6 ᠰᠠᠷ᠎ᠠ ᠶᠢᠨ 1 ᠤ ᠡᠳᠦᠷ᠂ ᠤᠳᠠ ᠲᠤᠭᠤᠷᠢᠭ ᠤᠨ ᠬᠤᠲᠠ ᠶᠢᠨ ᠲᠣᠭᠤᠷᠢᠭ ᠤᠨ ᠤᠰᠤᠲᠤᠯ ᠢ ᠵᠠᠰᠠᠬᠤ | ᠰᠢᠰᠲ᠋ᠧᠮᠵᠢᠭᠦᠯᠬᠦ ᠢᠨᠵᠧᠨᠧᠷᠢᠩ ᠤᠨ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ | ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠠᠵᠢᠯᠲᠠᠳ ᠶᠠᠭ ᠭᠠᠯ ᠫᠤᠤ ᠪᠠᠷ ᠨᠢᠭᠡᠨᠲᠡ ᠳᠡᠪᠢᠰᠦᠭᠰᠡᠨ | ᠪᠣᠷᠣᠭᠠᠨ ᠤ ᠤᠰᠤᠨ ᠤ ᠬᠤᠭᠤᠯᠠᠶ ᠶᠢ ᠬᠠᠯᠠᠭᠤᠨ ᠠᠪᠴᠢᠯ ᠢᠶᠠᠷ ᠵᠣᠯᠭᠠᠭᠤᠯᠬᠤ ᠠᠵᠢᠯ ᠬᠢᠵᠦ᠂ ᠵᠣᠯᠭᠠᠭᠤᠯᠵᠤ | ᠳᠠᠭᠤᠰᠤᠭᠰᠠᠨ ᠤ ᠳᠠᠷᠠᠭ᠎ᠠ᠂ ᠰᠢᠷᠣᠶ ᠶᠢᠨ ᠲᠠᠯ᠎ᠠ ᠶᠢ ᠡᠭᠡᠭᠦᠯᠦᠨ ᠪᠥᠭᠯᠡᠬᠦ ᠪᠠ ᠵᠠᠮ ᠤᠨ ᠭᠠᠳᠠᠷᠭᠤ ᠶᠢ ᠰᠡᠷᠭᠦᠭᠡᠬᠦ | ᠠᠵᠢᠯ ᠬᠢᠵᠦ ᠪᠠᠶᠢᠬᠤ ᠶᠢ ᠣᠯᠵᠤ ᠬᠠᠷᠠᠪᠠ᠃ | ᠤᠳᠠ ᠲᠤᠭᠤᠷᠢᠭ ᠤᠨ ᠬᠤᠲᠠ ᠶᠢᠨ ᠲᠣᠭᠤᠷᠢᠭ ᠤᠨ ᠤᠰᠤᠲᠤᠯ ᠢ ᠵᠠᠰᠠᠬᠤ ᠰᠢᠰᠲ᠋ᠧᠮᠲᠦ ᠢᠨᠵᠧᠨᠧᠷᠢᠩ ᠤᠨ | ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠤᠨ ᠮᠡᠷᠭᠡᠵᠢᠯ ᠤᠨ ᠢᠨᠵᠧᠨᠧᠷ ᠲᠢᠶᠠᠨ ᠭᠦᠸᠧ ᠴᠢᠩ᠄ ︽ᠪᠢᠳᠡ | ᠮᠠᠯᠲᠠᠬᠤ ᠶᠢᠨ ᠳᠠᠭᠠᠤ ᠳᠡᠪᠢᠰᠬᠦ᠂ ᠡᠭᠡᠭᠦᠯᠦᠨ ᠪᠥᠭᠯᠡᠬᠦ ᠠᠷᠭ᠎ᠠ ᠶᠢ ᠬᠡᠷᠡᠭᠯᠡᠵᠦ᠂ ᠨᠢᠭᠡᠨᠲᠡ ᠠᠢ ᠮᠢᠨ ᠵᠡᠭᠡᠯᠢ ᠳᠤ 500 | ᠭᠠᠷᠤᠶ ᠮᠧᠲᠷ ᠪᠠᠷᠢᠯᠭ᠎ᠠ ᠪᠠᠷᠢᠵᠤ᠂ ᠶᠡᠷᠦᠩᠬᠡᠢ ᠪᠠᠷᠢᠯᠭ᠎ᠠ ᠶᠢᠨ ᠬᠡᠮᠵᠢᠶᠡᠨ ᠤ 10% ᠶᠢ ᠡᠵᠡᠯᠡᠵᠦ᠂ ᠭᠤᠷᠪᠠᠳᠤᠭᠠᠷ | ᠬᠤᠭᠤᠴᠠᠭᠠᠨ ᠤ ᠪᠠᠷᠢᠯᠭ᠎ᠠ ᠶᠢ ᠵᠢᠱᠢᠯᠲᠡ ᠪᠠᠷ 9 ᠰᠠᠷ᠎ᠠ ᠶᠢᠨ ᠰᠡᠭᠦᠯᠴᠢ ᠪᠠᠷ ᠪᠠᠷᠢᠵᠤ ᠳᠠᠭᠤᠰᠬᠠᠨ᠎ᠠ︾ ᠭᠡᠵᠦ ᠬᠡᠯᠡᠪᠡ᠃ | | ᠡᠨᠡ ᠵᠢᠯ ᠤᠳᠠ ᠲᠣᠭᠤᠷᠢᠭ ᠨᠢ ᠬᠤᠲᠠ ᠶᠢᠨ ᠲᠣᠭᠤᠷᠢᠭ ᠤᠨ ᠤᠰᠤᠲᠤᠯ ᠢ ᠵᠠᠰᠠᠬᠤ ᠰᠢᠰᠲ᠋ᠧᠮᠵᠢᠭᠦᠯᠬᠦ | ᠢᠨᠵᠧᠨᠧᠷᠢᠩ ᠢ 2 ᠬᠡᠷᠡᠭᠵᠢᠭᠦᠯᠬᠦ ᠪᠠᠷ ᠲᠥᠯᠥᠪᠯᠡᠵᠦ᠂ ᠡᠭᠦᠨ ᠳᠤ ᠭᠤᠷᠪᠠᠳᠤᠭᠠᠷ ᠬᠤᠭᠤᠴᠠᠭᠠᠨ ᠤ ᠲᠥᠷᠥᠯ | ᠵᠦᠢᠯ ᠨᠢ ᠠᠶ ᠮᠢᠨ ᠵᠡᠭᠡᠯᠢ᠂ ᠯᠢᠦ ᠶᠢᠨ ᠶᠡᠭᠡ ᠵᠠᠮ᠂ ᠪᠠᠶᠠᠨᠰᠠᠶᠢᠨ ᠵᠡᠭᠡᠯᠢ ᠶᠢᠨ ᠪᠣᠷᠣᠭᠠᠨ ᠤ ᠤᠰᠤᠨ ᠤ ᠬᠤᠭᠤᠯᠠᠶ ᠶᠢ | ᠥᠭᠡᠷᠡᠴᠢᠯᠡᠨ ᠤᠭᠰᠠᠷᠠᠬᠤ ᠪᠠᠷ ᠲᠥᠯᠥᠪᠯᠡᠵᠦ᠂ ᠥᠭᠡᠷᠡᠴᠢᠯᠡᠬᠦ ᠠᠭᠤᠯᠭ᠎ᠠ ᠳᠤ ᠡᠯ᠎ᠡ ᠵᠦᠢᠯ ᠤᠨ ᠬᠤᠭᠤᠯᠠᠶ ᠶᠢᠨ | ᠲᠣᠤᠷ ᠢ 6 ᠺᠢᠯᠤᠮᠧᠲᠷ ᠥᠭᠡᠷᠡᠴᠢᠯᠡᠨ ᠤᠭᠰᠠᠷᠠᠬᠤ᠂ 116 ᠪᠠᠶᠢᠴᠠᠭᠠᠬᠤ ᠬᠤᠳᠳᠤᠭ ᠢ ᠰᠢᠨ᠎ᠡ ᠪᠠᠷ ᠪᠠᠶᠢᠭᠤᠯᠵᠤ᠂ | ᠬᠤᠤᠰ ᠱᠦᠭᠦᠷ ᠪᠣᠷᠣᠭᠠᠨ ᠤ ᠤᠰᠤᠨ ᠤ ᠠᠮᠠ 89 ᠤᠭᠰᠠᠷᠠᠬᠤ ᠪᠠᠷ ᠲᠥᠯᠥᠪᠯᠡᠵᠦ ᠪᠣᠶ︔ ᠳᠥᠷᠪᠡᠳᠦᠭᠡᠷ | ᠬᠤᠭᠤᠴᠠᠭᠠᠨ ᠤ ᠲᠥᠷᠥᠯ ᠵᠦᠢᠯ ᠨᠢ ᠵᠢᠶᠧ ᠹᠠᠩ ᠵᠠᠮ᠂ ᠪᠠᠶᠠᠨᠰᠠᠶᠢᠨ ᠵᠡᠭᠡᠯᠢ᠂ ᠲᠤᠸᠠᠨ ᠵᠢᠶᠧ ᠵᠠᠮ ᠵᠡᠷᠭᠡ ᠵᠠᠮ ᠤᠨ | ᠬᠡᠰᠡᠭ ᠤᠨ ᠪᠣᠷᠣᠭᠠᠨ ᠤ ᠤᠰᠤᠨ ᠤ ᠬᠤᠭᠤᠯᠠᠶ ᠶᠢ ᠥᠭᠡᠷᠡᠴᠢᠯᠡᠨ ᠰᠢᠨᠡᠳᠬᠡᠵᠦ᠂ ᠪᠣᠷᠣᠭᠠᠨ ᠤ ᠤᠰᠤᠨ ᠤ | ᠬᠥᠭᠡᠷᠭᠡ ᠶᠢᠨ ᠥᠷᠲᠡᠭᠡ ᠶᠢ 1 ᠰᠢᠨ᠎ᠡ ᠪᠠᠷ ᠪᠠᠶᠢᠭᠤᠯᠵᠤ᠂ ᠡᠯ᠎ᠡ ᠵᠦᠢᠯ ᠤᠨ ᠬᠤᠭᠤᠯᠠᠶ ᠶᠢᠨ ᠲᠣᠤᠷ ᠢ 6 ᠺᠢᠯᠤᠮᠧᠲᠷ | ᠥᠭᠡᠷᠡᠴᠢᠯᠡᠨ ᠤᠭᠰᠠᠷᠠᠵᠤ᠂ 116 ᠪᠠᠶᠢᠴᠠᠭᠠᠬᠤ ᠬᠤᠳᠳᠤᠭ ᠢ ᠰᠢᠨ᠎ᠡ ᠪᠠᠷ ᠪᠠᠶᠢᠭᠤᠯᠵᠤ᠂ 79 ᠬᠤᠣᠰ ᠱᠦᠭᠦᠷ | ᠪᠣᠷᠣᠭᠠᠨ ᠤ ᠤᠰᠤ ᠶᠢ ᠨᠡᠮᠡᠵᠦ ᠤᠭᠰᠠᠷᠠᠬᠤ ᠪᠠᠷ ᠲᠥᠯᠥᠪᠯᠡᠵᠦ ᠪᠣᠶ᠃ ᠣᠳᠣᠬᠠᠨ ᠳᠤ᠂ ᠳᠥᠷᠪᠡᠳᠦᠭᠡᠷ | ᠬᠤᠭᠤᠴᠠᠭᠠᠨ ᠤ ᠲᠥᠷᠥᠯ ᠵᠦᠢᠯ ᠢ ᠨᠢᠭᠡᠨᠲᠡ 800 ᠭᠠᠷᠤᠶ ᠮᠧᠲᠷ ᠢ ᠪᠡᠶᠡᠯᠡᠭᠦᠯᠵᠦ᠂ ᠵᠠᠯᠭᠠᠭᠠᠳ ᠪᠠᠶᠠᠨᠰᠠᠶᠢᠨ | ᠵᠡᠭᠡᠯᠢ ᠳᠤ ᠦᠷᠭᠦᠯᠵᠢᠯᠡᠨ ᠪᠠᠷᠢᠯᠭ᠎ᠠ ᠪᠠᠷᠢᠵᠤ᠂ ᠪᠦᠬᠦᠯᠢ ᠴᠣᠭᠴᠠ ᠶᠢᠨ ᠲᠥᠷᠥᠯ ᠵᠦᠢᠯ ᠢ ᠵᠢᠱᠢᠯᠲᠡ ᠪᠠᠷ 10 | ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠵᠤ ᠳᠠᠭᠤᠰᠬᠠᠨ᠎ᠠ᠃ | ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠬᠤᠲᠠ ᠶᠢᠨ ᠲᠣᠭᠤᠷᠢᠭ ᠤᠨ ᠤᠰᠤᠲᠤᠯ ᠢ ᠵᠠᠰᠠᠬᠤ ᠰᠢᠰᠲ᠋ᠧᠮᠵᠢᠭᠦᠯᠦᠭᠰᠡᠨ ᠢᠨᠵᠧᠨᠧᠷᠢᠩ ᠤᠨ | ᠲᠥᠷᠥᠯ ᠵᠦᠢᠯ ᠤᠨ ᠬᠠᠷᠢᠭᠤᠴᠠᠯᠭᠠᠲᠠᠨ ᠾᠧ ᠫᠸᠢ ᠭᠤᠸᠠᠩ᠄ ︽ᠬᠤᠲᠠ ᠶᠢᠨ ᠭᠠᠵᠠᠷ ᠳᠣᠤᠷᠠᠬᠢ ᠬᠤᠭᠤᠯᠠᠶ ᠶᠢᠨ | ᠲᠣᠤᠷ ᠢ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠴᠢᠬᠤᠯᠠ ᠨᠢᠭᠡ ᠭᠤᠭᠴᠤᠭ᠎ᠠ | ᠪᠣᠯᠭᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ | ᠬᠤᠯᠪᠣᠭᠳᠠᠵᠤ ᠪᠠᠶᠢᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠬᠤᠲᠠ ᠶᠢᠨ ᠲᠣᠭᠤᠷᠢᠭ ᠤᠨ ᠤᠰᠤ | ᠭᠠᠳᠠᠭᠰᠢᠯᠠᠭᠤᠯᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠮ ᠳᠠᠭᠠᠤ ᠶᠢᠨ ᠰᠠᠭᠤᠭᠠᠯᠢ | ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠵᠤ᠂ ᠣᠯᠠᠨ ᠲᠦᠮᠡᠨ ᠤ ᠵᠣᠯ ᠵᠢᠷᠭᠠᠯ ᠤᠨ | ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ |