ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 9 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 7 ᠤ ᠡᠳᠦᠷ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 9 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠰᠤᠳᠤᠯᠤᠨ ᠶᠠᠷᠢᠯᠴᠠᠬᠤ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ ᠦᠬᠠᠶ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠡᠷᠡᠭ ᠢ ᠰᠢᠭᠦᠬᠦ ᠲᠠᠰᠤᠭ ᠤᠨ ᠡᠷᠬᠢᠯᠡᠭᠴᠢ ᠴᠢ ᠮᠢᠩ ᠨᠥᠬᠦᠷ ᠢ ᠤᠷᠢᠵᠤ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ᠭᠦᠨᠵᠡᠭᠡᠶ ᠲᠠᠶᠢᠯᠤᠮᠵᠢ ᠬᠢᠯᠭᠡᠵᠦ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ ᠰᠣᠨᠢᠷᠬᠠᠪᠠ᠃ ᠯᠢ ᠴᠦᠨ ᠶᠠᠨ᠂ ᠢᠦᠢ ᠸᠧᠢ ᠵᠢᠶᠦ᠋ᠨ᠂ ᠬᠠᠨ ᠵᠢᠶᠠᠨ ᠬᠤᠸᠠ᠂ ᠵᠧᠦ ᠵᠤᠤ ᠱᠦᠨ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠲᠤᠰ ᠪᠡᠶ᠎ᠡ ᠶᠢᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽8 ᠭᠦᠨᠵᠡᠭᠡᠢ ᠣᠶᠢᠯᠠᠭᠠᠵᠤ᠂ 8 ᠣᠨᠣᠪᠴᠢᠲᠠᠢ ᠡᠵᠡᠮᠰᠢᠬᠦ︾ ᠶᠢ ᠴᠢᠩᠭ᠎ᠠ ᠠᠳᠬᠤᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠨᠳᠦᠰᠦ ᠠᠴᠠ ᠨᠢ ᠵᠠᠰᠠᠬᠤ ᠪᠤᠳᠤᠯᠭ᠎ᠠ ᠮᠥᠨ ᠭᠡᠳᠡᠭ ᠢ ᠭᠦᠨᠵᠡᠭᠡᠢ ᠲᠠᠨᠢᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠭᠡᠰᠢᠭᠦᠨ ᠺᠠᠲᠷᠴᠤᠳ ᠤᠨ ᠰᠠᠬᠢᠯᠭ᠎ᠠ ᠪᠠᠲᠤ ᠶᠢ ᠰᠤᠷᠴᠤ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠰᠠᠬᠢᠬᠤ ᠶᠢ ᠬᠦᠳᠦᠯᠦᠨ ᠵᠢᠯᠣᠭᠤᠳᠴᠤ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠭᠤᠣᠯ ᠵᠤᠷᠢᠯᠳᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ︽ᠭᠤᠷᠪᠠᠨ ᠤᠯᠠᠨ ᠭᠤᠷᠪᠠᠨ ᠴᠥᠭᠡᠨ︾ ᠪᠠᠶᠢᠬᠤ ᠠᠰᠠᠭᠤᠳᠠᠯ ᠢ ᠰᠢᠢᠳᠪᠦᠷᠢᠯᠡᠬᠦ᠂ ᠺᠠᠲᠷ ᠤᠨ ᠰᠤᠷᠲᠠᠯ ᠤᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠠᠬᠢᠭᠤᠯᠬᠤ ᠵᠡᠷᠭᠡ ᠲᠠᠢ ᠠᠭᠤᠰᠤᠯᠴᠠᠭᠤᠯᠤᠨ ᠨᠡᠪᠲᠡᠷᠡᠯᠴᠡᠭᠦᠯᠬᠦ ᠶᠢ ᠠᠬᠢᠭᠤᠯᠵᠤ᠂ ᠡᠯ᠎ᠡ ᠱᠠᠲᠤᠨ ᠤ ᠤᠳᠤᠷᠢᠳᠬᠤ  ᠺᠠᠲᠷᠴᠤᠳ ᠤᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢ ᠪᠠᠳᠠᠷᠠᠭᠤᠯᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠵᠤ᠂ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠲᠷᠴᠤᠳ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠲᠠᠶᠢᠴᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠪᠢᠷᠠᠭᠤᠯᠬᠤ ᠶᠢ ᠭᠦᠨᠵᠡᠭᠡᠶᠢᠷᠡᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠨᠢᠭᠡ ᠴᠤᠭᠴᠠᠵᠢᠭᠤᠯᠤᠨ ᠠᠬᠢᠭᠤᠯᠬᠤ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠦᠬᠠᠢ ᠬᠤᠳᠠ ᠶᠢᠨ ︽ᠠᠷᠪᠠᠨ ᠬᠤᠶᠠᠷ ᠭᠤᠣᠯᠳᠠᠯᠭ᠎ᠠ ᠲᠠᠢ ᠠᠵᠢᠯ︾ ᠢ ᠠᠬᠢᠭᠤᠯᠬᠤ ᠲᠠᠢ ᠤᠶᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠪᠡᠶᠡᠯᠡᠭᠦᠯᠬᠦ ᠲᠠᠢ ᠤᠶᠠᠯᠳᠤᠭᠤᠯᠵᠤ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ᠂ ᠭᠦᠨ ᠵᠤᠵᠠᠭᠠᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠰᠤᠷᠤᠯᠴᠠᠵᠤ᠂ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠶᠢ ᠰᠤᠷᠤᠯᠴᠠᠵᠤ᠂ ᠯᠠᠪᠳᠠᠭᠤᠨ ᠪᠠᠲᠤᠲᠠᠢ ᠰᠤᠷᠤᠯᠴᠠᠭᠰᠠᠨ ᠦᠷ᠎ᠡ ᠪᠦᠲᠦᠮᠵᠢ ᠪᠠᠷ ᠨᠠᠮ ᠤᠨ ᠭᠡᠰᠢᠭᠦᠨ ᠺᠠᠲᠷᠴᠤᠳ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠢᠳᠠᠪᠤᠷᠢ ᠪᠣᠯᠤᠨ ᠴᠢᠳᠠᠪᠤᠷᠢ ᠪᠣᠯᠭᠠᠨ ᠬᠤᠪᠢᠷᠠᠭᠤᠯᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠭᠦᠷ᠂ ᠰᠢᠨ᠎ᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号