ᠥᠪᠥᠷ ᠮᠣᠩᠭᠤᠯ ᠤᠨ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠴᠢᠯ ᠠᠵᠤ ᠦᠢᠯᠡᠰ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ PTMEG ᠦᠢᠯᠡᠳᠪᠦᠷᠢᠯᠡᠯ ᠤᠨ ᠱᠤᠭᠤᠮ ᠢ ᠲᠤᠷᠰᠢᠨ ᠦᠢᠯᠡᠳᠪᠦᠷᠢᠯᠡᠪᠡ
ᠨᠡᠶᠢᠲᠡᠯᠡᠭᠰᠡᠨ ᠴᠠᠭ᠄
2024/6/20
     ᠥᠪᠥᠷ ᠮᠣᠩᠭᠤᠯ ᠤᠨ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠴᠢᠯ ᠠᠵᠤ ᠦᠢᠯᠡᠰ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 207 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ 45 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠪᠥᠬᠦ ᠪᠥᠮᠪᠥᠷᠴᠡᠭ ᠤᠨ ᠲᠠᠩ ᠱᠤᠭᠤᠮ ᠤᠨ ᠦᠢᠯᠡᠳᠪᠦᠷᠢᠯᠡᠬᠦ ᠴᠢᠳᠠᠪᠤᠷᠢ ᠪᠠᠷ ᠬᠠᠮᠤᠭ ᠤᠨ ᠶᠡᠭᠡ ᠠᠩᠭ᠍ᠯᠢ ᠶᠢᠨ KTS ᠮᠡᠷᠭᠡᠵᠢᠯ ︵BDO᠂ PTMEG ᠲᠠᠩ ᠱᠤᠭᠤᠮ ᠤᠨ ᠦᠢᠯᠡᠳᠪᠦᠷᠢᠯᠡᠬᠦ ᠴᠢᠳᠠᠪᠤᠷᠢ ᠶᠢ ᠲᠣᠰ ᠲᠣᠰ 30 ᠲᠦᠮᠡᠨ ᠲᠣᠨ᠂ ᠵᠢᠯ ᠳᠤ 6 ᠲᠦᠮᠡᠨ ᠲᠣᠨ ᠳᠤ ᠬᠦᠷᠦᠭᠦᠯᠦᠨ᠎ᠡ︶ ᠢ ᠣᠷᠣᠭᠤᠯᠤᠨ ᠠᠪᠴᠢᠷᠠᠵᠤ᠂ BDO ᠦᠢᠯᠡᠳᠪᠦᠷᠢᠯᠡᠯ ᠤᠨ ᠱᠤᠭᠤᠮ ᠤᠨ 1 ᠵᠤᠷᠪᠤᠰ᠂ PTMEG ᠦᠢᠯᠡᠳᠪᠦᠷᠢᠯᠡᠯ ᠤᠨ ᠱᠤᠭᠤᠮ ᠢ 2 ᠪᠠᠶᠢᠭᠤᠯᠵᠤ᠂ ᠮᠧᠲ᠋ᠢᠯ ᠠᠯᠳᠧᠭᠳ᠋᠂ ᠬᠠᠭᠤᠷᠠᠢ ᠠᠷᠭ᠎ᠠ ᠪᠠᠷ ᠠᠼᠧᠲ᠋ᠢᠯᠧᠡ ᠲᠣᠨᠣᠭᠯᠠᠯ ᠵᠡᠷᠭᠡ ᠶᠢ ᠢᠵᠢ ᠪᠥᠷᠢᠳᠦᠭᠦᠯᠬᠦ ᠪᠠᠷ ᠲᠥᠯᠥᠪᠯᠡᠵᠦ ᠪᠣᠶ᠃ ᠣᠳᠣᠬᠠᠨ ᠪᠣᠯᠲᠠᠯ᠎ᠠ᠂ 43 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠨᠢᠭᠡᠨᠲᠡ ᠪᠦᠷᠢᠨ ᠭᠦᠢᠴᠡᠳ ᠪᠣᠯᠵᠣ᠂ ᠪᠠᠷᠢᠯᠭ᠎ᠠ ᠶᠢᠨ ᠶᠡᠷᠦᠩᠬᠡᠶ ᠬᠡᠮᠵᠢᠶᠡᠨ ᠤ 97% ᠶᠢ ᠨᠢᠭᠡᠨᠲᠡ ᠪᠡᠶᠡᠯᠡᠭᠦᠯᠵᠦ᠂ ᠡᠭᠦᠨ ᠳᠤ PTMEG ᠦᠢᠯᠡᠳᠪᠦᠷᠢᠯᠡᠯ ᠤᠨ ᠱᠤᠭᠤᠮ ᠢ 5 ᠰᠠᠷ᠎ᠠ ᠶᠢᠨ 30 ᠤ ᠡᠳᠦᠷ ᠠᠮᠵᠢᠯᠲᠠ ᠲᠠᠢ ᠦᠢᠯᠡᠳᠪᠦᠷᠢᠯᠡᠵᠦ᠂ BDO ᠦᠢᠯᠡᠳᠪᠦᠷᠢᠯᠡᠯ ᠤᠨ ᠱᠤᠭᠤᠮ ᠢ 6 ᠰᠠᠷ᠎ᠠ ᠶᠢᠨ ᠳᠤᠮᠳᠠᠴᠢ ᠪᠠᠷ ᠮᠠᠲ᠋ᠧᠷᠢᠶᠠᠯ ᠣᠷᠣᠭᠤᠯᠤᠨ ᠲᠤᠷᠰᠢᠨ ᠦᠢᠯᠡᠳᠪᠦᠷᠢᠯᠡᠬᠦ ᠪᠠᠷ ᠲᠥᠯᠥᠪᠯᠡᠵᠦ ᠪᠣᠶ᠃ ᠲᠥᠷᠥᠯ ᠵᠦᠢᠯ ᠪᠦᠬᠦᠨ ᠢᠶᠠᠷ ᠢᠶᠠᠨ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ 12 ᠳ᠋ᠦᠩᠰᠢᠭᠤᠷ ᠲᠥᠭᠦᠷᠢᠭ᠂ ᠠᠰᠢᠭ ᠭᠠᠶᠢᠯᠢ 1.4 ᠳ᠋ᠦᠩᠰᠢᠭᠤᠷ ᠲᠥᠭᠦᠷᠢᠭ᠂ 700 ᠠᠵᠢᠯ ᠤᠨ ᠪᠠᠶᠢᠷᠢ ᠰᠢᠨ᠎ᠡ ᠪᠠᠷ ᠨᠡᠮᠡᠭᠳᠡᠬᠦ ᠪᠣᠯᠤᠨ᠎ᠠ᠃
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号