︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ — ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/5/31
     5 ᠳ᠋ᠤᠭᠠᠷ ᠰᠠᠷ᠎ᠠ ᠶᠢᠨ ᠡᠴᠦᠰ ᠤᠨ ᠨᠢᠭᠡ ᠭᠠᠷᠠᠭ ᠪᠣᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠪᠣᠯᠤᠨ᠎ᠠ᠂ ᠡᠨᠡ ᠵᠢᠯ ᠤᠨ ᠭᠤᠤᠯ ᠰᠡᠳᠦᠪ ᠪᠣᠯ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ︾ ᠪᠣᠯᠤᠨ᠎ᠠ᠃ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽ᠰᠦᠯᠵᠢᠶᠡᠨ ᠳᠡᠭᠡᠷ᠎ᠡ︾ ᠪᠠ ︽ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠨ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠬᠠᠮᠲᠤᠷᠠᠨ ᠥᠷᠨᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃      ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠤᠳᠤᠷᠢᠳᠤᠯᠭ᠎ᠠ ᠵᠢᠴᠢ ᠠᠵᠢᠯᠲᠠᠳ ᠡᠷᠦᠬᠡ ᠳᠤ ᠣᠷᠣᠵᠤ ᠰᠤᠷᠪᠤᠯᠵᠢᠯᠠᠬᠤ᠂ ᠨᠢᠭᠤᠷᠲᠠᠨ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢ ᠠᠪᠴᠤ᠂ ᠴᠡᠷᠢᠭ ᠠᠴᠠ ᠬᠠᠯᠠᠭᠳᠠᠭᠰᠠᠨ ᠠᠬᠠᠮᠠᠳ ᠨᠠᠮ ᠤᠨ ᠭᠡᠰᠢᠭᠦᠨ᠂ ᠴᠥᠭᠡᠨ ᠲᠣᠭᠠᠲᠤ ᠦᠨᠳᠦᠰᠦᠲᠡᠨ ᠤ ᠬᠡᠷ ᠪᠦᠯᠢ ᠶᠢᠨ ᠬᠢᠨ ᠣᠯᠠᠨ ᠲᠦᠮᠡᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠪᠠᠶᠢᠷᠢ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠬᠢᠭᠤᠯᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠤᠬᠠᠭᠤᠯᠵᠤ᠂ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠢᠴᠡᠳ ᠣᠶᠢᠯᠠᠭᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠴᠢᠩᠭᠠᠳᠬᠠᠪᠠ᠃      ᠲᠠᠷᠠᠭᠠᠴᠢ ᠶᠢᠨ ᠠᠯᠬᠤᠮ ᠳᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠵᠢᠯ ᠤᠨ ᠠᠷᠭ᠎ᠠ ᠬᠡᠯᠪᠡᠷᠢ ᠪᠠᠨ ᠤᠯᠠᠮ ᠨᠢᠭᠡ ᠠᠯᠬᠤᠮ ᠰᠢᠨᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠤᠨ ᠲᠣᠭᠤᠷᠢᠨ ᠳᠤ ᠦᠷᠭᠦᠯᠵᠢᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠤᠬᠠᠶ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠴᠢᠷᠮᠠᠶᠢᠨ ᠳᠡᠭᠡᠭᠰᠢᠯᠡᠭᠦᠯᠦᠨ᠎ᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号