ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︽ᠬᠥᠳᠡᠯᠮᠦᠷᠢ ᠪᠠᠨ ᠪᠠᠶᠠᠰᠬᠠᠵᠤ᠂ 2024 ᠣᠨ ᠤ ᠪᠠᠶᠠᠷ ᠢ ᠪᠡᠯᠭᠡᠯᠡᠶ᠎ᠡ︾ 2024 ᠣᠨ ᠳᠤ ︽5.1︾ ᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/6/5
      4 ᠰᠠᠷ᠎ᠠ ᠶᠢᠨ 24 ᠤ ᠡᠳᠦᠷ ᠠᠴᠠ 30 ᠤ ᠡᠳᠦᠷ ᠪᠣᠯᠲᠠᠯ᠎ᠠ᠂ ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠤᠳᠠ ᠲᠣᠭᠤᠷᠢᠭ ᠤᠨ ᠰᠣᠶᠣᠯ ᠤᠨ ᠣᠷᠳᠣᠨ ᠳᠠᠭᠠᠭᠠᠴᠢᠯᠠᠨ ᠡᠷᠭᠢᠯᠡᠭᠰᠡᠨ ᠤᠷᠠᠨ ᠰᠠᠶᠢᠬᠠᠨ ᠤ ᠲᠣᠭᠯᠠᠯᠲᠠ ᠨᠢ ︽ᠪᠠᠶᠠᠷ ᠪᠠᠭ᠋ᠠᠳᠤᠯ︾ ᠢ ᠳᠡᠯᠭᠡᠨ ᠦᠵᠡᠭᠦᠯᠵᠦ᠂ ︽ᠬᠥᠳᠡᠯᠮᠦᠷᠢ ᠪᠠᠨ ᠪᠠᠶᠠᠰᠬᠠᠵᠤ᠂ 2024 ᠣᠨ ᠤ ᠪᠠᠶᠠᠷ ᠢ ᠪᠡᠯᠭᠡᠯᠡᠶ᠎ᠡ︾ ᠭᠡᠬᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ 4 ᠲᠠᠯᠠᠪᠤᠷ ᠲᠣᠭᠯᠠᠯᠲᠠ ᠭᠠᠷᠭᠠᠵᠤ᠂ ᠲᠣᠰ ᠲᠣᠰ ᠸᠧᠶ ᠪᠠᠩ ᠲᠥᠪ ᠤᠨ ᠴᠡᠴᠡᠷᠯᠢᠭ᠂ ᠲᠤᠸᠠᠨ ᠪᠸᠢ ᠨᠡᠶᠢᠭᠡᠮ ᠲᠣᠭᠤᠷᠢᠭ᠂ ᠶᠦᠩ ᠴᠠᠩ ᠨᠡᠶᠢᠭᠡᠮ ᠲᠣᠭᠤᠷᠢᠭ᠂ ᠠᠷᠠᠳ ᠤᠨ ᠴᠡᠴᠡᠷᠯᠢᠭ ᠲᠤ ᠲᠣᠰ ᠲᠣᠰ ᠣᠷᠣᠯᠴᠠᠭᠰᠠᠨ ᠬᠥᠮᠦᠨ ᠤᠳᠠᠭ᠎ᠠ 300 ᠣᠷᠴᠢᠮ ᠪᠠᠶᠢᠵᠤ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠨᠢ ᠣᠯᠠᠨ ᠳᠤ ᠬᠢᠵᠠᠭᠠᠯᠠᠰᠢ ᠥᠬᠡᠶ ᠪᠠᠶᠠᠷ ᠪᠠᠶᠠᠰᠤᠯ ᠪᠠ ᠵᠣᠯ ᠵᠢᠷᠭᠠᠯ ᠢ ᠠᠪᠴᠢᠷᠠᠵᠤ᠂ ᠲᠤᠬᠠᠶ ᠶᠢᠨ ᠲᠠᠯᠠᠪᠠᠶ ᠶᠢᠨ ᠦᠵᠡᠭᠴᠢᠳ ᠬᠠᠯᠠᠭᠤᠨ ᠲᠤᠰᠬᠠᠯ ᠲᠠᠢ ᠪᠠᠶᠢᠵᠤ᠂ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠠᠭᠤᠷ ᠠᠮᠢᠰᠬᠤᠯ ᠢ ᠭᠦᠢᠴᠡᠳ ᠢᠯᠡᠷᠡᠭᠦᠯᠪᠡ᠃ ᠲᠤᠭᠯᠠᠯᠳᠠ ᠶᠢᠨ ᠬᠡᠯᠪᠡᠷᠢ ᠨᠢ ᠤᠯᠠᠨ ᠶᠠᠩᠵᠦ ᠶᠢᠨ ᠪᠠᠶᠢᠵᠦ᠂ ᠳᠡᠪᠢᠭᠦᠷ ᠪᠦᠵᠢᠭ᠂ ᠭᠠᠷ ᠠᠯᠴᠢᠭᠤᠷ ᠪᠦᠵᠢᠭ᠂ ᠬᠦᠭᠵᠢᠮ ᠲᠤᠬᠢᠷᠠᠭᠤᠯᠭ᠎ᠠ ᠶᠢᠨ ᠰᠢᠯᠦᠭ ᠤᠶᠠᠩᠭᠠᠯᠠᠬᠤ᠂ ᠱᠤᠭ ᠵᠦᠴᠦᠭᠡ᠂ ᠬᠤᠶᠠᠷ ᠬᠦᠮᠦᠨ ᠤ ᠲᠠᠶᠢᠰᠠ ᠵᠡᠷᠭᠡ ᠲᠤᠭᠯᠠᠯᠳᠠ ᠭᠠᠷᠭᠠᠵᠠᠢ᠃ ᠰᠡᠳᠦᠪ ᠨᠢ ᠴᠥᠮ ᠢᠳᠡᠪᠬᠢᠲᠡᠶ ᠪᠠᠷ ᠥᠭᠡᠳᠡᠯᠡᠨ ᠳᠠᠪᠰᠢᠭᠰᠠᠨ᠂ ᠠᠮᠢᠳᠤᠷᠠᠯ ᠢᠶᠠᠨ ᠬᠠᠶᠢᠷᠠᠯᠠᠬᠤ ᠢᠳᠡᠪᠬᠢ ᠬᠦᠴᠦᠨ ᠢ ᠲᠤᠰᠬᠠᠵᠠᠢ᠃      ᠲᠣᠰ ᠤᠳᠠᠭᠠᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠬᠥᠳᠡᠯᠮᠦᠷᠢᠴᠢᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠥᠷᠭᠡᠨ ᠣᠯᠠᠨ ᠲᠦᠮᠡᠨ ᠤ ᠲᠥᠪᠯᠡᠩᠭᠦᠶ ᠬᠦᠴᠦᠨ ᠢ ᠨᠢᠭᠲᠠᠷᠠᠭᠤᠯᠵᠤ᠂ ᠤᠳᠠ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠤᠳᠬ᠎ᠠ ᠤᠷᠠᠯᠢᠭ ᠤᠨ ᠬᠦᠴᠦᠨ ᠴᠢᠳᠠᠯ ᠢᠶᠠᠨ ᠡᠷᠭᠦᠵᠡᠶ᠃ ᠤᠳᠠ ᠲᠣᠭᠤᠷᠢᠭ ᠤᠨ ᠬᠤᠲᠠ ᠶᠢᠨ ᠠᠷᠠᠳ ᠤᠨ ᠨᠠᠶᠢᠵᠠ ᠨᠠᠷ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠲᠡᠳᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠨᠡᠮᠡᠭᠳᠡᠭᠦᠯᠵᠦ᠂ ᠨᠢᠭᠡ ᠬᠤᠪᠢ ᠴᠢᠩ ᠦᠨᠡᠨᠴᠢ ᠰᠣᠶᠣᠯ ᠤᠨ ᠶᠡᠭᠡ ᠬᠤᠭᠤᠯᠠ ᠬᠦᠷᠭᠡᠪᠡ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号