ᠤᠳᠠ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯᠪᠠᠰᠤᠷᠠᠯ ᠤᠨ ᠠᠩᠬᠢ ᠡᠬᠢᠯᠡᠯ᠎ᠡ
ᠨᠡᠶᠢᠲᠡᠯᠡᠭᠰᠡᠨ ᠴᠠᠭ᠄
2024/7/26
     7 ᠰᠠᠷ᠎ᠠ ᠶᠢᠨ 22 ᠤᠨ ᠡᠳᠦᠷ᠂ ᠤᠳᠠ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢ ᠡᠷᠬᠢᠯᠡᠵᠦ᠂ ᠪᠦᠬᠦ ᠲᠤᠭᠤᠷᠢᠭ ᠤᠨ 20 ᠰᠠᠯᠠᠭ᠎ᠠ ᠮᠥᠴᠢᠷ ᠤᠨ ᠨᠡᠶᠢᠲᠡ 91 ᠬᠥᠮᠦᠨ ᠪᠣᠯᠪᠠᠰᠤᠷᠠᠯ ᠳᠤ ᠣᠷᠣᠯᠴᠠᠪᠠ᠃ ᠲᠣᠰ ᠤᠳᠠᠭᠠᠨ ᠤ ᠪᠣᠯᠪᠠᠰᠤᠷᠠᠭᠤᠯᠤᠯ 1 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ︽ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠣᠨᠣᠯ ᠰᠤᠷᠤᠯᠴᠠᠬᠤ︾ ᠠᠷᠭ᠎ᠠ ᠮᠠᠶ᠋ᠢᠭ ᠢᠶᠠᠷ ᠶᠠᠪᠤᠭᠳᠠᠪᠠ᠃
     ᠦᠳᠡ ᠶᠢᠨ ᠡᠮᠦᠨ᠎ᠡ᠂ ᠲᠣᠭᠤᠷᠢᠨ ᠦᠵᠡᠬᠦ ᠳᠤᠭᠤᠶᠢᠯᠠᠩ ᠤᠷᠢᠳ ᠬᠤᠵᠢᠳ ᠱᠧᠩᠯᠢ ᠵᠡᠭᠡᠯᠢ ᠶᠢᠨ ᠪᠠᠭ᠎ᠠ ᠰᠤᠷᠭᠠᠭᠤᠯᠢ᠂ ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠪᠣᠯᠤᠨ ᠯᠠᠯᠤ ᠶᠢᠨ ᠪᠠᠷᠠᠭᠤᠨ ᠰᠦᠮ᠎ᠡ ᠵᠡᠷᠭᠡ ᠤᠯᠤᠰ ᠤᠨ ᠲᠡᠰ ᠤᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠢ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠲᠣᠭᠤᠷᠢᠨ ᠦᠵᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠲᠠᠯ᠎ᠠ ᠶᠢᠨ ᠲᠡᠷᠢᠭᠦᠨ ᠤ ᠠᠷᠭ᠎ᠠ ᠬᠢᠳᠡᠯ ᠪᠣᠯᠤᠨ ᠨᠡᠶᠢᠲᠡᠯᠢᠭ ᠲᠤᠷᠰᠢᠯᠭ᠎ᠠ ᠶᠢ ᠨᠠᠷᠢᠨ ᠣᠶᠢᠯᠠᠭᠠᠪᠠ᠃
     ᠦᠳᠡ ᠶᠢᠨ ᠬᠤᠶᠢᠨ᠎ᠠ᠂ ᠦᠬᠠᠶ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠰᠢᠤᠢ ᠸᠧᠶ ᠬᠤᠸᠠ ᠳᠡᠳ᠋ ᠫᠷᠤᠹᠧᠰᠰᠤᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠶ᠎ᠠ︾ ᠭᠡᠬᠦ ᠪᠠᠷ ᠭᠤᠤᠯ ᠰᠡᠳᠦᠪ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠷᠢᠨ ᠲᠠᠶᠢᠯᠪᠤᠷᠢᠯᠠᠭᠰᠠᠨ ᠪᠥᠭᠡᠳ ᠲᠤᠬᠠᠶᠢᠯᠠᠭᠰᠠᠨ ᠠᠵᠢᠯ ᠢ ᠬᠡᠷᠬᠢᠨ ᠦᠨᠳᠦᠰᠦᠲᠡᠨ ᠤ ᠠᠵᠢᠯ ᠲᠠᠢ ᠭᠦᠨᠵᠡᠭᠡᠶ ᠠᠭᠤᠰᠤᠯᠴᠠᠭᠤᠯᠬᠤ ᠲᠤᠬᠠᠶ ᠠᠵᠢᠯ ᠤᠨ ᠰᠠᠨᠠᠭᠤᠯᠭ᠎ᠠ ᠳᠤᠷᠠᠳᠴᠠᠶ᠃ ᠲᠠᠶᠢᠯᠪᠤᠷᠢᠯᠠᠨ ᠶᠠᠷᠢᠬᠤ ᠪᠠᠷ ᠳᠠᠮᠵᠢᠭᠤᠯᠤᠨ᠂ ᠰᠤᠷᠤᠭᠴᠢᠳ ᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠴᠢᠬᠤᠯᠠ ᠠᠴᠢ ᠬᠤᠯᠪᠣᠭᠳᠠᠯ ᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢ ᠴᠢᠩᠭᠠᠳᠬᠠᠪᠠ᠃
     ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠪᠣᠯᠪᠠᠰᠤᠷᠠᠯ ᠳᠤ ᠣᠷᠣᠯᠴᠠᠭᠰᠠᠳ᠂ ᠲᠣᠰ ᠤᠳᠠᠭᠠᠨ ᠤ ᠰᠤᠷᠤᠯᠴᠠᠯᠭ᠎ᠠ ᠦᠵᠡᠭᠦᠯᠦᠯᠭᠡ ᠪᠠᠷ ᠠᠵᠠ ᠲᠣᠬᠢᠶᠠᠯ ᠪᠣᠯᠭᠠᠵᠤ᠂ ᠦᠵᠡᠵᠦ ᠰᠣᠨᠣᠰᠤᠭᠰᠠᠨ ᠪᠠ ᠰᠡᠷᠡᠵᠦ ᠮᠡᠳᠡᠭᠰᠡᠨ ᠵᠦᠢᠯ ᠢᠶᠠᠨ ᠲᠣᠰ ᠪᠡᠶ᠎ᠡ ᠶᠢᠨ ᠦᠵᠡᠯ ᠰᠠᠨᠠᠭ᠎ᠠ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠤᠲᠠᠭᠤᠳᠠᠯ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠤᠨ ᠲᠣᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡ ᠶᠢ ᠬᠠᠮᠲᠤᠳᠬᠠᠬᠤ︾︽ᠲᠠᠪᠤ ᠶᠢ ᠮᠡᠳᠡᠷᠡᠬᠦ︾ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠣᠯᠠᠨ ᠲᠦᠮᠡᠨ ᠤ ᠠᠮᠢᠳᠤᠷᠠᠯ ᠳᠤ ᠨᠠᠩ ᠰᠠᠶᠢᠲᠤᠷ ᠠᠭᠤᠰᠤᠯᠴᠠᠭᠤᠯᠬᠤ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠭᠡᠵᠦ ᠢᠯᠡᠳᠬᠡᠪᠡ᠃
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号