2024 ᠣᠨ ᠤ ᠤᠳᠠ ᠲᠣᠭᠤᠷᠢᠭ ᠤᠨ ᠰᠣᠶᠣᠯ ᠪᠠ ᠪᠠᠶᠢᠭᠠᠯᠢ ᠶᠢᠨ ᠥᠪ ᠤᠨ ᠡᠳᠦᠷ ᠵᠢᠴᠢ ︽ᠮᠠᠨ ᠤ ᠪᠠᠶᠠᠷ ᠤᠨ ᠡᠳᠦᠷ· ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/6/8
    ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ 6 ᠰᠠᠷ᠎ᠠ ᠶᠢᠨ 7 ᠤ ᠡᠳᠦᠷ᠂ ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠤᠳᠠ ᠲᠣᠭᠤᠷᠢᠭ ᠤᠨ ᠰᠣᠶᠣᠯ ᠤᠨ ᠣᠷᠳᠣᠨ ᠠᠴᠠ ᠡᠷᠭᠢᠯᠡᠭᠰᠡᠨ ︽ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠵᠤ ᠲᠡᠦᠬᠡ ᠰᠣᠶᠣᠯ ᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠵᠤ ᠴᠠᠭ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠶ᠎ᠡ︾ ᠭᠡᠬᠦ ᠭᠤᠤᠯ ᠰᠡᠳᠦᠪᠲᠦ 2024 ᠣᠨ ᠤ ᠤᠳᠠ ᠲᠣᠭᠤᠷᠢᠭ ᠤᠨ ᠰᠣᠶᠣᠯ ᠪᠠ ᠪᠠᠶᠢᠭᠠᠯᠢ ᠶᠢᠨ ᠥᠪ ᠤᠨ ᠡᠳᠦᠷ ᠤᠨ ᠠᠵᠢᠯᠯᠠᠭ᠎ᠠ ᠵᠢᠴᠢ ︽ᠪᠢᠳᠡᠨ ᠤ ᠪᠠᠶᠠᠷ ᠤᠨ ᠡᠳᠦᠷ· ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠤᠳᠠ ᠲᠣᠭᠤᠷᠢᠭ ᠤᠨ ᠬᠤᠲᠠ ᠶᠢᠨ ᠠᠷᠠᠳ ᠤᠨ ᠲᠠᠯᠠᠪᠠᠶ ᠳᠤ ᠠᠮᠵᠢᠯᠲᠠ ᠲᠠᠢ ᠶᠠᠪᠤᠭᠳᠠᠪᠠ᠃      ᠠᠵᠢᠯᠯᠠᠭ᠎ᠠ ᠨᠢ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠡᠬᠢᠯᠡᠯᠲᠡ ᠶᠢᠨ ᠪᠥᠵᠢᠭ ︽ᠮᠥᠷᠳᠡᠨ ᠳᠠᠭᠠᠬᠤ︾ ᠳᠤᠮᠳᠠ ᠬᠥᠰᠢᠭᠡ ᠪᠠᠨ ᠰᠡᠬᠦᠪᠡ᠃ ᠳᠠᠷᠠᠭ᠎ᠠ ᠨᠢ᠂ ᠦᠬᠠᠶ ᠬᠤᠲᠠ᠂ ᠲᠣᠭᠤᠷᠢᠭ ᠬᠤᠶᠠᠷ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠰᠠᠨ ᠼᠠᠢ ᠨᠢᠳᠤᠷᠭᠠᠨ ᠲᠡᠮᠡᠴᠡᠭᠡ᠂ ᠴᠧᠩ ᠫᠠᠢ ᠨᠠᠢᠮᠠᠨ ᠬᠦᠯᠢᠯ ᠤᠨ ᠰᠢᠷᠡᠭᠡ᠂ ᠬᠤᠶᠠᠷ ᠬᠥᠮᠦᠨ ᠤ ᠲᠠᠶᠢᠰᠠᠨ ᠳᠡᠭᠡᠷᠡᠬᠢ ᠵᠢᠵᠢᠭ ᠵᠦᠴᠦᠭᠡ᠂ ᠰᠧᠴᠤᠸᠠᠨ ᠵᠦᠴᠦᠭᠡ ᠶᠢᠨ ᠳᠦᠷᠰᠦ ᠬᠤᠪᠢᠷᠠᠯᠲᠠ ᠡᠭᠡᠯᠵᠢᠯᠡᠨ ᠲᠠᠶᠢᠰᠠᠨ ᠳᠤ ᠭᠠᠷᠴᠤ ᠦᠵᠡᠭᠦᠯᠦᠯᠭᠡ ᠶᠢᠨ ᠲᠣᠭᠯᠠᠯᠲᠠ ᠭᠠᠷᠭᠠᠵᠤ᠂ ᠤᠳᠠ ᠲᠣᠭᠤᠷᠢᠭ ᠤᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠣᠩᠭᠤᠨ ᠬᠦᠷᠭᠡᠭᠰᠡᠨ ᠰᠢᠯᠢᠳᠡᠭ ᠫᠷᠤᠭ᠍ᠷᠠᠮ ᠤᠨ ᠮᠠᠨᠵᠤ ᠲᠡᠷᠯᠢᠭ ᠤᠨ ᠦᠵᠡᠭᠦᠯᠭᠡ ︽ᠷᠣᠮᠠᠨᠲ᠋ᠢᠭ ᠨᠡᠷᠡᠨ ᠭᠡᠷᠡᠯᠲᠦ ᠨᠠᠷᠠᠨ ᠤ ᠬᠡᠷᠡᠯ︾᠂ ᠦᠨᠳᠦᠰᠦᠲᠡᠨ ᠤ ᠪᠥᠵᠢᠭ ︽ᠣᠪᠤᠭ᠎ᠠ ᠶᠢᠨ ᠬᠠᠩᠭᠠᠢ︾ ᠭᠡᠬᠦ ᠨᠣᠮ ᠤᠨ ᠳᠤᠮᠳᠠ ᠭᠠᠷᠪᠠ᠃ ᠲᠠᠶᠢᠰᠠᠨ ᠳᠡᠭᠡᠷᠡᠬᠢ ᠲᠣᠭᠯᠠᠯᠲᠠ ᠨᠢ ᠭᠤᠶᠢᠳᠠ ᠰᠠᠶᠢᠬᠠᠨ ᠪᠠᠶᠢᠵᠤ᠂ ᠬᠥᠮᠦᠰ ᠤᠨ ᠠᠩᠬᠠᠷᠤᠯ ᠢ ᠲᠠᠲᠠᠵᠤ᠂ ᠲᠠᠶᠢᠰᠠᠨ ᠳᠣᠣᠷᠠᠬᠢ ᠦᠵᠡᠭᠴᠢᠳ ᠤᠨ ᠬᠠᠯᠠᠭᠤᠨ ᠰᠡᠳᠬᠢᠯᠭᠡ ᠣᠷᠭᠢᠯᠵᠤ᠂ ᠠᠯᠠᠭ᠎ᠠ ᠲᠠᠰᠢᠯᠳᠠ ᠶᠢᠨ ᠳᠠᠭᠤᠨ ᠵᠠᠯᠭᠠᠭ᠎ᠠ ᠪᠠᠷ ᠰᠣᠨᠣᠰᠳᠠᠪᠠ᠃ ᠡᠭᠦᠨ ᠤ ᠳᠤ ᠬᠠᠮᠲᠤ᠂ ᠲᠠᠶᠢᠰᠠᠨ ᠤ ᠬᠠᠵᠠᠭᠤ ᠳᠤ ᠲᠣᠬᠢᠷᠠᠭᠤᠯᠤᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠱᠤᠭᠤᠮᠠᠯ ᠱᠤᠭᠤᠮᠠᠯ᠂ ᠰᠢᠬᠢᠷ ᠤᠨ ᠵᠢᠷᠤᠭ᠂ ᠴᠢᠯᠠᠭᠤᠨ ᠰᠡᠶᠢᠯᠦᠮᠡᠯ ᠤᠨ ᠦᠵᠡᠭᠦᠯᠭᠡ ᠳᠤ ᠴᠥᠭᠡᠨ ᠪᠤᠰᠤ ᠬᠤᠲᠠ ᠶᠢᠨ ᠠᠷᠠᠳ ᠤᠨ ᠪᠠᠭ᠋ᠠᠷᠬᠠᠯ ᠢ ᠲᠠᠲᠠᠵᠤ᠂ ᠲᠤᠬᠠᠶ ᠶᠢᠨ ᠲᠠᠯᠠᠪᠠᠢ ᠳᠤ ᠪᠠᠰᠠ ᠣᠯᠠᠨ ᠲᠦᠮᠡᠨ ᠳᠤ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠶᠢᠨ ᠡᠳ᠋ ᠲᠠᠷᠬᠠᠭᠠᠵᠤ᠂ ᠪᠦᠬᠦ ᠲᠠᠯᠠᠪᠤᠷ ᠤᠨ ᠠᠵᠢᠯᠯᠠᠭ᠎ᠠ ᠳᠤ ᠣᠷᠣᠯᠴᠠᠭᠰᠠᠨ ᠬᠥᠮᠦᠨ ᠤ ᠲᠤᠭ᠎ᠠ 2000 ᠬᠦᠷᠴᠡᠶ᠃      ᠲᠣᠰ ᠤᠳᠠᠭᠠᠨ ᠤ ᠠᠵᠢᠯᠯᠠᠭ᠎ᠠ ᠨᠢ ᠠᠷᠠᠳ ᠣᠯᠠᠨ ᠤ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ ᠤᠨ ᠬᠡᠯᠪᠡᠷᠢ ᠪᠠᠷ ᠣᠯᠠᠨ ᠤ ᠰᠣᠶᠣᠯ ᠤᠨ ᠥᠪ ᠢ ᠬᠠᠮᠠᠭᠠᠯᠠᠬᠤ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠰᠣᠶᠣᠯ ᠤᠨ ᠥᠪ ᠢ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠠᠶᠠᠷ ᠤᠨ ᠡᠳᠦᠷ ᠤᠨ ᠤᠯᠠᠮᠵᠢᠯᠠᠯᠲᠤ ᠠᠷᠠᠳ ᠤᠨ ᠵᠠᠩ ᠳᠠᠳᠬᠠᠯ᠂ ᠪᠠᠶᠠᠷ ᠤᠨ ᠡᠳᠦᠷ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠬᠥᠮᠦᠰ ᠤᠨ ᠠᠮᠢᠳᠤᠷᠠᠯ ᠳᠤ ᠨᠠᠩ ᠰᠠᠶᠢᠲᠤᠷ ᠣᠷᠣᠭᠤᠯᠵᠤ᠂ ᠬᠥᠮᠦᠰ ᠤᠨ ᠰᠡᠳᠬᠢᠯ ᠢ ᠰᠢᠩᠭᠡᠭᠡᠬᠦ ᠶᠢ ᠠᠬᠢᠭᠤᠯᠪᠠ᠃
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号