵᠢ ᠠᠵᠤ ᠦᠢᠯᠡᠰ ᠤᠨ ᠠᠵᠢᠯᠴᠢᠨ ᠤ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠶ ᠪᠠᠶᠢᠨ᠎ᠠ᠃ ᠠᠵᠤ ᠠᠬᠤᠶᠢᠯᠠᠯ ᠤᠨ ᠦᠢᠯᠡᠴᠢᠯᠡᠭᠡᠨ ᠤ ᠲᠢᠩᠬᠢᠮ ᠤᠨ ᠠᠵᠢᠯᠲᠠᠨ ᠲᠣᠰ ᠬᠡᠷᠡᠭᠴᠡᠭᠡ ᠶᠢ ᠮᠡᠳᠡᠭᠰᠡᠨ ᠤ ᠳᠠᠷᠠᠭ᠎ᠠ᠂ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠢᠳᠡᠪᠬᠢᠲᠡᠶ ᠵᠣᠯᠭᠠᠭᠤᠯᠬᠤ ᠶᠢᠨ ᠬᠠᠮᠲᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠵᠢᠴᠢ ᠭᠦᠢᠴᠡᠳᠭᠡᠬᠦ ᠴᠤᠪᠤᠷᠠᠯ ᠢ ᠮᠡᠳᠡᠭᠳᠡᠵᠦ᠂ ᠠᠵᠤ ᠠᠬᠤᠶᠢᠯᠠᠯ ᠤᠨ ᠭᠤᠶᠤᠴᠢᠯᠠᠯ ᠢ ᠣᠯᠤᠭᠰᠠᠨ ᠤ ᠳᠠᠷᠠᠭ᠎ᠠ᠂ ᠶᠡᠭᠡ ᠲᠢᠩᠬᠢᠮ ᠤᠨ ᠠᠵᠢᠯᠲᠠᠳ ᠴᠠᠭ ᠲᠤᠬᠠᠶ ᠳᠤᠨᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠰᠢᠨ᠎ᠡ ᠪᠠᠷ ᠨᠡᠮᠡᠭᠳᠡᠭᠰᠡᠨ ᠵᠢᠴᠢ ᠦᠷᠭᠦᠯᠵᠢᠯᠡᠨ ᠲᠦᠷᠢᠶᠡᠰᠦᠯᠡᠬᠦ ᠵᠠᠬᠢᠳᠠᠯ ᠭᠠᠷᠭᠠᠬᠤ ᠶᠢᠨ ᠬᠠᠮᠲᠤ ᠴᠠᠭ ᠲᠤᠬᠠᠶ ᠳᠤᠨᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠬᠦᠷᠴᠦ ᠬᠡᠷ ᠪᠠᠶᠢᠰᠢᠩ ᠤᠨ ᠢᠷᠡᠯᠲᠡ ᠪᠠᠶᠢᠬᠤ ᠡᠰᠡᠬᠦ ᠶᠢ ᠯᠠᠪᠯᠠᠨ ᠠᠰᠠᠭᠤᠵᠤ᠂ ᠬᠤᠯᠪᠣᠭᠳᠠᠯ ᠪᠥᠬᠦᠶ ᠬᠠᠷᠢᠭᠤᠯᠲᠠ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠠᠵᠤ ᠠᠬᠤᠶᠢᠯᠠᠯ ᠳᠤ ᠬᠠᠷᠢᠭᠤ ᠲᠤᠰᠬᠠᠪᠠ᠃      ᠤᠳᠠ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠨᠢ ︽ᠳᠠᠭᠤᠳᠠᠪᠠᠯ ᠵᠠᠪᠠᠯ ᠭᠦᠢᠴᠡᠳᠭᠡᠬᠦ᠂ ᠤᠴᠢᠷ ᠦᠭᠡᠢ ᠪᠣᠯ ᠬᠠᠷᠰᠢᠯᠠᠬᠤ ᠦᠭᠡᠢ︾ ︽ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠠᠵᠤ ᠠᠬᠤᠶᠢᠯᠠᠯ ᠤᠨ ᠲᠤᠰᠬᠠᠯ ᠴᠢᠩᠭ᠎ᠠ ᠪᠠᠶᠢᠭ᠎ᠠ ᠲᠦᠭᠵᠢᠷᠡᠯ᠂ ᠬᠦᠴᠢᠷᠳᠡᠯ ᠪᠠ ᠡᠪᠡᠷᠰᠢᠶᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠢᠳᠠᠪᠤᠷᠢ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠲᠥᠷᠥᠯ ᠵᠦᠢᠯ ᠤᠨ ︽ᠤᠷᠢᠳᠠᠴᠢ ᠦᠢᠯᠡᠴᠢᠯᠡᠭᠡ︾ ᠶᠢ ᠬᠡᠷᠡᠭᠵᠢᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ︽ᠬᠠᠪᠰᠤᠷᠤᠨ ᠣᠷᠣᠯᠠᠨ ᠭᠦᠢᠴᠡᠳᠭᠡᠬᠦ᠂ ᠰᠠᠨᠠᠭ᠎ᠠ ᠠᠮᠤᠷ ᠭᠦᠢᠴᠡᠳᠭᠡᠬᠦ︾ ᠬᠤᠳᠠᠯᠳᠤᠭ᠎ᠠ ᠡᠷᠭᠢᠯᠡᠬᠦ ᠨᠠᠷᠠᠲᠤ ᠲᠥᠷᠥᠯ ᠲᠡᠮᠳᠡᠭᠲᠦ ᠶᠢ ᠦᠨᠡᠨᠬᠦ ᠰᠠᠶᠢᠲᠤᠷ ᠬᠢᠪᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号