ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠲᠤᠭᠤᠷᠢᠭ ᠤᠨ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/6/21
     6 ᠰᠠᠷ᠎ᠠ ᠶᠢᠨ 21 ᠤ ᠡᠳᠦᠷ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ  ᠲᠤᠭᠤᠷᠢᠭ  ᠤᠨ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃
     ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠥᠬᠦ ᠨᠠᠮ ᠤᠨ ᠭᠡᠰᠢᠭᠦᠨ ᠺᠠᠲᠷᠴᠤᠳ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠨᠡᠶᠢᠳᠡᠯᠡᠭᠰᠡᠨ 7 ᠵᠦᠢᠯ ᠤᠨ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠢ ᠦᠵᠡᠪᠡ᠃ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠣᠪᠴᠢᠶᠠᠨ ᠳᠠᠷᠤᠭ᠎ᠠ ᠼᠤᠤ ᠰᠧ ᠶᠠᠩ ᠴᠢᠬᠤᠯᠠᠴᠢᠯᠠᠭᠰᠠᠨ ᠨᠢ᠂ ᠨᠢᠭᠡ ᠳᠤ᠂ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠣᠶᠢᠯᠠᠭᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠡᠷᠡᠰ ᠬᠤᠷᠢᠭᠯᠠᠵᠤ᠂ ᠰᠠᠬᠢᠯᠭ᠎ᠠ ᠪᠠᠲᠤ ᠶᠣᠰᠣᠭᠠᠷ᠂ ᠬᠠᠤᠯᠢ ᠶᠣᠰᠣᠭᠠᠷ᠂ ᠲᠥᠪ ᠭᠤᠤᠯᠴᠢ ᠪᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠬᠤᠶᠠᠷ ᠲᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠨᠠᠷᠢᠨ ᠬᠢᠨᠠᠮᠠᠭᠠᠶ ᠲᠤᠤᠱᠯᠠᠭᠤᠯᠵᠤ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠡᠷᠴᠢᠮ ᠪᠠ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠬᠦᠴᠦᠨ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠬᠢᠭᠡᠳ ᠪᠤᠰᠤᠳ ᠡᠯ᠎ᠡ ᠲᠥᠷᠥᠯ ᠤᠨ ᠬᠢᠨᠠᠯᠲᠠ ᠶᠢ ᠣᠷᠭᠠᠨᠢᠭ ᠢᠶᠠᠷ ᠨᠡᠪᠲᠡᠷᠡᠭᠦᠯᠬᠦ ᠶᠢ ᠶᠡᠬᠡᠪᠡᠷ ᠠᠬᠢᠭᠤᠯᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢᠨ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃ ᠭᠤᠷᠪᠠ ᠳᠤ᠂ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠦᠷ᠎ᠡ ᠪᠦᠲᠦᠮᠵᠢ ᠶᠢ ᠥᠷᠭᠡᠳᠬᠡᠨ᠂ ᠲᠤᠭ᠎ᠠ ᠪᠦᠷᠢᠳᠬᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠶᠣᠰᠣ ᠳᠦᠷᠢᠮ ᠤᠨ ᠤᠯᠠᠭᠠᠨ ᠱᠤᠭᠤᠮ ᠢ ᠲᠣᠳᠣᠷᠬᠠᠶᠢᠯᠠᠨ᠂ ᠲᠤᠭ᠎ᠠ ᠪᠦᠷᠢᠳᠬᠡᠯ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠢᠯᠡᠳᠦᠯ ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠰᠢᠨ᠎ᠡ ᠵᠠᠮ ᠢ ᠰᠢᠪᠲᠤᠯᠬᠤ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠠᠢ᠃      ᠲᠣᠰ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢᠶᠠᠷ ᠳᠡᠮᠵᠢᠨ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠥᠬᠦ ᠨᠠᠮ ᠤᠨ ᠭᠡᠰᠢᠭᠦᠨ ᠺᠠᠲᠷᠴᠤᠳ ᠬᠡᠷᠡᠭ ᠢᠶᠠᠷ ᠲᠣᠯᠢ ᠪᠣᠯᠭᠠᠵᠤ᠂ ᠴᠠᠭ ᠢᠮᠠᠭᠲᠠ ᠰᠡᠷᠡᠮᠵᠢ ᠲᠠᠢ ᠪᠠᠶᠢᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠲᠤᠭ᠎ᠠ ᠪᠦᠷᠢᠳᠬᠡᠯ ᠤᠨ ᠬᠠᠤᠯᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠭ᠎ᠠ ᠳᠡᠭᠡᠷ᠎ᠡ ᠨᠢ ᠰᠡᠷᠭᠡᠶᠢᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠦᠨᠡᠨ ᠬᠦ ᠪᠡᠶᠡᠯᠡᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号