ᠣᠶᠢᠷ᠎ᠠ ᠳᠤ ᠠᠮᠧᠷᠢᠺᠠ ᠶᠢᠨ ︽ᠰᠢᠨ᠎ᠡ ᠢᠩᠭ᠍ᠯᠠᠨᠳ᠋ ᠤᠨ ᠠᠨᠠᠭᠠᠬᠤ ᠤᠬᠠᠭᠠᠨ ᠤ ᠰᠡᠳᠬᠦᠯ︾ ᠳᠡᠭᠡᠷ᠎ᠡ | ᠨᠡᠶᠢᠲᠡᠯᠡᠭᠰᠡᠨ ᠨᠢᠭᠡᠨ ᠰᠢᠨ᠎ᠡ ᠰᠤᠳᠤᠯᠭᠠᠨ ᠠᠴᠠ ᠦᠵᠡᠪᠡᠯ᠂ ᠬᠥᠮᠦᠨ ᠤ ᠪᠡᠶ᠎ᠡ ᠳᠤ ᠤᠷᠤᠭᠰᠠᠨ ᠪᠢᠴᠢᠯ | ᠰᠦᠯᠢᠶᠣᠣ ᠨᠢ ᠯᠤᠭᠰᠢᠭᠤᠨ ᠰᠤᠳᠠᠯ ᠳᠣᠲᠣᠷ᠎ᠠ ᠬᠤᠷᠠᠵᠤ ᠴᠤᠭᠯᠠᠷᠠᠳᠠᠭ᠂ ᠡᠨᠡ ᠨᠢ ᠵᠢᠷᠦᠬᠡᠨ ᠡᠪᠡᠳᠴᠢᠨ᠂ ᠰᠠ | ᠡᠪᠡᠳᠴᠢᠨ ᠵᠡᠷᠭᠡ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠵᠦ ᠮᠡᠳᠡᠨ᠎ᠡ᠃ | ᠣᠶᠢᠯᠠᠭᠠᠭᠰᠠᠨ ᠢᠶᠠᠷ᠂ ᠪᠢᠴᠢᠯ ᠰᠦᠯᠢᠶᠣᠣ ᠭᠡᠳᠡᠭ ᠨᠢ ᠶᠡᠷᠦ ᠳᠡᠭᠡᠨ ᠮᠥᠬᠦᠯᠢᠭ ᠤᠨ ᠳ᠋ᠢᠶᠠᠮᠧᠲᠷ ᠨᠢ 5 | ᠮᠢᠯᠢᠮᠧᠲᠷ ᠠᠴᠠ ᠪᠠᠭ᠎ᠠ ᠰᠦᠯᠢᠶᠣᠣ ᠮᠥᠬᠦᠯᠢᠭ ᠢ ᠵᠢᠭᠠᠵᠤ ᠪᠤᠢ᠂ ᠲᠡᠷᠡ ᠨᠢ ᠢᠳᠡᠭᠡᠨ ᠪᠤᠶᠤ ᠠᠮᠢᠰᠬᠤᠯ ᠢᠶᠠᠷ ᠳᠡᠮᠵᠢᠨ | ᠬᠥᠮᠦᠨ ᠤ ᠪᠡᠶ᠎ᠡ ᠳᠤ ᠣᠷᠣᠳᠠᠭ᠃ ᠰᠤᠳᠤᠯᠭᠠᠨ ᠤ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ 58% ᠶᠢᠨ | ᠰᠤᠳᠤᠯᠤᠭᠳᠠᠬᠤ ᠡᠲᠡᠭᠡᠳ ᠤᠨ ᠬᠦᠵᠦᠭᠦᠨ ᠯᠤᠭᠰᠢᠭᠤᠨ ᠰᠤᠳᠠᠯ ᠤᠨ ᠲᠣᠯᠪᠤ ᠶᠢᠨ ᠬᠡᠰᠡᠭ ᠠᠴᠠ ᠪᠥᠭᠡᠭᠡᠨᠡᠷᠡᠯ | ᠡᠲ᠋ᠧᠨ ᠤ ᠤᠯᠠ ᠮᠦᠷ ᠢ ᠪᠠᠶᠢᠴᠠᠭᠠᠨ ᠤᠯᠵᠠᠢ᠂ ᠡᠨᠡ ᠬᠦ ᠪᠥᠭᠡᠭᠡᠨᠡᠷᠡᠯ ᠡᠲ᠋ᠧᠨ ᠪᠣᠯ ᠦᠷᠭᠦᠯᠵᠢ ᠬᠠᠷᠠᠭᠳᠠᠳᠠᠭ | ᠰᠦᠯᠢᠶᠣᠣ ᠪᠣᠯᠤᠨ᠎ᠠ᠃ ᠡᠭᠦᠨ ᠠᠴᠠ ᠭᠠᠳᠠᠨ᠎ᠠ᠂ 12% ᠤᠨ ᠰᠤᠳᠤᠯᠤᠭᠳᠠᠬᠤ ᠡᠲᠡᠭᠡᠳ ᠤᠨ ᠬᠦᠵᠦᠭᠦᠨ ᠤ | ᠯᠤᠭᠰᠢᠭᠤᠨ ᠰᠤᠳᠠᠯ ᠤᠨ ᠲᠣᠯᠪᠤ ᠶᠢᠨ ᠬᠡᠰᠡᠭ ᠠᠴᠠ ᠪᠥᠭᠡᠭᠡᠨᠡᠷᠡᠯ ᠾᠯᠤᠷᠤ᠋ᠡᠲ᠋ᠧᠨ ᠤ ᠤᠯᠠ ᠮᠦᠷ ᠢ ᠪᠠᠶᠢᠴᠠᠭᠠᠨ | ᠤᠯᠵᠠᠢ᠂ ᠡᠨᠡ ᠨᠢ ᠥᠭᠡᠷ᠎ᠡ ᠨᠢᠭᠡ ᠵᠦᠢᠯ ᠤᠨ ᠦᠷᠭᠦᠯᠵᠢ ᠬᠠᠷᠠᠭᠳᠠᠳᠠᠭ ᠰᠦᠯᠢᠶᠣᠣ ᠪᠣᠯᠤᠨ᠎ᠠ᠃ ᠪᠦᠷᠢᠳᠬᠡᠯ ᠤᠨ | ᠵᠠᠳᠠᠯᠤᠯᠲᠠ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠬᠦᠵᠦᠭᠦᠨ ᠯᠤᠭᠰᠢᠭᠤᠨ ᠰᠤᠳᠠᠯ ᠤᠨ ᠲᠣᠯᠪᠤ ᠶᠢᠨ | ᠬᠡᠰᠡᠭ ᠠᠴᠠ ᠰᠦᠯᠢᠶᠣᠣ ᠶᠢ ᠪᠠᠶᠢᠴᠠᠭᠠᠵᠤ ᠣᠯᠤᠭᠰᠠᠨ ᠦᠭᠡᠢ ᠬᠥᠮᠦᠨ ᠢ ᠪᠤᠳᠤᠪᠠᠯ᠂ ᠬᠦᠵᠦᠭᠦᠨ ᠤ ᠯᠤᠭᠰᠢᠭᠤᠨ | ᠰᠤᠳᠠᠯ ᠤᠨ ᠲᠣᠯᠪᠤ ᠶᠢᠨ ᠬᠡᠰᠡᠭ ᠲᠤ ᠪᠢᠴᠢᠯ ᠰᠦᠯᠢᠶᠣᠣ ᠪᠤᠶᠤ ᠮᠥᠬᠦᠯᠢᠭ ᠤᠨ ᠳ᠋ᠢᠶᠠᠮᠧᠲᠷ ᠨᠢ ᠨᠡᠩ ᠪᠠᠭ᠎ᠠ | ᠨᠠᠨᠤᠮᠧᠲᠷ ᠰᠦᠯᠢᠶᠣᠣ ᠪᠠᠶᠢᠬᠤ ᠬᠥᠮᠦᠨ ᠨᠢ ᠵᠢᠷᠦᠬᠡᠨ ᠡᠪᠡᠳᠴᠢᠨ᠂ ᠰᠠ ᠡᠪᠡᠳᠴᠢᠨ ᠳᠤ ᠨᠡᠷᠪᠡᠭᠳᠡᠬᠦ ᠪᠤᠶᠤ ᠦᠬᠦᠬᠦ | ᠲᠦᠭᠰᠢᠬᠦᠷᠢ ᠪᠠᠷ ᠬᠡᠳᠦᠨ ᠳᠠᠬᠢᠨ ᠥᠨᠳᠥᠷ ᠶᠤᠮ᠃ | |