ᠤᠳᠠ ᠲᠣᠭᠤᠷᠢᠭ ᠤᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ ᠤᠨ ᠡᠭᠦᠷᠭᠡ ᠴᠢᠳᠠᠪᠤᠷᠢ ᠶᠢᠨ | ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ | ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠬᠠᠶ ᠬᠤᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠦᠯ︾ ᠪᠣᠯᠤᠨ ᠦᠬᠠᠶ ᠬᠤᠲᠠ ᠶᠢᠨ ᠳᠠᠷᠤᠮᠠᠯᠯᠠᠨ ᠲᠠᠷᠬᠠᠭᠠᠭᠰᠠᠨ ︽ᠦᠬᠠᠶ ᠬᠤᠲᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠤᠳᠠ ᠲᠣᠭᠤᠷᠢᠭ ᠤᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ ᠪᠣᠯ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ | ᠪᠣᠯᠤᠨ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠨᠢᠭᠡᠳᠦᠯᠲᠡᠶ ᠬᠠᠮᠢᠶᠠᠷᠬᠤ ᠪᠠ | ᠵᠣᠬᠢᠴᠠᠭᠤᠯᠵᠤ᠂ ᠠᠵᠢᠯ ᠦᠢᠯᠡᠰ ᠤᠨ ᠵᠢᠩᠬᠢᠨᠢ ᠰᠠᠯᠠᠭᠠᠨ ᠤ ᠳᠡᠰ ᠪᠣᠯᠤᠨ᠎ᠠ᠃ | ᠭᠤᠷᠪᠠᠳᠤᠭᠠᠷ ᠵᠦᠢᠯ ᠤᠳᠠ ᠲᠣᠭᠤᠷᠢᠭ ᠤᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ | ᠲᠥᠪ ᠠᠴᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ | ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠲᠠ ᠶᠢᠨ | ᠨᠠᠮ ᠤᠨ ᠬᠤᠷᠢᠶᠠᠨ ᠤ ᠬᠠᠮᠢᠶ᠎ᠠ ᠪᠥᠬᠦᠶ ᠠᠵᠢᠯ ᠤᠨ ᠲᠣᠬᠢᠷᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠭᠠᠵᠠᠷ ᠰᠢᠷᠣᠶ ᠠᠰᠢᠭᠯᠠᠬᠤ ᠪᠠ ᠬᠤᠲᠠ ᠶᠢᠨ ᠶᠡᠷᠦᠩᠬᠡᠶ ᠲᠥᠯᠥᠪᠵᠢᠭᠦᠯᠭᠡ ᠵᠢᠴᠢ ᠵᠠᠬ᠎ᠠ | ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠴᠠᠭ ᠲᠤᠨᠢ ᠲᠣᠬᠢᠷᠠᠭᠤᠯᠤᠨ ᠭᠠᠵᠠᠷ ᠰᠢᠷᠣᠶ ᠬᠤᠳᠠᠯᠳᠤᠨ ᠠᠪᠴᠤ | ᠨᠥᠭᠡᠴᠡᠯᠡᠬᠦ ᠬᠡᠷᠡᠭᠲᠡᠶ᠃ ᠡᠵᠡᠩᠨᠡᠬᠦ ᠪᠠ ᠬᠠᠮᠢᠶᠠᠷᠬᠤ ᠳᠤ ᠵᠠᠰᠠᠭ ᠤᠨ ᠣᠷᠳᠣᠨ ᠤ ᠬᠠᠤᠯᠢ ᠶᠣᠰᠣᠭᠠᠷ ᠡᠭᠡᠭᠦᠯᠦᠨ | ᠬᠤᠷᠢᠶᠠᠭᠰᠠᠨ ᠭᠠᠵᠠᠷ ᠰᠢᠷᠣᠶ᠂ ᠰᠤᠯᠠ ᠲᠠᠯᠪᠢᠵᠤ ᠠᠲᠠᠷᠰᠢᠭᠤᠯᠤᠭᠰᠠᠨ ᠭᠠᠵᠠᠷ ᠰᠢᠷᠣᠶ ᠶᠢ ᠪᠣᠯ ᠨᠥᠭᠡᠴᠡᠯᠡᠭᠰᠡᠨ | ᠭᠠᠵᠠᠷ ᠰᠢᠷᠣᠶ ᠳᠤ ᠣᠷᠣᠭᠤᠯᠤᠨ᠎ᠠ᠃ | ︵ᠬᠤᠶᠠᠷ︶ ᠣᠯᠠᠨ ᠠᠷᠭ᠎ᠠ ᠵᠠᠮ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠪᠠᠵᠠᠭᠠᠬᠤ ᠬᠡᠷᠡᠭᠲᠡᠢ᠃ | ᠲᠤᠭᠤᠷᠢᠭ ᠤᠨ ᠵᠠᠰᠠᠭ ᠤᠨ ᠣᠷᠳᠣᠨ ᠤ ᠵᠢᠯᠤᠭᠤᠳᠤᠯᠭ᠎ᠠ ᠬᠢᠨᠠᠯᠲᠠ ᠳᠣᠣᠷ᠎ᠠ᠂ ᠡᠯ᠎ᠡ ᠮᠥᠩᠭᠦᠨ ᠭᠦᠢᠯᠭᠡᠭᠡᠨ ᠤ | ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠢᠭᠡᠯᠡᠯᠭᠡ ᠪᠠᠷᠢᠴᠠᠭᠠᠯᠠᠬᠤ ᠵᠡᠷᠭᠡ ᠬᠡᠯᠪᠡᠷᠢ ᠪᠠᠷ | ᠭᠠᠵᠠᠷ ᠰᠢᠷᠣᠢ ᠶᠢ ᠬᠤᠳᠠᠯᠳᠤᠨ ᠠᠪᠬᠤ᠂ ᠨᠡᠭᠡᠭᠡᠨ ᠠᠰᠢᠭᠯᠠᠬᠤ ᠪᠡᠯᠡ ᠮᠥᠩᠭᠦ ᠶᠢ ᠣᠯᠬᠤ ᠶᠢᠨ ᠬᠠᠮᠲᠤ ᠲᠤᠰ ᠪᠡᠯᠡ | ᠮᠥᠩᠭᠦ ᠶᠢᠨ ᠬᠡᠷᠡᠭᠯᠡᠯᠲᠡ ᠶᠢ ᠬᠠᠮᠢᠶᠠᠷᠤᠨ᠎ᠠ᠃ | ︵ᠭᠤᠷᠪᠠ︶ ᠲᠠᠲᠠᠪᠤᠷᠢᠯᠠᠬᠤ ᠲᠥᠷᠥᠯ ᠵᠦᠢᠯ ᠤᠨ ᠲᠠᠲᠠᠪᠤᠷᠢᠯᠠᠬᠤ ᠨᠥᠬᠦᠪᠥᠷᠢ ᠶᠢᠨ ᠲᠥᠰᠦᠯ ᠢ ᠲᠤᠭᠤᠷᠪᠢᠨ | ᠲᠣᠭᠲᠠᠭᠠᠵᠤ᠂ ᠬᠥᠭᠵᠢᠭᠦᠯᠦᠯᠲᠡ ᠥᠭᠡᠷᠡᠴᠢᠯᠡᠯᠲᠡ᠂ ᠲᠥᠯᠥᠪᠵᠢᠭᠦᠯᠭᠡ᠂ ᠤᠯᠤᠰ ᠤᠨ ᠭᠠᠵᠠᠷ ᠰᠢᠷᠣᠶ ᠡᠬᠢ ᠪᠠᠶᠠᠯᠢᠭ᠂ | ᠬᠠᠮᠢᠶ᠎ᠠ ᠪᠦᠬᠦᠢ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠡᠷᠭᠡ ᠶᠢ | ᠵᠣᠬᠢᠶᠠᠨ ᠪᠠᠶᠢᠭᠤᠯᠤᠨ ᠨᠥᠬᠦᠪᠥᠷᠢ ᠥᠭᠬᠦ ᠲᠥᠰᠦᠯ ᠤᠨ ᠨᠤᠲᠠᠯᠠᠯᠲᠠ ᠬᠢᠬᠦ ᠶᠢᠨ ᠬᠠᠮᠲᠤ ᠲᠤᠭᠤᠷᠢᠭ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠬᠤᠲᠠ ᠶᠢᠨ ᠭᠡᠷ ᠪᠠᠶᠢᠰᠢᠩ ᠲᠠᠲᠠᠪᠤᠷᠢᠯᠠᠬᠤ ᠲᠣᠪᠴᠢᠶ᠎ᠠ ᠳᠤ ᠮᠡᠳᠡᠭᠦᠯᠦᠨ᠎ᠡ᠃ | ︵ᠲᠦᠷᠪᠡ︶ ᠲᠠᠲᠠᠪᠤᠷᠢᠯᠠᠬᠤ ᠬᠡᠪᠴᠢᠶᠡᠨ ᠳᠣᠲᠣᠷᠠᠬᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ᠂ ᠣᠷᠣᠨ | ᠪᠠᠶᠢᠷᠢ᠂ ᠬᠡᠷᠡᠭᠴᠡᠭᠡ᠂ ᠪᠠᠷᠢᠯᠭ᠎ᠠ ᠶᠢᠨ ᠲᠠᠯᠠᠪᠠᠢ ᠵᠡᠷᠭᠡ ᠪᠠᠶᠢᠳᠠᠯ ᠢ ᠪᠠᠶᠢᠴᠠᠭᠠᠨ ᠳᠠᠩᠰᠠᠯᠠᠬᠤ ᠠᠵᠢᠯ ᠢ ᠵᠣᠬᠢᠶᠠᠨ | ᠪᠠᠶᠢᠭᠤᠯᠬᠤ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢ ᠨᠡᠶᠢᠲᠡᠯᠡᠨ᠎ᠡ᠃ | ︵ᠲᠠᠪᠤ︶ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠨᠡᠶᠢᠲᠡ ᠶᠢᠨ ᠠᠰᠠᠷᠠᠮᠵᠢ ᠶᠢᠨ | ᠦᠢᠯᠡᠰ ᠤᠨ ᠪᠦᠲᠦᠭᠡᠨ ᠪᠠᠶᠢᠭᠤᠯᠤᠯᠲᠠ᠂ ᠬᠠᠭᠤᠴᠢᠨ ᠬᠤᠲᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ | ᠵᠦᠢᠯ ᠳᠤ ᠲᠠᠲᠠᠪᠤᠷᠢᠯᠠᠬᠤ ᠠᠵᠢᠯ ᠢ ᠥᠷᠨᠢᠭᠦᠯᠬᠦ ᠴᠢᠬᠤᠯᠠ ᠲᠠᠢ ᠲᠥᠷᠥᠯ ᠵᠦᠢᠯ ᠳᠤ ᠰᠠᠨᠠᠯ ᠰᠣᠨᠣᠰᠬᠤ ᠶᠢ ᠵᠣᠬᠢᠶᠠᠨ | ᠪᠠᠶᠢᠭᠤᠯᠬᠤ ᠬᠡᠷᠡᠭᠲᠡᠶ᠃ | ︵ᠵᠢᠷᠭᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠭᠡᠷ ᠪᠠᠶᠢᠰᠢᠩ ᠲᠠᠲᠠᠪᠤᠷᠢᠯᠠᠬᠤ ᠬᠡᠪᠴᠢᠶᠡᠨ | ᠳᠣᠲᠣᠷᠠᠬᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠭᠡᠷ ᠪᠠᠶᠢᠰᠢᠩ ᠪᠣᠯᠤᠨ | ᠭᠡᠷ ᠪᠠᠶᠢᠰᠢᠩ ᠤᠨ ᠬᠡᠷᠡᠭᠴᠡᠭᠡ ᠶᠢ ᠬᠤᠪᠢᠷᠠᠭᠤᠯᠬᠤ ᠵᠡᠷᠭᠡ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠶᠢ ᠲᠦᠷ | ᠵᠣᠭᠰᠣᠭᠠᠬᠤ ᠬᠡᠷᠡᠭᠲᠡᠶ᠃ | ︵ᠳᠤᠯᠤᠭ᠎ᠠ︶ ᠲᠣᠭᠲᠠᠭᠤᠨ ᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ᠂ ᠤᠯᠤᠰ ᠤᠨ ᠭᠠᠵᠠᠷ ᠰᠢᠷᠣᠶ ᠡᠬᠢ ᠪᠠᠶᠠᠯᠢᠭ᠂ ᠬᠤᠯᠪᠣᠭᠳᠠᠬᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠷᠥᠯ ᠵᠦᠢᠯ ᠢ ᠬᠡᠷᠡᠭᠵᠢᠭᠦᠯᠬᠦ | ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠬᠡᠷᠡᠭᠲᠡᠶ᠃ | ︵ᠨᠠᠢᠮᠠ︶ ᠲᠠᠲᠠᠪᠤᠷᠢᠯᠠᠭᠴᠢᠳ ᠲᠤ ᠲᠠᠲᠠᠪᠤᠷᠢᠯᠠᠬᠤ ᠨᠥᠬᠦᠪᠥᠷᠢ ᠶᠢᠨ ᠬᠡᠯᠡᠯᠴᠡᠭᠡᠷ ᠲᠣᠭᠲᠠᠭᠠᠬᠤ ᠵᠡᠷᠭᠡ | ᠪᠣᠳᠠᠲᠠᠢ ᠲᠠᠲᠠᠪᠤᠷᠢᠯᠠᠬᠤ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ᠃ | ︵ᠶᠢᠰᠦ︶ ᠨᠢᠭᠡᠨᠲᠡ ᠲᠠᠲᠠᠪᠤᠷᠢᠯᠠᠭᠰᠠᠨ ᠭᠡᠷ ᠪᠠᠶᠢᠰᠢᠩ ᠢ ᠨᠢ ᠠᠪᠴᠤ ᠬᠠᠶᠠᠬᠤ ᠶᠢ ᠬᠠᠷᠢᠭᠤᠴᠠᠨ᠎ᠠ᠃ | ︵ᠠᠷᠪᠠ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠷᠭᠤ ᠶᠢᠨ ᠬᠡᠷᠡᠭ ᠢ ᠪᠠᠶᠢᠴᠠᠭᠠᠵᠤ ᠭᠡᠷᠡᠴᠢ ᠠᠪᠬᠤ | ᠠᠵᠢᠯ ᠢ ᠬᠠᠷᠢᠭᠤᠴᠠᠨ᠎ᠠ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠤᠳᠠ ᠲᠣᠭᠤᠷᠢᠭ ᠤᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ ᠲᠤ 4 ᠳᠣᠲᠣᠭᠠᠳᠤ | ᠪᠠᠶᠢᠭᠤᠯᠤᠮᠵᠢ ᠲᠣᠬᠢᠷᠠᠭᠤᠯᠪᠠ᠄ | ︵ᠨᠢᠭᠡ︶ ᠠᠯᠪᠠᠨ ᠭᠡᠷ | 1.ᠨᠢᠭᠡᠴᠢ ᠶᠢᠨ ᠵᠠᠰᠠᠭ ᠵᠠᠬᠢᠷᠭᠠᠨ᠂ ᠨᠠᠮ ᠤᠨ ᠶᠠᠪᠤᠳᠠᠯ ᠤᠨ ᠲᠠᠯ᠎ᠠ ᠶᠢᠨ ᠠᠵᠢᠯ ᠢ ᠬᠠᠷᠢᠭᠤᠴᠠᠵᠤ᠂ | ᠨᠡᠭᠦᠯᠭᠡᠭᠰᠡᠨ ᠬᠥᠮᠥᠰ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠨᠢᠭᠡᠴᠢ ᠶᠢᠨ ᠪᠦᠬᠦ ᠨᠠᠮ ᠤᠨ | ᠭᠡᠰᠢᠭᠦᠨ ᠤ ᠨᠠᠮᠴᠢ ᠴᠢᠨᠠᠷ ᠤᠨ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠬᠤᠷᠠᠯ ᠤᠨ | ᠵᠣᠬᠢᠶᠠᠨ ᠪᠠᠶᠢᠭᠤᠯᠬᠤ᠂ ᠦᠢᠯᠡᠴᠢᠯᠡᠬᠦ ᠪᠠ ᠲᠡᠮᠳᠡᠭᠯᠡᠬᠦ ᠠᠵᠢᠯ ᠢ ᠰᠠᠶᠢᠲᠤᠷ ᠬᠢᠨ᠎ᠡ᠃ | 2.ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ᠂ ᠪᠠᠶᠢᠴᠠᠭᠠᠨ ᠰᠤᠳᠤᠯᠬᠤ ᠮᠠᠲ᠋ᠧᠷᠢᠶᠠᠯ᠂ ᠬᠠᠷᠢᠭᠤ | ᠮᠡᠳᠡᠭᠦᠯᠬᠦ ᠮᠠᠲ᠋ᠧᠷᠢᠶᠠᠯ ᠢ ᠲᠤᠭᠤᠷᠪᠢᠬᠤ᠂ ᠬᠤᠪᠢᠶᠠᠨ ᠲᠠᠷᠬᠠᠭᠠᠬᠤ ᠵᠡᠷᠭᠡ ᠠᠵᠢᠯ ᠢ ᠬᠠᠷᠢᠭᠤᠴᠠᠵᠤ᠂ ᠪᠢᠴᠢᠭ | ᠮᠠᠲ᠋ᠧᠷᠢᠶᠠᠯ ᠢᠷᠡᠭᠦᠯᠦᠭᠰᠡᠨ ᠤᠲᠠᠰᠤ ᠶᠢ ᠡᠮᠬᠢᠯᠡᠬᠦ᠂ ᠳᠠᠮᠵᠢᠭᠤᠯᠤᠨ ᠦᠵᠡᠬᠦ᠂ ᠳᠠᠩᠰᠠ ᠡᠪᠬᠡᠮᠡᠯ ᠳᠤ ᠣᠷᠣᠭᠤᠯᠬᠤ | ᠵᠡᠷᠭᠡ ᠠᠯᠪᠠᠨ ᠪᠢᠴᠢᠭ ᠰᠢᠢᠳᠪᠦᠷᠢᠯᠡᠬᠦ ᠠᠵᠢᠯ ᠪᠣᠯᠤᠨ ᠠᠯᠪᠠᠨ ᠲᠠᠮᠠᠭ᠎ᠠ ᠳᠠᠷᠤᠮᠠᠯᠯᠠᠭᠰᠠᠨ ᠮᠠᠲ᠋ᠧᠷᠢᠶᠠᠯ ᠤᠨ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | 3.ᠭᠡᠷᠡᠴᠢᠯᠡᠭᠡ ᠰᠣᠨᠣᠰᠬᠤ ᠬᠤᠷᠠᠯ᠂ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠬᠤᠷᠠᠯ | ᠲᠣᠬᠢᠷᠠᠭᠤᠯᠬᠤ ᠶᠢ ᠬᠠᠷᠢᠭᠤᠴᠠᠵᠤ᠂ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠷᠭᠤᠯᠳᠤᠬᠤ | ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠣᠷᠣᠯᠴᠠᠵᠤ᠂ ᠬᠡᠷᠡᠭ ᠢ ᠪᠠᠶᠢᠴᠠᠭᠠᠵᠤ ᠭᠡᠷᠡᠴᠢ ᠠᠪᠬᠤ ᠠᠵᠢᠯ ᠢ | ᠰᠠᠶᠢᠲᠤᠷ ᠬᠢᠬᠦ ᠬᠡᠷᠡᠭᠲᠡᠶ᠃ | 4.ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠲᠠᠰᠤᠭ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ | ᠲᠤᠭᠤᠷᠪᠢᠨ ᠲᠣᠭᠲᠠᠭᠠᠬᠤ᠂ ᠨᠢᠭᠡᠴᠢ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ᠂ ᠰᠢᠯᠭᠠᠨ ᠦᠨᠡᠯᠡᠬᠦ | ᠳᠦᠷᠢᠮ ᠵᠡᠷᠭᠡ ᠠᠵᠢᠯ ᠢ ᠬᠠᠷᠢᠭᠤᠴᠠᠨ᠎ᠠ᠃ | 5.ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ᠂ ᠭᠠᠳᠠᠭᠠᠳᠤ ᠲᠠᠢ ᠬᠠᠷᠢᠯᠴᠠᠬᠤ ᠠᠵᠢᠯ ᠵᠢᠴᠢ ᠪᠠᠶᠢᠭᠤᠯᠭ᠎ᠠ | ᠨᠢᠭᠡᠴᠢ ᠶᠢᠨ ᠲᠡᠷᠭᠡ ᠬᠥᠰᠬᠡ ᠶᠢᠨ ᠬᠡᠷᠡᠭᠯᠡᠯᠲᠡ ᠪᠠ ᠬᠠᠮᠢᠶᠠᠷᠤᠯᠲᠠ ᠶᠢᠨ ᠠᠵᠢᠯ᠂ ᠠᠯᠪᠠᠨ ᠬᠡᠷᠡᠭᠰᠡᠯ ᠤᠨ | ᠬᠠᠮᠢᠶᠠᠷᠤᠯᠲᠠ ᠲᠠᠷᠬᠠᠭᠠᠯᠲᠠ ᠵᠡᠷᠭᠡ ᠠᠵᠢᠯ ᠢ ᠬᠠᠷᠢᠭᠤᠴᠠᠨ᠎ᠠ᠃ | 6.ᠲᠠᠲᠠᠪᠤᠷᠢᠯᠠᠬᠤ ᠠᠵᠢᠯᠲᠠᠨ ᠤ ᠪᠣᠯᠪᠠᠰᠤᠷᠠᠭᠤᠯᠤᠯ ᠳᠤ ᠣᠷᠣᠯᠴᠠᠵᠤ᠂ ᠬᠠᠤᠯᠢ ᠴᠠᠭᠠᠵᠠ᠂ ᠬᠠᠤᠯᠢ ᠲᠣᠭᠲᠠᠭᠠᠯ | ᠵᠢᠴᠢ ᠬᠠᠮᠢᠶ᠎ᠠ ᠪᠦᠬᠦᠢ ᠲᠥᠬᠦᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠬᠦ ᠬᠡᠷᠡᠭᠲᠡᠶ᠃ | 7.ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠶᠢ ᠬᠠᠷᠢᠭᠤᠴᠠᠬᠤ ᠬᠡᠷᠡᠭᠲᠡᠶ᠃ ᠣᠯᠠᠨ ᠲᠦᠮᠡᠨ ᠤ ᠵᠠᠬᠢᠳᠠᠯ | ᠰᠤᠷᠪᠤᠯᠵᠢᠯᠠᠯ ᠢ ᠬᠦᠯᠢᠶᠡᠨ ᠠᠪᠬᠤ ᠶᠢᠨ ᠬᠠᠮᠲᠤ ᠨᠢᠭᠡ ᠨᠢᠭᠡ ᠪᠠᠷ ᠨᠢ ᠪᠦᠷᠢᠳᠬᠡᠨ ᠳᠠᠩᠰᠠᠯᠠᠵᠤ᠂ ᠵᠠᠬᠢᠳᠠᠯ ᠪᠤᠶᠤ | ᠰᠤᠷᠪᠤᠯᠵᠢᠯᠠᠷ᠎ᠠ ᠢᠷᠡᠭᠰᠡᠨ ᠬᠥᠮᠦᠰ ᠤᠨ ᠲᠣᠭᠠᠴᠢᠨ ᠲᠣᠭᠠᠴᠢᠭᠰᠠᠨ ᠲᠡᠮᠳᠡᠭᠯᠡᠯ᠂ ᠲᠥᠷᠥᠯ ᠬᠤᠪᠢᠶᠠᠨ ᠡᠮᠬᠢᠯᠡᠵᠦ᠂ | ᠡᠯ᠎ᠡ ᠬᠠᠮᠢᠶ᠎ᠠ ᠪᠦᠬᠦᠢ ᠲᠠᠲᠠᠪᠤᠷᠢᠯᠠᠬᠤ ᠠᠵᠢᠯ ᠤᠨ ᠳᠤᠭᠤᠶᠢᠯᠠᠩ ᠳᠤ ᠲᠥᠷᠥᠯ ᠬᠤᠪᠢᠶᠠᠨ ᠰᠢᠯᠵᠢᠭᠦᠯᠦᠨ ᠥᠭᠴᠦ | ᠪᠣᠳᠠᠲᠠᠶ ᠰᠤᠷᠪᠤᠯᠵᠢᠯᠠᠯ ᠬᠢᠯᠭᠡᠬᠦ ᠪᠤᠶᠤ ᠳᠠᠭᠠᠭᠠᠨ ᠰᠢᠢᠳᠪᠦᠷᠢᠯᠡᠵᠦ᠂ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠂ | ᠰᠢᠢᠳᠪᠦᠷᠢᠯᠡᠬᠦ ᠰᠠᠨᠠᠯ ᠢᠶᠠᠨ ᠳᠡᠭᠡᠭᠰᠢ ᠰᠤᠷᠪᠤᠯᠵᠢᠯᠠᠯ ᠬᠢᠭᠰᠡᠳ ᠲᠤ ᠴᠠᠭ ᠲᠤᠬᠠᠶ ᠳᠤᠨᠢ ᠬᠠᠷᠢᠭᠤ ᠲᠤᠰᠬᠠᠬᠤ | ᠬᠡᠷᠡᠭᠲᠡᠶ᠃ | 8.ᠲᠤᠰ ᠨᠢᠭᠡᠴᠡ ᠶᠢᠨ ᠢᠶᠠᠨ ᠤᠬᠠᠭᠤᠯᠤᠨ ᠮᠡᠳᠡᠭᠡᠯᠡᠬᠦ᠂ ᠮᠡᠳᠡᠭᠡ ᠵᠠᠩᠭᠢ ᠴᠤᠭᠯᠠᠭᠤᠯᠬᠤ᠂ ᠳᠠᠮᠵᠢᠭᠤᠯᠤᠨ | ᠳᠡᠭᠡᠭᠰᠢ ᠮᠡᠳᠡᠭᠦᠯᠬᠦ ᠵᠡᠷᠭᠡ ᠠᠵᠢᠯ ᠢ ᠬᠠᠷᠢᠭᠤᠴᠠᠨ᠎ᠠ᠃ | 9.ᠲᠠᠲᠠᠪᠤᠷᠢᠯᠠᠬᠤ ᠠᠵᠢᠯ ᠤᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠪᠠ ᠣᠨ ᠤ ᠲᠥᠷᠥᠯ | ᠵᠦᠢᠯ ᠤᠨ ᠬᠡᠷᠡᠭᠵᠢᠭᠦᠯᠬᠦ ᠲᠥᠯᠥᠪᠯᠡᠭᠡ᠂ ᠡᠯ᠎ᠡ ᠲᠠᠲᠠᠪᠤᠷᠢᠯᠠᠬᠤ ᠳᠤᠭᠤᠶᠢᠯᠠᠩ ᠤᠨ ᠶᠠᠭ ᠬᠡᠷᠡᠭᠵᠢᠭᠦᠯᠵᠦ ᠪᠠᠶᠢᠭ᠎ᠠ | ᠲᠥᠷᠥᠯ ᠵᠦᠢᠯ ᠤᠨ ᠠᠬᠢᠴᠠ ᠶᠢᠨ ᠪᠠᠶᠢᠳᠠᠯ ᠵᠢᠴᠢ ᠲᠠᠲᠠᠪᠤᠷᠢᠯᠠᠬᠤ ᠲᠥᠷᠥᠯ ᠵᠦᠢᠯ ᠤᠨ ᠪᠠᠯᠠ ᠮᠥᠩᠭᠦ ᠶᠢ | ᠬᠡᠷᠡᠭᠯᠡᠭᠰᠡᠨ ᠪᠠᠶᠢᠳᠠᠯ ᠤᠨ ᠮᠡᠳᠡᠭᠦᠯᠦᠯᠲᠡ ᠶᠢ ᠪᠦᠷᠢᠳᠬᠡᠨ ᠬᠤᠷᠢᠶᠠᠩᠭᠤᠶᠢᠯᠠᠬᠤ ᠶᠢ ᠬᠠᠷᠢᠭᠤᠴᠠᠵᠤ᠂ ᠳᠡᠭᠡᠭᠰᠢ | ᠮᠡᠳᠡᠭᠦᠯᠬᠦ ᠠᠵᠢᠯ ᠢ ᠰᠠᠶᠢᠲᠤᠷ ᠬᠢᠨ᠎ᠡ᠃ | 10.ᠨᠢᠭᠡᠴᠡ ᠪᠣᠯᠤᠨ ᠲᠠᠲᠠᠪᠤᠷᠢᠯᠠᠬᠤ ᠲᠥᠷᠥᠯ ᠵᠦᠢᠯ ᠤᠨ ᠡᠯ᠎ᠡ ᠵᠦᠢᠯ ᠤᠨ ᠮᠠᠲ᠋ᠧᠷᠢᠶᠠᠯ ᠢ ᠴᠤᠭᠯᠠᠭᠤᠯᠬᠤ᠂ | ᠡᠮᠬᠢᠯᠡᠬᠦ᠂ ᠬᠢᠨᠠᠨ ᠲᠣᠭᠲᠠᠭᠠᠬᠤ᠂ ᠬᠠᠳᠠᠭᠠᠯᠠᠬᠤ᠂ ᠪᠦᠷᠢᠳᠬᠡᠬᠦ ᠵᠡᠷᠭᠡ ᠰᠠᠭᠤᠷᠢ ᠠᠵᠢᠯ᠃ ᠡᠭᠦᠨ ᠤ ᠬᠠᠮᠲᠤ᠂ ᠳᠠᠩᠰᠠ | ᠡᠪᠬᠡᠮᠡᠯ ᠤᠨ ᠮᠡᠷᠭᠡᠵᠢᠯ ᠤᠨ ᠬᠠᠮᠠᠭᠠᠯᠠᠯᠲᠠ ᠪᠠ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ | ᠬᠡᠷᠡᠭᠲᠡᠶ᠃ | ︵ᠬᠤᠶᠠᠷ︶ ᠭᠠᠵᠠᠷ ᠰᠢᠷᠣᠢ ᠬᠤᠷᠢᠶᠠᠨ ᠬᠠᠳᠠᠭᠠᠯᠠᠬᠤ ᠳᠤᠭᠤᠢᠯᠠᠩ | 1.ᠬᠤᠲᠠ ᠶᠢᠨ ᠶᠡᠷᠦᠩᠬᠡᠶ ᠲᠥᠯᠥᠪᠵᠢᠭᠦᠯᠭᠡ᠂ ᠭᠠᠵᠠᠷ ᠰᠢᠷᠣᠶ ᠠᠰᠢᠭᠯᠠᠬᠤ ᠲᠥᠯᠥᠪᠵᠢᠭᠦᠯᠭᠡ᠂ ᠣᠨ ᠤ | ᠭᠠᠵᠠᠷ ᠰᠢᠷᠣᠶ ᠬᠠᠩᠭᠠᠬᠤ ᠲᠥᠯᠥᠪᠯᠡᠭᠡ ᠪᠣᠯᠤᠨ ᠭᠠᠵᠠᠷ ᠰᠢᠷᠣᠶ ᠬᠤᠳᠠᠯᠳᠤᠨ ᠠᠪᠬᠤ ᠲᠥᠯᠥᠪᠯᠡᠭᠡ ᠶᠢ | ᠦᠨᠳᠦᠰᠦᠯᠡᠨ ᠵᠠᠰᠠᠭ ᠤᠨ ᠣᠷᠳᠣᠨ ᠤ ᠭᠠᠵᠠᠷ ᠰᠢᠷᠣᠶ ᠨᠥᠭᠡᠴᠡᠯᠡᠬᠦ ᠬᠡᠪᠴᠢᠶᠡᠨ ᠳᠤ ᠣᠷᠣᠭᠤᠯᠤᠭᠰᠠᠨ ᠭᠠᠵᠠᠷ | ᠰᠢᠷᠣᠶ ᠳᠤ ᠨᠥᠭᠡᠴᠡᠯᠡᠬᠦ ᠶᠢ ᠬᠡᠷᠡᠭᠵᠢᠭᠦᠯᠦᠨ᠎ᠡ᠃ | 2.ᠲᠤᠭᠤᠷᠢᠭ ᠤᠨ ᠵᠠᠰᠠᠭ ᠤᠨ ᠣᠷᠳᠣᠨ ᠤ ᠵᠢᠯᠤᠭᠤᠳᠤᠯᠭ᠎ᠠ ᠬᠢᠨᠠᠯᠲᠠ ᠳᠣᠣᠷ᠎ᠠ᠂ ᠡᠯ᠎ᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠵᠠᠷ ᠰᠢᠷᠣᠢ ᠶᠢᠨ ᠪᠡᠯᠡ ᠮᠥᠩᠭᠦ | ᠴᠤᠭᠯᠠᠭᠤᠯᠬᠤ ᠵᠡᠷᠭᠡ ᠬᠡᠯᠪᠡᠷᠢ ᠪᠠᠷ ᠭᠠᠵᠠᠷ ᠰᠢᠷᠣᠢ ᠶᠢ ᠬᠤᠳᠠᠯᠳᠤᠨ ᠠᠪᠬᠤ᠂ ᠨᠡᠭᠡᠭᠡᠨ ᠠᠰᠢᠭᠯᠠᠬᠤ ᠪᠡᠯᠡ ᠮᠥᠩᠭᠦ | ᠣᠯᠬᠤ ᠶᠢᠨ ᠬᠠᠮᠲᠤ ᠲᠤᠰ ᠪᠡᠯᠡ ᠮᠥᠩᠭᠦ ᠶᠢᠨ ᠬᠡᠷᠡᠭᠯᠡᠯᠲᠡ ᠶᠢ ᠬᠠᠮᠢᠶᠠᠷᠤᠨ᠎ᠠ᠃ | 3.ᠵᠠᠬ᠎ᠠ ᠳᠡᠯᠭᠡᠭᠦᠷ ᠤᠨ ᠲᠣᠭᠲᠠᠴᠠ ᠶᠢ ᠬᠡᠷᠡᠭᠯᠡᠨ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠨᠥᠭᠡᠴᠡᠯᠡᠬᠦ ᠭᠠᠵᠠᠷ ᠰᠢᠷᠣᠶ ᠶᠢ ᠨᠤᠷᠠᠭᠠᠵᠤ ᠨᠡᠭᠦᠯᠭᠡᠨ ᠲᠥᠪᠬᠢᠨᠡᠭᠦᠯᠬᠦ ᠵᠡᠷᠭᠡ ᠡᠮᠦᠨᠡᠬᠢ | ᠬᠤᠭᠤᠴᠠᠭᠠᠨ ᠤ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠰᠢᠯᠭᠠᠨ ᠠᠪᠬᠤ ᠬᠠᠮᠢᠶᠠᠷᠤᠯᠲᠠ ᠶᠢᠨ ᠠᠵᠢᠯ ᠢ | ᠰᠠᠶᠢᠲᠤᠷ ᠵᠣᠬᠢᠶᠠᠨ ᠪᠠᠶᠢᠭᠤᠯᠤᠨ ᠶᠠᠪᠤᠭᠳᠠᠭᠤᠯᠬᠤ ᠬᠡᠷᠡᠭᠲᠡᠶ᠃ ᠭᠠᠵᠠᠷ ᠰᠢᠷᠣᠶ ᠬᠤᠳᠠᠯᠳᠤᠨ ᠠᠪᠬᠤ᠂ ᠨᠥᠭᠡᠴᠡᠯᠡᠬᠦ᠂ | ᠨᠡᠭᠡᠭᠡᠨ ᠬᠥᠭᠵᠢᠭᠦᠯᠬᠦ ᠪᠡᠯᠡ ᠮᠥᠩᠭᠦ ᠶᠢ ᠲᠥᠰᠦᠭᠡᠯᠡᠨ ᠪᠣᠳᠣᠬᠤ ᠠᠵᠢᠯ ᠢ ᠰᠠᠶᠢᠲᠤᠷ ᠬᠢᠬᠦ ᠬᠡᠷᠡᠭᠲᠡᠶ᠃ | 4.ᠭᠠᠵᠠᠷ ᠰᠢᠷᠣᠶ ᠲᠠᠲᠠᠪᠤᠷᠢᠯᠠᠬᠤ ᠠᠵᠢᠯ ᠤᠨ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ | ᠪᠣᠯᠤᠨ ᠣᠨ ᠤ ᠲᠥᠷᠥᠯ ᠵᠦᠢᠯ ᠤᠨ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ | ᠶᠠᠭ ᠬᠡᠷᠡᠭᠵᠢᠭᠦᠯᠵᠦ ᠪᠠᠶᠢᠭ᠎ᠠ ᠡᠯ᠎ᠡ ᠲᠠᠲᠠᠪᠤᠷᠢᠯᠠᠬᠤ ᠳᠤᠭᠤᠶᠢᠯᠠᠩ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ | ᠵᠢᠴᠢ ᠲᠠᠲᠠᠪᠤᠷᠢᠯᠠᠬᠤ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠤᠨ ᠮᠡᠳᠡᠭᠦᠯᠦᠯᠲᠡ ᠶᠢ | ᠪᠦᠷᠢᠳᠬᠡᠨ ᠬᠤᠷᠢᠶᠠᠩᠭᠤᠶᠢᠯᠠᠬᠤ ᠶᠢᠨ ᠬᠠᠮᠲᠤ ᠠᠯᠪᠠᠨ ᠭᠡᠷ ᠲᠤ ᠮᠡᠳᠡᠭᠦᠯᠦᠨ᠎ᠡ᠃ | ᠭᠠᠵᠠᠷ ᠰᠢᠷᠣᠶ ᠲᠠᠲᠠᠪᠤᠷᠢᠯᠠᠬᠤ ᠠᠵᠢᠯ ᠯᠤᠭ᠎ᠠ ᠬᠤᠯᠪᠣᠭᠳᠠᠬᠤ ᠰᠤᠷᠪᠤᠯᠵᠢᠯᠠᠷ᠎ᠠ ᠢᠷᠡᠭᠰᠡᠨ ᠬᠥᠮᠦᠰ ᠤᠨ | ᠪᠣᠳᠠᠲᠠᠶ ᠰᠤᠷᠪᠤᠯᠵᠢᠯᠠᠯ ᠢ ᠬᠦᠯᠢᠶᠡᠨ ᠠᠪᠬᠤ ᠠᠵᠢᠯ ᠢ ᠬᠠᠷᠢᠭᠤᠴᠠᠬᠤ ᠬᠡᠷᠡᠭᠲᠡᠶ᠃ | ︵ᠭᠤᠷᠪᠠ︶ ᠡᠳ᠋ ᠤᠨ ᠶᠠᠪᠤᠳᠠᠯ ᠤᠨ ᠲᠠᠰᠤᠭ | 1.ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠡᠯ᠎ᠡ ᠵᠦᠢᠯ ᠤᠨ ᠡᠳ᠋ ᠤᠨ | ᠶᠠᠪᠤᠳᠠᠯ ᠤᠨ ᠠᠩᠬᠠᠨ ᠤ ᠪᠠᠷᠢᠮᠲᠠ ᠶᠢ ᠬᠢᠨᠠᠨ ᠪᠠᠶᠢᠴᠠᠭᠠᠬᠤ ᠶᠢᠨ ᠬᠠᠮᠲᠤ ᠨᠢᠭᠲᠠᠯᠠᠨ ᠪᠣᠳᠣᠬᠤ ᠭᠡᠷᠡᠴᠢ ᠪᠠᠷᠢᠮᠲᠠ ᠶᠢ | ᠴᠠᠭ ᠲᠤᠬᠠᠢ ᠳᠤ ᠨᠢ ᠵᠣᠬᠢᠶᠠᠵᠤ᠂ ᠳᠠᠩᠰᠠᠨ ᠤ ᠶᠠᠪᠤᠳᠠᠯ ᠢ ᠰᠢᠢᠳᠪᠦᠷᠢᠯᠡᠨ᠎ᠡ᠃ | 2. ᠨᠢᠭᠡᠴᠡ ᠶᠢᠨ ᠵᠠᠷᠤᠳᠠᠯ ᠤᠨ ᠵᠠᠷᠤᠯᠭ᠎ᠠ᠂ ᠪᠠᠩᠬᠢ ᠶᠢᠨ ᠳᠠᠩᠰᠠᠨ ᠡᠷᠦᠬᠡ ᠶᠢᠨ ᠬᠠᠮᠢᠶᠠᠷᠤᠯᠲᠠ ᠪᠣᠯᠤᠨ | ᠲᠣᠭᠲᠠᠮᠠᠯ ᠬᠥᠷᠥᠩᠭᠡ ᠶᠢᠨ ᠬᠠᠮᠢᠶᠠᠷᠤᠯᠲᠠ᠂ ᠣᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠠᠵᠢᠯ ᠢ | ᠬᠠᠷᠢᠭᠤᠴᠠᠨ᠎ᠠ᠃ | 3. ᠲᠠᠲᠠᠪᠤᠷᠢᠯᠠᠬᠤ ᠲᠥᠷᠥᠯ ᠵᠦᠢᠯ ᠤᠨ ᠲᠠᠲᠠᠪᠤᠷᠢᠯᠠᠬᠤ ᠨᠥᠬᠦᠪᠥᠷᠢ ᠶᠢᠨ ᠵᠣᠭᠤᠰ ᠢ ᠬᠢᠨᠠᠨ ᠬᠠᠮᠢᠶᠠᠷᠬᠤ ᠪᠠ | ᠬᠠᠮᠢᠶ᠎ᠠ ᠪᠦᠬᠦᠢ ᠪᠠᠲᠤᠯᠠᠭ᠎ᠠ ᠶᠢᠨ ᠮᠥᠩᠭᠦ ᠬᠤᠷᠢᠶᠠᠭᠰᠠᠨ᠂ ᠪᠤᠴᠠᠭᠠᠭᠰᠠᠨ ᠪᠠ ᠲᠠᠲᠠᠪᠤᠷᠢᠯᠠᠭᠰᠠᠨ ᠨᠥᠬᠦᠪᠥᠷᠢ ᠥᠭᠴᠦ | ᠲᠥᠪᠬᠢᠨᠡᠭᠦᠯᠬᠦ ᠪᠡᠯᠡ ᠮᠥᠩᠭᠦ ᠶᠢᠨ ᠲᠣᠭᠠᠴᠠᠭ᠎ᠠ ᠬᠢᠭᠰᠡᠨ ᠪᠠᠶᠢᠳᠠᠯ ᠬᠢᠭᠡᠳ ᠵᠥᠪᠳᠡᠯᠴᠡᠬᠡᠷ ᠲᠤ ᠬᠢᠨᠠᠨ ᠬᠢᠨᠠᠬᠤ ᠶᠢ | ᠬᠠᠷᠢᠭᠤᠴᠠᠨ᠎ᠠ ᠡᠯ᠎ᠡ ᠲᠠᠲᠠᠪᠤᠷᠢᠯᠠᠬᠤ ᠳᠤᠭᠤᠶᠢᠯᠠᠩ ᠤᠨ ᠪᠤᠶ ᠪᠦᠬᠦᠢ ᠲᠠᠲᠠᠪᠤᠷᠢᠯᠠᠬᠤ ᠲᠥᠷᠥᠯ ᠵᠦᠢᠯ ᠤᠨ ︽ᠭᠡᠷ | ᠪᠠᠶᠢᠰᠢᠩ ᠲᠠᠲᠠᠪᠤᠷᠢᠯᠠᠭᠰᠠᠨ ᠨᠥᠬᠦᠪᠥᠷᠢ ᠥᠭᠴᠦ ᠲᠥᠪᠬᠢᠨᠡᠭᠦᠯᠬᠦ ᠵᠥᠪᠯᠡᠯᠴᠡᠭᠡᠷ︾ ᠪᠣᠯᠤᠨ ᠪᠤᠰᠤᠳ ᠨᠥᠬᠦᠪᠥᠷᠢ | ᠮᠥᠩᠭᠦ ︵ᠵᠡᠮᠳᠡᠭ᠂ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ︶ ᠶᠢᠨ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ | ᠬᠠᠷᠭᠤᠭᠤᠯᠬᠤ ᠬᠡᠷᠡᠭᠲᠡᠶ᠃ | ᠭᠠᠵᠠᠷ ᠰᠢᠷᠣᠶ ᠶᠢᠨ ᠪᠡᠯᠡ ᠲᠣᠬᠢᠷᠠᠭᠤᠯᠭ᠎ᠠ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠬᠤ | ᠬᠡᠷᠡᠭᠲᠡᠶ᠃ | 5.ᠡᠯ᠎ᠡ ᠲᠠᠲᠠᠪᠤᠷᠢᠯᠠᠬᠤ ᠲᠥᠷᠥᠯ ᠵᠦᠢᠯ ᠤᠨ ᠲᠠᠲᠠᠪᠤᠷᠢᠯᠠᠬᠤ ᠨᠥᠬᠦᠪᠥᠷᠢ ᠵᠣᠭᠤᠰ᠂ ᠭᠡᠷ ᠪᠠᠶᠢᠰᠢᠩ ᠤᠨ | ᠵᠣᠭᠤᠰ ᠢ ᠳ᠋ᠦᠩᠨᠡᠨ ᠪᠣᠳᠣᠬᠤ᠂ ᠬᠤᠶᠢᠰᠢᠯᠠᠭᠤᠯᠤᠨ ᠲᠥᠪᠬᠢᠨᠡᠭᠦᠯᠬᠦ ᠰᠦᠢᠳᠬᠡᠯ ᠣᠯᠭᠤᠬᠤ ᠠᠵᠢᠯ ᠢ ᠬᠠᠷᠢᠭᠤᠴᠠᠨ᠎ᠠ᠃ | ︵ᠲᠦᠷᠪᠡ︶ ᠳᠠᠩᠰᠠ ᠡᠪᠬᠡᠮᠡᠯ ᠬᠢᠨᠠᠬᠤ ᠲᠠᠰᠤᠭ | 1.ᠲᠠᠩᠰᠠ ᠡᠪᠬᠡᠮᠡᠯ ᠤᠨ ᠬᠢᠨᠠᠨ ᠪᠠᠶᠢᠴᠠᠭᠠᠯᠲᠠ ᠳᠤ ᠵᠥᠪᠬᠡᠨ ᠲᠥᠷᠥᠯ ᠵᠦᠢᠯ ᠤᠨ ᠳᠤᠭᠤᠶᠢᠯᠠᠩ ᠤᠨ | ᠲᠤᠰᠢᠶᠠᠭᠰᠠᠨ ᠲᠠᠩᠰᠠ ᠡᠪᠬᠡᠮᠡᠯ ᠤᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠢ ᠬᠢᠨᠠᠨ ᠬᠠᠷᠭᠤᠭᠤᠯᠤᠨ᠎ᠠ᠃ ᠬᠢᠨᠠᠨ | ᠬᠠᠷᠭᠤᠭᠤᠯᠤᠭᠰᠠᠨ ᠮᠠᠲ᠋ᠧᠷᠢᠶᠠᠯ ᠳᠤ ᠡᠯ᠎ᠡ ᠵᠦᠢᠯ ᠤᠨ ᠱᠠᠩᠨᠠᠯ ᠤᠨ ᠭᠡᠷᠡᠴᠢ ᠮᠠᠲ᠋ᠧᠷᠢᠶᠠᠯ ︵ᠱᠠᠩᠨᠠᠬᠤ ᠬᠤᠭᠤᠴᠠᠭᠠᠨ ᠤ | ᠱᠠᠩᠨᠠᠯ᠂ ᠡᠴᠢᠭᠡ ᠡᠬᠡ ᠲᠠᠢ ᠪᠠᠨ ᠬᠠᠮᠲᠤ ᠰᠠᠭᠤᠬᠤ᠂ ᠨᠢᠭᠡ ᠬᠤᠷᠢᠶᠠᠨ ᠳᠤ ᠣᠯᠠᠨ ᠡᠷᠦᠬᠡ᠂ ᠨᠠᠭᠠᠲᠤ ᠵᠠᠬ᠎ᠠ ᠶᠢᠨ | ᠪᠠᠲᠤᠯᠠᠭ᠎ᠠ᠂ ᠵᠡᠮᠳᠡᠭ︶ ᠵᠢᠴᠢ ᠳᠠᠩᠰᠠ ᠡᠪᠬᠡᠮᠡᠯ ᠤᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠪᠠᠭᠲᠠᠨ᠎ᠠ᠃ | ᠨᠥᠬᠦᠪᠥᠷᠢ ᠥᠭᠴᠦ ᠲᠥᠪᠬᠢᠨᠡᠭᠦᠯᠬᠦ ᠵᠥᠪᠳᠡᠯᠴᠡᠬᠡᠷ ᠲᠤ ᠭᠠᠷ ᠤᠨ ᠦᠰᠦᠭ ᠵᠢᠷᠤᠭᠰᠠᠨ ᠬᠢᠭᠡᠳ ᠦᠨᠡᠯᠡᠨ | ᠵᠢᠱᠢᠭᠰᠡᠨ ᠮᠡᠳᠡᠭᠦᠯᠦᠯᠲᠡ ᠶᠢᠨ ᠠᠭᠤᠯᠭ᠎ᠠ ᠶᠢᠨ ᠨᠢᠭᠡᠳᠦᠯᠲᠦ ᠴᠢᠨᠠᠷ᠃ | 3.ᠬᠢᠨᠠᠨ ᠪᠠᠶᠢᠴᠠᠭᠠᠬᠤ ᠳᠤᠭᠤᠶᠢᠯᠠᠩ ᠨᠢ ᠬᠢᠨᠠᠨ ᠬᠠᠷᠭᠤᠭᠤᠯᠬᠤ ᠳᠤ ᠬᠢᠷᠢ ᠲᠡᠩᠴᠡᠭᠰᠡᠨ ᠳᠠᠩᠰᠠ ᠡᠪᠬᠡᠮᠡᠯ ᠢ | ᠰᠢᠯᠵᠢᠭᠦᠯᠦᠨ ᠲᠤᠰᠢᠶᠠᠵᠤ᠂ ᠬᠢᠨᠠᠨ ᠬᠠᠷᠭᠤᠭᠤᠯᠤᠭᠰᠠᠨ ᠦᠭᠡᠢ ᠳᠠᠩᠰᠠ ᠡᠪᠬᠡᠮᠡᠯ ᠤᠨ ᠲᠥᠷᠥᠯ ᠵᠦᠢᠯ ᠤᠨ | ᠳᠤᠭᠤᠶᠢᠯᠠᠩ ᠳᠤ ᠥᠪᠡᠷ ᠢᠶᠠᠨ ᠬᠠᠳᠠᠭᠠᠯᠠᠭᠰᠠᠨ ᠦᠭᠡᠢ᠃ | ᠭᠤᠷᠪᠠ᠂ ᠠᠵᠢᠯᠲᠠᠨ ᠤ ᠣᠷᠣᠨ ᠲᠤᠭ᠎ᠠ | ᠤᠳᠠ ᠲᠣᠭᠤᠷᠢᠭ ᠤᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ ᠨᠢ ᠲᠤᠭᠤᠷᠢᠭ ᠤᠨ | ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠳᠤ ᠬᠠᠷᠢᠶᠠᠯᠠᠭᠳᠠᠵᠤ᠂ ᠠᠵᠢᠯ ᠦᠢᠯᠡᠰ ᠤᠨ ᠣᠷᠣᠨ ᠲᠤᠭ᠎ᠠ ᠨᠢ | 11 ᠬᠥᠮᠦᠨ᠂ ᠡᠷᠬᠢᠯᠡᠭᠴᠢ ᠨᠢᠭᠡ᠂ ᠳᠡᠳ᠋ ᠡᠷᠬᠢᠯᠡᠭᠴᠢ 2 ᠬᠥᠮᠦᠨ ᠪᠤᠶ᠃ | ᠬᠠᠶ᠋ᠢᠭ᠄ ᠦᠬᠠᠶ ᠬᠤᠲᠠ ᠶᠢᠨ ᠤᠳᠠ ᠲᠣᠭᠤᠷᠢᠭ ᠤᠨ ᠪᠠᠶᠠᠨᠰᠠᠶᠢᠨ ᠵᠡᠭᠡᠯᠢ ᠶᠢᠨ 21 ᠳ᠋ᠦ᠋ᠭᠡᠷ ᠲᠣᠭᠠᠲᠤ | ᠤᠳᠠ ᠲᠣᠭᠤᠷᠢᠭ ᠤᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ | ᠰᠢᠦᠳᠠᠨ ᠨᠣᠮᠧᠷ᠄ 016040 | ᠠᠯᠪᠠᠯᠠᠬᠤ ᠴᠠᠭ᠄ ᠦᠳᠡ ᠶᠢᠨ ᠡᠮᠦᠨ᠎ᠡ᠄ 9᠄ 00 - 12᠄ 00 ᠦᠳᠡ ᠶᠢᠨ ᠬᠤᠶᠢᠨ᠎ᠠ᠄ 15᠄ | 00-1800 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠳᠡᠯ᠎ᠡ᠂ ᠬᠠᠤᠯᠢ ᠪᠠᠷ ᠲᠤᠭᠳᠠᠭᠠᠭᠰᠠᠨ ᠪᠠᠶᠠᠷ | ᠲᠤᠷᠠᠰᠬᠠᠯ ᠠᠮᠠᠷᠠᠯᠳᠠ ᠶᠢᠨ ᠡᠳᠦᠷ ᠠᠴᠠ ᠭᠠᠳᠠᠨ᠎ᠠ︶ | ᠬᠠᠷᠢᠯᠴᠠᠬᠤ ᠠᠷᠭ᠎ᠠ᠄ 0473-2797535 | ᠬᠠᠷᠢᠭᠤᠴᠠᠯᠭᠠᠲᠠᠨ ᠤ ᠣᠪᠣᠭ ᠨᠡᠷ᠎ᠡ᠄ ᠴᠢᠦ ᠬᠠᠨ ᠳ᠋ᠦᠩ | | | | | | | | | | | ᠁ |