ᠦᠰᠦᠭ ᠪᠢᠴᠢᠭ ᠤᠨ ᠲᠠᠶᠢᠯᠤᠮᠵᠢ᠄ ︽2024 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ | ᠬᠤᠯᠪᠣᠭᠳᠠᠯ ᠪᠥᠬᠦᠶ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ︽2024 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ | ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠣᠲᠣ ᠭᠤᠷᠪᠠᠨ | ᠲᠠᠯ᠎ᠠ ᠠᠴᠠ ᠲᠠᠶᠢᠯᠤᠮᠵᠢ ᠬᠢᠪᠠ᠃ | ᠨᠢᠭᠡ᠂ ︽ᠮᠡᠳᠡᠭᠳᠡᠯ︾ ᠢ ᠲᠣᠭᠲᠠᠭᠠᠭᠰᠠᠨ ᠠᠬᠤᠢ ᠪᠠᠶᠢᠳᠠᠯ ᠵᠢᠴᠢ ᠴᠢᠬᠤᠯᠠ ᠴᠢᠨᠠᠷ | ︽ᠮᠡᠳᠡᠭᠳᠡᠯ︾ ᠳᠤ ᠥᠪᠡᠷᠲᠡᠭᠡᠨ ᠵᠠᠰᠠᠬᠤ ᠣᠷᠣᠨ ᠤ ︿ᠬᠠᠶᠢᠷ᠎ᠠ ᠬᠠᠯᠠᠮᠵᠢ ᠶᠢᠨ ᠢᠨᠵᠧᠨᠧᠷᠢᠩ﹀ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠪᠠ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠡᠭᠦᠯᠴᠢ ᠶᠢᠨ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠬᠠᠷᠢᠴᠠᠯ ᠢ | 75% ᠳᠤ ᠬᠦᠷᠭᠡᠬᠦ︾ ᠲᠤᠬᠠᠶ ᠵᠢᠱᠢᠭᠰᠡᠨ ᠴᠢᠨᠠᠷᠲᠠᠶ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ | ᠯᠠᠪᠳᠠᠭᠤᠨ ᠢᠶᠠᠷ ᠳᠡᠭᠡᠭᠰᠢᠯᠡᠭᠦᠯᠵᠦ᠂ ᠬᠤᠲᠠ ᠬᠥᠳᠡᠭᠡ᠂ ᠣᠷᠣᠨ ᠪᠦᠰᠡ ᠶᠢᠨ ᠵᠥᠷᠢᠶ᠎ᠡ ᠶᠢ ᠤᠯᠠᠮ ᠨᠢᠭᠡ ᠠᠯᠬᠤᠮ | ᠪᠠᠭᠠᠰᠬᠠᠬᠤ ᠶᠢᠨ ᠲᠥᠯᠥᠭᠡ ᠶᠤᠮ᠃ | ᠬᠤᠶᠠᠷ᠂ ︽ᠮᠡᠳᠡᠭᠳᠡᠯ︾ ᠢ ᠲᠤᠭᠤᠷᠪᠢᠬᠤ ᠦᠨᠳᠦᠰᠦᠯᠡᠯ | ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ | ᠬᠤᠷᠢᠶᠠᠨ ᠤ ᠵᠠᠷᠯᠢᠭ 649 ᠳ᠋ᠦᠭᠡᠷ ᠲᠣᠭᠠᠲᠤ︶᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠨᠡᠶᠢᠭᠡᠮ ᠤᠨ ᠠᠪᠤᠷᠠᠨ | ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠰᠠᠨᠠᠯ︾ ︵ᠲᠥᠪ ᠠᠯᠪᠠᠨ ᠲᠠᠷᠬᠠᠭᠠᠭᠰᠠᠨ ﹇2020﹈ | 18 ᠳ᠋ᠤᠭᠠᠷ ᠲᠣᠭᠠᠲᠤ︶︽ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠶᠢ | ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ︹2015︺ 94 | ᠳ᠋ᠦᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ︽2024 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ | ᠬᠤᠯᠪᠣᠭᠳᠠᠯ ᠪᠥᠬᠦᠶ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ | ᠭᠤᠷᠪᠠ᠂ ︽ᠮᠡᠳᠡᠭᠳᠡᠯ︾ ᠤᠨ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ | ︽ᠮᠡᠳᠡᠭᠳᠡᠯ︾ ᠢ ᠨᠡᠶᠢᠳᠡ ᠲᠦᠷᠪᠡᠨ ᠬᠡᠰᠡᠭ ᠬᠤᠪᠢᠶᠠᠨ᠎ᠠ | ᠨᠢᠭᠡ ᠳᠤ᠂ ᠬᠢᠨᠠᠨ ᠬᠠᠷᠭᠤᠭᠤᠯᠵᠤ ᠲᠣᠭᠲᠠᠭᠠᠭᠰᠠᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ 2024 | ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ 2024 ᠣᠨ ᠤ 7 ᠰᠠᠷ᠎ᠠ ᠠᠴᠠ ᠡᠬᠢᠯᠡᠨ ᠬᠡᠷᠡᠭᠵᠢᠭᠦᠯᠵᠦ᠂ | ᠬᠠᠮᠢᠶ᠎ᠠ ᠪᠥᠬᠦᠶ ᠭᠠᠵᠠᠷ ᠣᠷᠣᠨ ᠢ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭ᠎ᠠ ᠬᠤᠲᠠ | ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠡᠲᠡᠭᠡᠳ ᠤᠨ ᠬᠡᠷ | ᠪᠦᠯᠢ ᠶᠢᠨ ᠣᠷᠣᠯᠭ᠎ᠠ ᠶᠢ ᠲᠥᠰᠦᠭᠡᠯᠡᠨ ᠪᠤᠳᠤᠬᠤ ᠪᠠ ᠤᠤᠯ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠣᠨᠴᠠ ᠬᠦᠴᠢᠷᠳᠡᠯᠲᠡᠶ ᠡᠲᠡᠭᠡᠳ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ | ᠬᠢᠵᠦ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠶᠢ ᠦᠨᠡᠨ ᠬᠦ ᠪᠠᠲᠤᠯᠠᠨ᠎ᠠ᠃ | ᠬᠤᠶᠠᠷ ᠲᠤ᠂ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠲᠣᠰ ᠤᠳᠠᠭᠠᠨ ᠤ ᠲᠣᠬᠢᠷᠠᠭᠤᠯᠤᠯᠲᠠ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠭᠠᠵᠠᠷ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢ ᠲᠣᠭᠲᠠᠭᠠᠬᠤ ᠪᠠ ᠲᠣᠬᠢᠷᠠᠭᠤᠯᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ | ᠲᠣᠭᠲᠠᠭᠠᠯ ᠭᠠᠷᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠬᠠᠶ ᠶᠢᠨ | ᠭᠠᠵᠠᠷ ᠤᠨ ᠳᠡᠭᠡᠷ᠎ᠡ ᠵᠢᠯ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠯᠤᠭ᠎ᠠ | ᠬᠤᠯᠪᠣᠭᠳᠠᠭᠤᠯᠤᠭᠰᠠᠨ ᠬᠡᠮᠵᠢᠶᠡᠯᠡᠭᠰᠡᠨ ᠬᠠᠷᠢᠴᠠᠯ ᠢ ᠲᠣᠳᠣᠷᠬᠠᠶᠢᠯᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ᠂ ᠠᠵᠢᠯ ᠠᠯᠳᠠᠯᠲᠠ ᠶᠢᠨ | ᠳᠠᠭᠠᠳᠬᠠᠯ ᠯᠤᠭ᠎ᠠ ᠵᠦᠢ ᠵᠣᠬᠢᠰᠲᠠᠶ ᠵᠣᠯᠭᠠᠭᠤᠯᠬᠤ ᠶᠢ ᠴᠢᠩᠭᠠᠳᠬᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠵᠡᠷᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢᠨ ᠬᠥᠳᠡᠯᠦᠩᠭᠦᠶ | ᠲᠣᠬᠢᠷᠠᠭᠤᠯᠤᠯᠲᠠ ᠬᠢᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠪᠠ᠃ | ᠭᠤᠷᠪᠠ ᠳᠤ᠂ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ | ᠣᠯᠭᠤᠬᠤ ᠶᠢ ᠵᠢᠷᠤᠮᠵᠢᠭᠤᠯᠪᠠ᠃ ᠡᠯ᠎ᠡ ᠭᠠᠵᠠᠷ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢ | ᠰᠢᠩᠭᠡᠭᠡᠬᠦ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ | ᠳᠡᠭᠡᠭᠰᠢᠯᠡᠭᠦᠯᠬᠦ ᠲᠣᠳᠣᠷᠬᠠᠢ ᠱᠠᠭᠠᠷᠳᠠᠯᠭ᠎ᠠ ᠳᠤᠷᠠᠳᠴᠤ᠂ ᠡᠯ᠎ᠡ ᠭᠠᠵᠠᠷ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ | ᠣᠷᠣᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠡᠯᠡ ᠮᠥᠩᠭᠦ ᠶᠢᠨ ᠦᠨᠳᠦᠰᠦᠨ | ᠵᠦᠢᠯ ᠢ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠥᠷᠪᠡ ᠳᠤ᠂ ᠣᠷᠣᠯᠭ᠎ᠠ ᠪᠠᠭᠠᠲᠠᠶ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ | ᠪᠠᠶᠢᠩᠭᠤᠵᠢᠭᠤᠯᠤᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ ᠡᠯ᠎ᠡ ᠭᠠᠵᠠᠷ ᠤᠨ ᠣᠷᠣᠯᠭ᠎ᠠ | ᠪᠠᠭᠠᠲᠠᠶ ᠬᠥᠮᠦᠨ ᠠᠮᠠ ᠶᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠬᠦ᠂ ᠬᠥᠳᠡᠯᠦᠩᠭᠦᠶ ᠪᠠᠷ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠪᠠᠶᠢᠩᠭᠤᠵᠢᠭᠤᠯᠤᠭᠰᠠᠨ | ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠵᠡᠷᠭᠡ ᠠᠵᠢᠯ ᠳᠤ | ᠱᠠᠭᠠᠷᠳᠠᠯᠭ᠎ᠠ ᠳᠤᠷᠠᠳᠪᠠ᠃ | |