ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠪᠠᠷ᠎ᠠ ᠪᠣᠯᠵᠤ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠢᠷᠤᠮᠵᠢᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/7/12
     ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠢ ᠴᠢᠩᠭᠠᠳᠬᠠᠬᠤ ᠶᠢᠨ ᠲᠥᠯᠥᠭᠡ᠂ 7 ᠰᠠᠷ᠎ᠠ ᠶᠢᠨ 11 ᠤ ᠡᠳᠦᠷ᠂ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠪᠠᠷ᠎ᠠ ᠪᠣᠯᠵᠣ ᠥᠪᠥᠷ ᠮᠣᠩᠭᠤᠯ ᠤᠨ ᠶᠦᠩ ᠲᠠᠢ ᠬᠢᠮᠢ ᠶᠢᠨ ᠬᠢᠵᠠᠭᠠᠷᠲᠤ ᠺᠣᠮᠫᠠᠨᠢ ᠶᠢᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢ ᠵᠢᠷᠤᠮᠵᠢᠭᠤᠯᠤᠨ ᠵᠢᠯᠣᠭᠤᠳᠬᠤ ᠶᠢᠨ ᠬᠠᠮᠲᠤ ᠠᠵᠤ ᠠᠬᠤᠶᠢᠯᠠᠯ ᠢ ᠬᠠᠪᠰᠤᠷᠤᠨ ᠲᠤᠭ᠎ᠠ ᠪᠦᠷᠢᠳᠬᠡᠯ ᠤᠨ ᠲᠦᠷᠢᠮ ᠢ ᠣᠨᠣᠪᠴᠢᠲᠠᠶ ᠡᠵᠡᠮᠰᠢᠵᠦ᠂ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠶᠠᠰᠤ ᠴᠢᠨᠠᠷ ᠢ ᠳᠡᠭᠡᠭᠰᠢᠯᠡᠭᠦᠯᠪᠡ᠃ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠡᠬᠡ ᠲᠠᠩᠰᠠ᠂ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠨᠠᠷᠢᠨ ᠲᠠᠩᠰᠠ᠂ ᠬᠤᠳᠠᠯᠳᠤᠨ ᠠᠪᠬᠤ ᠪᠠ ᠪᠣᠷᠣᠯᠠᠭᠤᠯᠬᠤ ᠭᠡᠷᠡᠴᠢ ᠪᠠᠷᠢᠮᠲᠠ᠂ ᠬᠥᠮᠥᠷᠭᠡ ᠶᠢᠨ ᠬᠠᠳᠠᠭᠠᠯᠠᠴᠠ ᠶᠢᠨ ᠲᠠᠸᠠᠷ ᠤᠨ ᠨᠠᠷᠢᠨ ᠬᠦᠰᠦᠨᠦᠭᠲᠦ ᠵᠡᠷᠭᠡ ᠠᠩᠬᠠᠨ ᠤ ᠮᠠᠲ᠋ᠧᠷᠢᠶᠠᠯ ᠢ ᠪᠠᠶᠢᠴᠠᠭᠠᠨ ᠦᠵᠡᠬᠦ ᠪᠠᠷ ᠳᠠᠮᠵᠢᠭᠤᠯᠤᠨ ᠠᠵᠤ ᠠᠬᠤᠶᠢᠯᠠᠯ ᠳᠤ ᠵᠢᠷᠤᠮᠵᠢᠯ ᠤᠨ ᠴᠢᠨᠠᠷᠲᠠᠶ ᠵᠢᠯᠣᠭᠤᠳᠣᠯᠭ᠎ᠠ ᠬᠢᠪᠡ᠃      ᠲᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠤ ᠦᠢᠯᠡᠳᠪᠦᠷᠢ ᠶᠢᠨ ᠲᠤᠰᠬᠠᠶ ᠮᠡᠷᠭᠡᠵᠢᠯ ᠨᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠵᠤ ᠵᠢᠯᠣᠭᠤᠳᠬᠤ ᠠᠵᠢᠯ ᠢ ᠦᠷᠭᠦᠯᠵᠢᠯᠡᠨ ᠥᠷᠨᠢᠭᠦᠯᠵᠦ᠂ ᠨᠠᠷᠢᠨ ᠬᠢᠨᠠᠮᠠᠭᠠᠶ ᠬᠤᠷᠢᠶᠠᠩᠭᠤᠶᠢᠯᠠᠨ ᠡᠮᠬᠢᠯᠡᠵᠦ ᠬᠠᠷᠭᠤᠭᠤᠯᠤᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠨᠡᠶᠢᠳᠡᠮ ᠠᠰᠠᠭᠤᠳᠠᠯ ᠢ ᠨᠠᠷᠢᠨ ᠬᠢᠨᠠᠮᠠᠭᠠᠶ ᠬᠤᠷᠢᠶᠠᠩᠭᠤᠶᠢᠯᠠᠨ ᠡᠮᠬᠢᠯᠡᠵᠦ᠂ ᠬᠠᠮᠢᠶ᠎ᠠ ᠪᠥᠬᠦᠶ ᠠᠵᠤ ᠠᠬᠤᠶᠢᠯᠠᠯ ᠢ ᠵᠢᠯᠣᠭᠤᠳᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠨᠠᠩ ᠵᠢᠷᠤᠮᠵᠢᠭᠤᠯᠤᠨ ᠣᠨᠣᠪᠴᠢᠲᠠᠶ ᠳᠡᠭᠡᠭᠰᠢ ᠮᠡᠳᠡᠭᠦᠯᠵᠦ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠦᠨ᠎ᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号