ᠤᠳᠠ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2024/6/21
     ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠬᠤᠭᠤᠴᠠᠭᠠᠨ ᠳᠤ᠂ ᠤᠳᠠ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠶᠡᠷᠦᠩᠬᠡᠢ ᠱᠦᠵᠢ ᠰᠢ ᠶᠢᠨ ᠫᠢᠩ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠮᠤᠷ ᠲᠦᠪᠰᠢᠨ ᠤ ᠤᠬᠠᠮᠰᠠᠷ ᠪᠣᠯᠤᠨ ᠠᠶᠤᠯ ᠠᠴᠠ ᠵᠠᠶᠢᠯᠠᠵᠤ ᠠᠮᠢ ᠵᠢᠭᠤᠲᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠠᠮᠤᠷ ᠲᠦᠪᠰᠢᠨ ᠢ ᠮᠡᠳᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠨᠢᠭᠡ ᠳᠤ᠂ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠠᠵᠢᠯᠲᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃ ︽ᠠᠶᠤᠯ ᠦᠭᠡᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠪᠠᠷ ᠲᠣᠬᠢᠶᠠᠯ ᠪᠣᠯᠭᠠᠨ᠂ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠶ ᠦᠢᠯᠡᠳᠪᠦᠷᠢᠯᠡᠯ ᠤᠨ ᠳᠦᠷᠢᠮ︾᠂ ᠠᠶᠤᠯ ᠦᠭᠡᠶ ᠦᠢᠯᠡᠳᠪᠦᠷᠢᠯᠡᠯ ᠤᠨ ᠠᠷᠪᠠᠨ ᠲᠠᠪᠤᠳᠤᠭᠠᠷ ᠵᠦᠢᠯ ᠤᠨ ᠬᠠᠲᠠᠭᠤ ᠠᠷᠭ᠎ᠠ ᠬᠡᠮᠵᠢᠶ᠎ᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠪᠣᠯᠪᠠᠰᠤᠷᠠᠭᠤᠯᠤᠯ ᠪᠠ ᠤᠬᠠᠭᠤᠯᠭ᠎ᠠ ᠬᠥᠮᠦᠵᠢᠯ ᠢ ᠶᠡᠬᠡᠪᠡᠷ ᠥᠷᠨᠢᠭᠦᠯᠵᠦ᠂ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ 6 ᠰᠠᠷ᠎ᠠ ᠳᠤ ᠮᠠᠨ ᠤ ᠨᠠᠮ ᠤᠨ ᠬᠤᠷᠢᠶ᠎ᠠ 1 ᠤᠳᠠᠭ᠎ᠠ ᠰᠤᠷᠤᠯᠴᠠᠭᠤᠯᠵᠤ᠂ ᠰᠤᠷᠤᠯᠴᠠᠯᠭ᠎ᠠ ᠳᠤ ᠣᠷᠣᠯᠴᠠᠭᠰᠠᠳ 20 ᠬᠥᠮᠦᠨ ᠤᠳᠠᠭ᠎ᠠ ᠣᠷᠣᠯᠴᠠᠪᠠ᠃ ᠦᠬᠠᠶ ᠬᠤᠲᠠ ᠶᠢᠨ ᠶᠢᠦ ᠯᠢᠶᠠᠩ ᠠᠮᠤ ᠪᠤᠳᠠᠭ᠎ᠠ ᠲᠣᠰᠣᠨ ᠤ ᠠᠷᠠᠯᠵᠢᠶᠠᠨ ᠤ ᠬᠢᠵᠠᠭᠠᠷᠲᠤ ᠺᠣᠮᠫᠠᠨᠢ 3 ᠤᠳᠠᠭ᠎ᠠ ᠵᠣᠬᠢᠶᠠᠨ ᠪᠠᠶᠢᠭᠤᠯᠤᠨ ᠰᠤᠷᠤᠯᠴᠠᠵᠤ᠂ ᠰᠤᠷᠤᠯᠴᠠᠯᠭ᠎ᠠ ᠳᠤ ᠣᠷᠣᠯᠴᠠᠭᠰᠠᠨ ᠬᠥᠮᠦᠰ 30 ᠭᠠᠷᠤᠶ ᠬᠥᠮᠦᠨ ᠤᠳᠠᠭ᠎ᠠ ᠳᠤ ᠬᠦᠷᠪᠡ᠃ ᠡᠭᠦᠨ ᠤ ᠬᠠᠮᠲᠤ᠂ ᠸᠢᠴᠠᠲ ᠤᠨ ᠨᠡᠶᠢᠲᠡ ᠶᠢᠨ ᠳ᠋ᠤᠭᠠᠷ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ APP ᠶᠢ ᠭᠦᠢᠴᠡᠳ ᠬᠡᠷᠡᠭᠯᠡᠨ ᠰᠢ ᠶᠢᠨ ᠫᠢᠩ ᠶᠡᠷᠦᠩᠬᠡᠶ ᠱᠦᠵᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠪᠠ᠃      ᠬᠤᠶᠠᠷ ᠲᠤ᠂ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ  —  ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ︾ ᠪᠠᠷ ᠭᠤᠤᠯ ᠰᠡᠳᠦᠪ ᠪᠣᠯᠭᠠᠵᠤ᠂ ᠤᠬᠠᠭᠤᠯᠭ᠎ᠠ ᠶᠢᠨ ᠲᠥᠰᠦᠯ ᠲᠠᠢ ᠬᠠᠷᠢᠴᠠᠭᠤᠯᠤᠨ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ 6 ᠰᠠᠷ᠎ᠠ ᠶᠢᠨ 16 ᠤ ᠡᠳᠦᠷ᠂ ᠴᠡᠴᠡᠷᠯᠢᠭ ᠲᠤ ᠤᠳᠠ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠳᠠᠮᠵᠢᠭᠤᠯᠵᠤ᠂ ᠤᠯᠠᠨ ᠲᠦᠮᠡᠨ ᠳᠤ ᠠᠮᠤ ᠪᠤᠳᠠᠭᠠᠨ ᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠤᠬᠠᠭᠤᠯᠵᠤ᠂ ᠥᠷᠭᠡᠨ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠢ ᠬᠥᠮᠦᠨ ᠪᠦᠬᠦᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃
     ᠭᠤᠷᠪᠠ ᠳᠤ᠂ ᠭᠠᠯ ᠤᠨᠲᠠᠷᠠᠭᠠᠬᠤ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠣᠯᠤᠨ ᠲᠤᠬᠠᠢ ᠶᠢᠨ ᠲᠠᠯᠠᠪᠠᠢ ᠶᠢᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠲᠥᠯᠥᠭᠡ᠂ ᠦᠬᠠᠢ ᠬᠤᠳᠠ ᠶᠢᠨ ᠴᠢᠨᠠᠷ ᠰᠠᠶᠢᠲᠠᠢ ᠨᠥᠭᠡᠴᠡᠯᠡᠬᠦ ᠠᠮᠤ ᠪᠤᠳᠠᠭ᠎ᠠ ᠲᠣᠰᠣᠨ ᠤ ᠠᠷᠠᠯᠵᠢᠶᠠᠨ ᠤ ᠬᠢᠵᠠᠭᠠᠷᠲᠤ ᠺᠣᠮᠫᠠᠨᠢ ᠭᠠᠯ ᠤᠨᠲᠠᠷᠠᠭᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠵᠦ᠂ ᠦᠨᠡᠨ ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠪᠦᠬᠦ ᠠᠵᠢᠯᠳᠠᠨ ᠠᠵᠢᠯᠴᠢᠨ ᠳᠤ ᠭᠠᠯ ᠤᠨ ᠠᠶᠤᠯ ᠭᠠᠷᠤᠭᠰᠠᠨ ᠤ ᠳᠠᠷᠠᠭᠠᠬᠢ ᠠᠮᠤᠷ ᠲᠦᠪᠰᠢᠨ ᠢᠶᠠᠷ ᠲᠠᠷᠬᠠᠭᠠᠬᠤ ᠪᠠ ᠠᠮᠢ ᠵᠢᠭᠤᠲᠠᠬᠤ ᠮᠡᠳᠡᠯᠭᠡ ᠶᠢ ᠲᠦᠭᠡᠮᠡᠯᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠠᠳᠡᠯ ᠤᠨ ᠭᠠᠮᠰᠢᠭ ᠢ ᠰᠢᠢᠳᠪᠦᠷᠢᠯᠡᠬᠦ ᠴᠢᠳᠠᠪᠤᠷᠢ ᠶᠢ ᠦᠨᠡᠨᠬᠦ ᠴᠢᠩᠭᠠᠳᠬᠠᠪᠠ᠃
   ᠳᠥᠷᠪᠡ ᠳᠤ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢ ᠪᠠᠲᠤ ᠪᠠᠬᠢ ᠪᠠᠶᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠬᠠᠷᠠᠯᠲᠠ ᠪᠣᠯᠤᠨ ᠭᠤᠣᠯ ᠡᠭᠦᠷᠭᠡ ᠲᠠᠢ ᠬᠠᠷᠢᠴᠠᠭᠤᠯᠵᠤ᠂ ᠠᠶᠤᠯᠭᠦᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠠᠷᠴᠢᠮ ᠢ ᠪᠠᠷᠢᠮᠲᠠᠯᠠᠵᠤ᠂ ᠠᠮᠤ ᠪᠤᠳᠠᠭ᠎ᠠ ᠪᠣᠯᠤᠨ ᠡᠳ᠋ ᠪᠣᠳᠠᠰ ᠨᠥᠭᠡᠴᠡᠯᠡᠬᠦ ᠠᠵᠢᠯ ᠲᠦᠷᠦᠯ ᠤᠨ ᠠᠮᠤᠷ ᠲᠦᠪᠰᠢᠨ ᠤ ᠲᠦᠭᠰᠢᠭᠦᠷᠢ ᠶᠢᠨ ᠰᠡᠷᠭᠡᠶᠢᠯᠡᠯᠲᠡ ᠶᠢ ᠦᠨᠡᠨᠬᠦ ᠰᠠᠶᠢᠲᠤᠷ ᠠᠳᠬᠤᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠬᠤᠭᠤᠴᠠᠭᠠᠨ ᠳᠤ ᠦᠬᠠᠶ ᠬᠤᠲᠠ ᠶᠢᠨ ᠰᠢᠯᠢᠳᠡᠭ ᠨᠥᠭᠡᠴᠡ ᠠᠮᠤ ᠲᠣᠰᠣᠨ ᠤ ᠠᠷᠠᠯᠵᠢᠶᠠᠨ ᠤ ᠬᠢᠵᠠᠭᠠᠷᠲᠤ ᠺᠣᠮᠫᠠᠨᠢ ᠪᠣᠯᠤᠨ ᠲᠥᠪ ᠤᠨ ᠨᠥᠭᠡᠴᠡ ᠠᠮᠤ ᠪᠤᠳᠠᠭ᠎ᠠ ᠣᠷᠳᠣᠰ ᠤᠨ ᠰᠢᠭᠤᠳ ᠬᠠᠷᠢᠶ᠎ᠠ ᠬᠥᠮᠥᠷᠭᠡ ᠶᠢᠨ ᠬᠢᠵᠠᠭᠠᠷᠲᠤ ᠺᠣᠮᠫᠠᠨᠢ ᠳᠤ ᠪᠠᠶᠢᠩᠭᠤ ᠶᠢᠨ ᠴᠢᠨᠠᠷᠲᠠᠶ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠠ᠃
     ᠳᠠᠷᠠᠭᠠᠴᠢ ᠶᠢᠨ ᠠᠯᠬᠤᠮ ᠳᠤ᠂ ᠮᠠᠨ ᠤ ᠬᠤᠷᠢᠶ᠎ᠠ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠲᠠᠢ ᠤᠶᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠬᠦᠨᠳᠦ ᠶᠡᠭᠡ ᠠᠳᠡᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠨ᠎ᠠ᠃
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号