ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ | ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ | ᠵᠠᠯᠠᠭᠤ ᠺᠠᠲᠷ ᠤᠨ ᠡᠩᠨᠡᠭᠡᠨ ᠤ ᠵᠣᠷᠢᠭ ᠰᠠᠨᠠᠭᠠᠨ ᠤ ︽ᠺᠠᠯᠼ︾ ᠢ ᠨᠥᠬᠦᠪᠥᠷᠢᠯᠡᠬᠦ ᠪᠠ ᠦᠵᠡᠯ ᠰᠠᠨᠠᠭᠠᠨ ᠤ | ︽ᠴᠢᠳᠠᠪᠤᠷᠢ︾ ᠶᠢ ᠲᠠᠰᠤᠷᠠᠯᠲᠠ ᠥᠬᠡᠶ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 7 ᠤ ᠡᠳᠦᠷ᠂ ᠤᠳᠠ ᠲᠣᠭᠤᠷᠢᠭ | ᠵᠠᠯᠠᠭᠤ ᠺᠠᠲᠷ ᠤᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠠᠵᠢᠯᠯᠠᠭ᠎ᠠ ᠥᠷᠨᠢᠭᠦᠯᠵᠦ᠂ ᠨᠡᠶᠢᠲᠡ | 70 ᠭᠠᠷᠤᠶ ᠬᠥᠮᠦᠨ ᠣᠷᠣᠯᠴᠠᠵᠠᠶ᠃ | | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠳᠤ ᠭᠠᠵᠠᠷ ᠣᠷᠣᠨ ᠤ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠵᠠᠰᠠᠯᠲᠠ ᠵᠡᠷᠭᠡ | ᠭᠤᠷᠪᠠᠨ ᠲᠠᠯ᠎ᠠ ᠶᠢᠨ ᠠᠭᠤᠯᠭ᠎ᠠ ᠶᠢ ᠪᠠᠭᠲᠠᠭᠠᠵᠤ᠂ ︽ᠨᠠᠰᠤᠲᠠᠨ ᠳᠤ ᠦᠢᠯᠡᠴᠢᠯᠡᠬᠦ︾᠂ ︽ᠨᠡᠭᠦᠷᠡᠰᠦ ᠶᠢ ᠴᠠᠬᠢᠯᠭᠠᠨ | ᠪᠣᠯᠭᠠᠨ ᠥᠭᠡᠷᠡᠴᠢᠯᠡᠬᠦ︾ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ ᠵᠦᠢᠯ ᠵᠢᠴᠢ ᠵᠡᠭᠡᠯᠢ | ᠭᠤᠳᠤᠮᠵᠢ ᠨᠡᠶᠢᠭᠡᠮ ᠲᠣᠭᠤᠷᠢᠭ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠬᠦ ᠪᠠᠷ ᠳᠠᠮᠵᠢᠭᠤᠯᠤᠨ᠂ | ᠵᠠᠯᠠᠭᠤ ᠺᠠᠲᠷ ᠢ ᠦᠨᠡᠨ ᠬᠦ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ | ᠭᠦᠨᠵᠡᠭᠡᠶᠢᠷᠡᠭᠦᠯᠦᠨ᠂ ᠲᠥᠷᠥᠯ ᠵᠦᠢᠯ ᠳᠤ ᠭᠦᠨᠵᠡᠭᠡᠶᠢᠷᠡᠭᠦᠯᠵᠦ᠂ ᠵᠠᠯᠠᠭᠤ ᠺᠠᠲᠷ ᠲᠤ ᠣᠯᠠᠨ ᠲᠦᠮᠡᠨ ᠤ | ᠠᠮᠢᠳᠤᠷᠠᠯ ᠤᠨ ᠬᠦᠴᠢᠷ ᠠᠰᠠᠭᠤᠳᠠᠯ᠂ ᠦᠨᠳᠦᠰᠦᠨ ᠱᠠᠲᠤᠨ ᠤ ᠵᠠᠰᠠᠯᠲᠠ ᠶᠢᠨ ᠲᠦᠭᠵᠢᠷᠡᠯ᠂ ᠠᠵᠤ ᠠᠬᠤᠶ ᠶᠢᠨ | ᠬᠥᠭᠵᠢᠯᠲᠡ ᠶᠢᠨ ᠬᠦᠴᠢᠷᠳᠡᠯ ᠢ ᠦᠨᠡᠨ ᠬᠦ ᠣᠶᠢᠯᠠᠭᠠᠭᠤᠯᠵᠤ᠂ ᠵᠠᠯᠠᠭᠤ ᠺᠠᠲᠷ ᠤᠨ ᠶᠡᠷᠦᠩᠬᠡᠶᠢᠯᠡᠭᠰᠡᠨ ᠴᠢᠳᠠᠪᠤᠷᠢ ᠶᠢ | ᠦᠨᠡᠨ ᠬᠦ ᠳᠡᠭᠡᠭᠰᠢᠯᠡᠭᠦᠯᠵᠦ᠂ ᠵᠠᠯᠠᠭᠤ ᠺᠠᠲᠷ ᠢ ᠬᠠᠪᠰᠤᠷᠤᠨ ᠮᠡᠳᠡᠯᠭᠡ ᠶᠢᠨ ᠬᠤᠭᠤᠰᠣᠨ ᠢ ᠨᠥᠬᠦᠪᠥᠷᠢᠯᠡᠵᠦ᠂ ᠬᠡᠪ | ᠴᠢᠨᠠᠷ ᠤᠨ ᠳᠤᠲᠠᠭᠤᠳᠠᠯ ᠢ ᠨᠥᠬᠦᠪᠥᠷᠢᠯᠡᠵᠦ᠂ ᠴᠢᠳᠠᠪᠤᠷᠢ ᠶᠢᠨ ᠪᠠᠭᠤᠷᠠᠶ ᠲᠠᠯ᠎ᠠ ᠶᠢ ᠬᠦᠴᠦᠷᠬᠡᠭᠵᠢᠭᠦᠯᠵᠦ᠂ | ᠬᠠᠷᠠᠭ᠎ᠠ ᠪᠠᠨ ᠥᠷᠭᠡᠳᠬᠡᠵᠦ᠂ ᠡᠷᠳᠡᠮ ᠴᠢᠳᠠᠪᠤᠷᠢ ᠶᠢ ᠨᠢ ᠨᠡᠮᠡᠭᠳᠡᠭᠦᠯᠦᠨ᠎ᠡ᠃ | |