| ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ︽ᠤᠳᠠ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠶᠡᠷᠦᠩᠬᠡᠶᠢᠯᠡᠭᠰᠡᠨ ᠬᠢᠨᠠᠨ ᠰᠢᠯᠭᠠᠵᠤ ᠱᠠᠩᠨᠠᠵᠤ ᠲᠣᠷᠭᠠᠬᠤ ᠠᠷᠭ᠎ᠠ︾ ᠶᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | 〔ᠤᠳᠠ ᠠᠯᠪᠠᠨ ᠵᠠᠰᠠᠭ ᠲᠠᠷᠬᠠᠭᠠᠭᠰᠠᠨ 2023〕13 ᠳ᠋ᠤᠭᠠᠷ ᠲᠣᠭᠠᠲᠤ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ ᠨᠢᠭᠡᠴᠡ᠄ | ︽ᠤᠳᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠶᠡᠷᠦᠩᠬᠡᠶᠢᠯᠡᠨ ᠬᠢᠨᠠᠨ | ᠰᠢᠯᠭᠠᠵᠤ ᠱᠠᠩᠨᠠᠵᠤ ᠲᠣᠷᠭᠠᠬᠤ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ | ᠳᠣᠭᠤᠭᠰᠢᠯᠠᠭᠤᠯᠤᠨ ᠬᠡᠷᠡᠭᠵᠢᠭᠦᠯᠲᠦᠭᠡᠶ᠃ | 2024 ᠣᠨ ᠤ 3 ᠰᠠᠷ᠎ᠠ ᠶᠢᠨ 1 ᠤ ᠡᠳᠦᠷ | ᠤᠳᠠ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠶᠡᠷᠦᠩᠬᠡᠶᠢᠯᠡᠭᠰᠡᠨ ᠬᠢᠨᠠᠨ | ᠰᠢᠯᠭᠠᠵᠤ ᠱᠠᠩᠨᠠᠬᠤ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠳᠦᠷᠢᠮ᠂ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ︽ᠪᠦᠭᠦᠳᠠ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾︽ᠠᠶᠤᠯᠭᠦᠶ | ᠦᠢᠯᠡᠳᠪᠦᠷᠢᠯᠡᠯ ᠤᠨ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠰᠠᠨᠠᠯ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ | ᠦᠢᠯᠡᠳᠪᠦᠷᠢᠯᠡᠯ ᠤᠨ ᠳᠦᠷᠢᠮ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ | ᠦᠢᠯᠡᠳᠪᠦᠷᠢᠯᠡᠯ ᠤᠨ ᠳᠦᠷᠢᠮ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠨᠠᠮ | ᠵᠠᠰᠠᠭ ᠤᠨ ᠤᠳᠤᠷᠢᠳᠬᠤ ᠺᠠᠲᠷ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠬᠦ ᠲᠣᠭᠲᠠᠭᠠᠯ ᠤᠨ ᠨᠠᠷᠢᠨ ᠳᠦᠷᠢᠮ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠢᠨᠠᠨ ᠰᠢᠯᠭᠠᠬᠤ ᠱᠠᠩᠨᠠᠵᠤ ᠲᠣᠷᠭᠠᠬᠤ ᠠᠷᠭ᠎ᠠ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ᠂ ᠲᠣᠭᠲᠠᠭᠠᠯ ᠶᠣᠰᠣᠭᠠᠷ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠳᠦᠷᠢᠮ ᠢ ᠬᠡᠷᠡᠭᠵᠢᠬᠦᠯᠪᠡ᠃ | ᠬᠤᠶᠠᠳᠤᠭᠠᠷ ᠵᠦᠢᠯ ᠲᠣᠰ ᠠᠷᠭ᠎ᠠ ᠨᠢ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ | ᠡᠯ᠎ᠡ ᠪᠦᠷᠢᠯᠳᠦᠬᠦᠨ ᠨᠢᠭᠡᠴᠡ ᠵᠢᠴᠢ ᠠᠵᠤ ᠠᠬᠤᠶᠢᠯᠠᠯ ᠳᠤ ᠠᠶᠤᠯ ᠦᠭᠡᠢ ᠦᠢᠯᠡᠳᠪᠦᠷᠢᠯᠡᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠬᠤ᠂ ᠠᠶᠤᠯ ᠦᠭᠡᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠢ ᠲᠤᠤᠱᠯᠠᠭᠤᠯᠬᠤ ᠳᠤ | ᠲᠣᠬᠢᠷᠠᠨ᠎ᠠ᠃ | ᠬᠤᠶᠠᠳᠤᠭᠠᠷ ᠪᠦᠯᠦᠭ ᠰᠢᠯᠭᠠᠨ ᠬᠢᠨᠠᠬᠤ ᠠᠷᠭ᠎ᠠ | ᠭᠤᠷᠪᠠᠳᠤᠭᠠᠷ ᠵᠦᠢᠯ ᠰᠢᠯᠭᠠᠨ ᠬᠢᠨᠠᠬᠤ ᠠᠵᠢᠯ ᠳᠤ ᠡᠳᠦᠷ ᠲᠤᠲᠤᠮ ᠤᠨ ᠰᠢᠯᠭᠠᠨ ᠬᠢᠨᠠᠬᠤ ᠪᠠ ᠵᠢᠯ ᠤᠨ | ᠡᠴᠦᠰ ᠤᠨ ᠰᠢᠯᠭᠠᠨ ᠬᠢᠨᠠᠬᠤ ᠶᠢ ᠤᠶᠠᠯᠳᠤᠭᠤᠯᠬᠤ ᠠᠷᠭ᠎ᠠ ᠶᠢ ᠬᠡᠷᠡᠭᠵᠢᠭᠦᠯᠵᠦ᠂ ᠰᠢᠯᠭᠠᠨ ᠬᠢᠨᠠᠬᠤ ᠶᠢ ᠤᠳᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠤᠳᠠ ᠲᠣᠭᠤᠷᠢᠭ ᠤᠨ ᠠᠶᠤᠯᠭᠦᠶ | ᠦᠢᠯᠡᠳᠪᠦᠷᠢᠯᠡᠯ ᠤᠨ ᠵᠥᠪᠯᠡᠯ ᠠᠴᠠ ᠬᠠᠷᠢᠭᠤᠴᠠᠨ ᠵᠣᠬᠢᠶᠠᠨ ᠪᠠᠶᠢᠭᠤᠯᠵᠤ᠂ ᠲᠤᠭᠤᠷᠢᠭ ᠤᠨ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠪᠣᠳᠠᠲᠠᠶ ᠬᠡᠷᠡᠭᠵᠢᠭᠦᠯᠵᠦ᠂ ᠳᠣᠤᠷᠠᠬᠢ ᠳᠡᠰ ᠳᠠᠷᠠᠭᠠᠯᠠᠯ ᠢᠶᠠᠷ | ᠬᠡᠷᠡᠭᠵᠢᠭᠦᠯᠦᠨ᠎ᠡ᠃ | ︵ᠨᠢᠭᠡ︶ ᠲᠤᠭᠤᠷᠢᠭ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠨᠢ ᠲᠤᠭᠤᠷᠢᠭ ᠤᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠮᠡᠳᠡᠭᠦᠯᠦᠨ ᠳᠠᠩᠰᠠᠯᠠᠭᠤᠯᠬᠤ ᠪᠠᠷ ᠭᠤᠶᠤᠴᠢᠯᠠᠵᠤ᠂ | ᠵᠥᠪᠰᠢᠶᠡᠷᠡᠭᠦᠯᠦᠭᠰᠡᠨ ᠤ ᠳᠠᠷᠠᠭ᠎ᠠ ᠲᠤᠬᠠᠶ ᠶᠢᠨ ᠲᠠᠯᠠᠪᠠᠶ ᠶᠢᠨ ᠰᠢᠯᠭᠠᠨ ᠬᠢᠨᠠᠬᠤ ᠠᠵᠢᠯ ᠢ ᠡᠬᠢᠯᠡᠭᠦᠯᠦᠨ᠎ᠡ︔ | ︵ᠬᠤᠶᠠᠷ︶ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠮᠡᠳᠡᠭᠳᠡᠯ | ᠳᠠᠷᠤᠮᠠᠯᠯᠠᠨ ᠲᠠᠷᠬᠠᠭᠠᠵᠤ᠂ ᠣᠨ ᠤ ᠬᠢᠨᠠᠨ ᠰᠢᠯᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ | ︵ᠭᠤᠷᠪᠠ︶ ᠰᠢᠯᠭᠠᠨ ᠬᠢᠨᠠᠭᠳᠠᠭᠰᠠᠨ ᠰᠠᠯᠠᠭ᠎ᠠ ᠮᠥᠴᠢᠷ ᠨᠢ ᠰᠢᠯᠭᠠᠨ ᠬᠢᠨᠠᠭᠰᠠᠨ ᠮᠡᠳᠡᠭᠳᠡᠯ ᠢ ᠣᠯᠣᠭᠰᠠᠨ ᠤ | ᠳᠠᠷᠠᠭ᠎ᠠ᠂ ᠰᠢᠯᠭᠠᠨ ᠬᠢᠨᠠᠭᠰᠠᠨ ᠨᠠᠷᠢᠨ ᠳᠦᠷᠢᠮ ᠲᠠᠢ ᠬᠠᠷᠢᠴᠠᠭᠤᠯᠤᠨ ᠰᠢᠯᠭᠠᠨ ᠬᠢᠨᠠᠭᠰᠠᠨ ᠮᠠᠲ᠋ᠧᠷᠢᠶᠠᠯ ᠢ | ᠪᠡᠯᠡᠳᠬᠡᠬᠦ ᠶᠢᠨ ᠬᠠᠮᠲᠤ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠵᠦ᠂ ᠥᠪᠡᠰᠦᠪᠡᠨ ᠪᠠᠶᠢᠴᠠᠭᠠᠭᠰᠠᠨ | ᠮᠡᠳᠡᠭᠦᠯᠦᠯᠲᠡ ᠭᠠᠷᠭᠠᠵᠤ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ | ᠮᠡᠳᠡᠭᠦᠯᠦᠨ᠎ᠡ︔ | ︵ᠲᠦᠷᠪᠡ︶ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠬᠢᠨᠠᠨ ᠰᠢᠯᠭᠠᠬᠤ | ᠳᠤᠭᠤᠶᠢᠯᠠᠩ ᠪᠠᠶᠢᠭᠤᠯᠵᠤ᠂ ᠬᠢᠨᠠᠨ ᠰᠢᠯᠭᠠᠭᠳᠠᠭᠰᠠᠨ ᠰᠠᠯᠠᠭ᠎ᠠ ᠮᠥᠴᠢᠷ ᠪᠣᠯᠤᠨ ᠨᠢᠭᠡᠴᠡ ᠶᠢᠨ ᠥᠪᠡᠷ ᠢ ᠪᠠᠨ | ᠦᠨᠡᠯᠡᠭᠰᠡᠨ ᠪᠠᠶᠢᠳᠠᠯ ᠢ ᠦᠨᠳᠦᠰᠦᠯᠡᠨ᠂ ᠬᠢᠨᠠᠨ ᠰᠢᠯᠭᠠᠭᠳᠠᠭᠰᠠᠨ ᠨᠢᠭᠡᠴᠡ ᠳᠤ ᠭᠦᠨᠵᠡᠭᠡᠶᠢᠷᠡᠵᠦ᠂ ᠬᠠᠷᠢᠭᠤ | ᠮᠡᠳᠡᠭᠦᠯᠦᠯᠲᠡ ᠶᠢ ᠰᠣᠨᠣᠰᠬᠤ᠂ ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠢᠯᠡ ᠪᠠᠷ | ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠬᠤ ᠵᠡᠷᠭᠡ ᠠᠷᠭ᠎ᠠ | ᠮᠠᠶ᠋ᠢᠭ ᠢᠶᠠᠷ ᠲᠤᠬᠠᠶ ᠶᠢᠨ ᠲᠠᠯᠠᠪᠤᠷ ᠲᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠪᠣᠳᠠᠲᠠᠶ ᠲᠠᠢ ᠪᠠᠨ | ᠤᠶᠠᠯᠳᠤᠭᠤᠯᠤᠨ ᠲᠠᠰᠢᠷᠠᠮ ᠢᠶᠠᠷ ᠬᠡᠰᠡᠭ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠰᠣᠩᠭᠤᠨ ᠠᠪᠤᠨ᠎ᠠ︔ | ︵ᠲᠠᠪᠤ︶ ᠰᠢᠯᠭᠠᠨ ᠬᠢᠨᠠᠬᠤ ᠠᠵᠢᠯ ᠳᠠᠭᠤᠰᠬᠤ ᠠᠴᠠ ᠡᠮᠦᠨ᠎ᠡ᠂ ᠰᠢᠯᠭᠠᠨ ᠬᠢᠨᠠᠬᠤ ᠳᠤᠭᠤᠶᠢᠯᠠᠩ ᠨᠢ ᠰᠢᠯᠭᠠᠨ | ᠬᠢᠨᠠᠭᠳᠠᠭᠰᠠᠨ ᠨᠢᠭᠡᠴᠢ ᠳᠤ ᠠᠩᠬ᠎ᠠ ᠠᠯᠬᠤᠮ ᠤᠨ ᠰᠢᠯᠭᠠᠨ ᠬᠢᠨᠠᠭᠳᠠᠭᠰᠠᠨ ᠪᠠᠶᠢᠳᠠᠯ ᠢᠶᠠᠨ ᠬᠠᠷᠢᠭᠤ ᠲᠤᠰᠬᠠᠵᠤ᠂ | ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠬᠠᠮᠢᠶ᠎ᠠ ᠪᠦᠬᠦᠢ ᠰᠠᠨᠠᠭᠤᠯᠭ᠎ᠠ ᠳᠤᠷᠠᠳᠤᠨ᠎ᠠ︔ | ︵ᠵᠢᠷᠭᠤᠭ᠎ᠠ︶ ᠬᠢᠨᠠᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠲᠤᠭᠤᠷᠢᠭ ᠤᠨ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠢᠯᠡᠷᠡᠭᠦᠯᠦᠭᠰᠡᠨ ᠠᠰᠠᠭᠤᠳᠠᠯ ᠢ ᠪᠥᠬᠦ ᠲᠤᠭᠤᠷᠢᠭ ᠲᠤ ᠵᠠᠷᠯᠠᠨ | ᠮᠡᠳᠡᠭᠳᠡᠵᠦ᠂ ᠬᠢᠨᠠᠨ ᠰᠢᠯᠭᠠᠭᠳᠠᠭᠰᠠᠨ ᠨᠢᠭᠡᠴᠡ ᠨᠢᠭᠡ ᠠᠴᠠ ᠨᠥᠭᠦᠭᠡ ᠶᠢ ᠵᠦᠢᠴᠢᠯᠡᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠵᠠᠷᠯᠠᠨ ᠮᠡᠳᠡᠭᠳᠡᠵᠦ ᠨᠢᠭᠡ ᠰᠠᠷ᠎ᠠ ᠶᠢᠨ ᠳᠣᠲᠣᠷ᠎ᠠ ᠳᠠᠷᠤᠮᠠᠯᠯᠠᠨ ᠲᠠᠷᠬᠠᠭᠠᠬᠤ ᠶᠢᠨ ᠬᠠᠮᠲᠤ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭᠤᠷᠢᠭ ᠤᠨ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠤ ᠪᠢᠴᠢᠭ ᠢᠶᠠᠷ ᠲᠤᠰᠢᠶᠠᠨ᠎ᠠ᠃ | ᠳᠥᠷᠪᠡᠳᠦᠭᠡᠷ ᠵᠦᠢᠯ ᠰᠢᠯᠭᠠᠨ ᠬᠢᠨᠠᠬᠤ ᠳᠤ ᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠠᠵᠢᠯ ᠤᠨ ᠡᠭᠦᠷᠭᠡ ᠶᠢ ᠭᠤᠤᠯᠳᠠᠯᠭ᠎ᠠ ᠪᠣᠯᠭᠠᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠬᠦ ᠪᠠ ᠰᠠᠯᠠᠭ᠎ᠠ | ᠮᠥᠴᠢᠷ ᠤᠨ ᠳᠠᠬᠢᠨ ᠦᠨᠡᠯᠡᠬᠦ ᠶᠢ ᠤᠶᠠᠯᠳᠤᠭᠤᠯᠬᠤ᠂ ᠡᠳᠦᠷ ᠲᠤᠲᠤᠮ ᠤᠨ ᠰᠢᠯᠭᠠᠨ ᠬᠢᠨᠠᠬᠤ ᠪᠠ ᠲᠤᠬᠠᠶ ᠶᠢᠨ | ᠲᠠᠯᠠᠪᠠᠶ ᠶᠢᠨ ᠰᠢᠯᠭᠠᠨ ᠬᠢᠨᠠᠬᠤ ᠶᠢ ᠤᠶᠠᠯᠳᠤᠭᠤᠯᠬᠤ᠂ ᠮᠠᠲ᠋ᠧᠷᠢᠶᠠᠯ ᠪᠠᠶᠢᠴᠠᠭᠠᠨ ᠦᠵᠡᠬᠦ ᠪᠠ ᠠᠵᠤ ᠠᠬᠤᠶᠢᠯᠠᠯ ᠢ | ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ᠂ ᠬᠤᠪᠢ ᠬᠠᠰᠤᠬᠤ ᠭᠦᠢᠴᠡᠳᠬᠡᠯ ᠲᠤᠭ᠎ᠠ ᠪᠠ ᠬᠤᠪᠢ ᠨᠡᠮᠡᠬᠦ | ᠭᠦᠢᠴᠡᠳᠬᠡᠯ ᠲᠤᠭ᠎ᠠ ᠶᠢ ᠬᠠᠷᠢᠯᠴᠠᠨ ᠤᠶᠠᠯᠳᠤᠭᠤᠯᠬᠤ᠂ ᠪᠥᠬᠦ ᠲᠠᠯ᠎ᠠ ᠪᠠᠷ ᠬᠠᠮᠤᠷᠬᠤ ᠪᠠ ᠲᠥᠷᠥᠯ ᠬᠤᠪᠢᠶᠠᠨ | ᠰᠢᠯᠭᠠᠨ ᠬᠢᠨᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠪᠤᠰᠤᠳᠴᠢ ᠪᠥᠭᠡᠳ ᠲᠥᠪ ᠭᠤᠤᠯᠴᠢ᠂ | ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ᠂ ᠢᠯᠡ ᠲᠣᠳᠣ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ | ᠵᠠᠷᠴᠢᠮ ᠢ ᠪᠠᠷᠢᠮᠲᠠᠯᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠷᠠᠭᠤᠯᠤᠨ᠎ᠠ᠃ | ᠲᠠᠪᠤᠳᠤᠭᠠᠷ ᠵᠦᠢᠯ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠎ᠡ᠃ ᠶᠡᠷᠦᠩᠬᠡᠢ ᠱᠦᠵᠢ | ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠶᠤᠯᠭᠦᠢ | ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠰᠤᠳᠤᠯᠤᠨ ᠵᠠᠳᠠᠯᠵᠤ᠂ ᠠᠶᠤᠯᠭᠦᠢ ᠦᠢᠯᠡᠳᠪᠦᠷᠢᠯᠡᠯ ᠤᠨ ᠳᠤᠮᠳᠠᠬᠢ ᠴᠢᠬᠤᠯᠠ ᠶᠡᠭᠡ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠬᠦ ᠬᠡᠷᠡᠭᠲᠡᠢ᠃ ᠠᠶᠤᠯ ᠦᠭᠡᠶ ᠦᠢᠯᠡᠳᠪᠦᠷᠢᠯᠡᠯ ᠤᠨ | ᠠᠵᠢᠯ ᠢ ᠲᠣᠭᠲᠠᠮᠠᠯ ᠬᠤᠭᠤᠴᠠᠭ᠎ᠠ ᠲᠠᠢ ᠬᠢᠨ᠎ᠡ᠃ | ᠪᠦᠭᠦᠳᠡ ᠬᠤᠷᠠᠯ ᠠᠴᠠ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ ᠵᠣᠷᠢᠭ ᠰᠠᠨᠠᠭ᠎ᠠ ᠪᠣᠯᠤᠨ | ᠱᠠᠭᠠᠷᠳᠠᠯᠭ᠎ᠠ ᠶᠢ ᠤᠯᠠᠮᠵᠢᠯᠠᠨ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠰᠠᠭᠤᠳᠠᠯ ᠢ | ᠰᠤᠳᠤᠯᠤᠨ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ | ᠵᠢᠷᠭᠤᠳᠤᠭᠠᠷ ᠵᠦᠢᠯ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ᠃ | ᠤᠳᠤᠷᠢᠳᠬᠤ ᠺᠠᠳ᠋ᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ᠂ ᠠᠶᠤᠯᠭᠦᠢ ᠦᠢᠯᠡᠳᠪᠦᠷᠢᠯᠡᠯ ᠤᠨ | ᠲᠤᠰᠬᠠᠢ ᠪᠠ ᠲᠤᠰᠢᠶᠠᠯ ᠬᠠᠪᠰᠤᠷᠭᠠᠭᠰᠠᠨ ᠠᠵᠢᠯᠳᠠᠨ ᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠢᠯ ᠤᠨ ᠡᠬᠢᠨ ᠳᠤ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠶᠢᠨ ᠬᠠᠮᠲᠤ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠬᠢᠨᠠᠨ ᠰᠢᠯᠭᠠᠯᠲᠠ ᠬᠢᠬᠦ ᠬᠡᠷᠡᠭᠲᠡᠢ᠃ | ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ | ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ | ᠨᠡᠬᠡᠮᠵᠢᠯᠡᠬᠦ︾ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ | ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠶᠢ ᠪᠠᠷᠢᠮᠲᠠᠯᠠᠵᠤ᠂ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠯᠢᠬᠵᠢᠭᠤᠯᠤᠨ | ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠳᠣᠯᠣᠳᠤᠭᠠᠷ ᠵᠦᠢᠯ | ᠬᠠᠤᠯᠢ ᠶᠣᠰᠣᠭᠠᠷ ᠵᠠᠰᠠᠬᠤ ᠶᠢ ᠠᠬᠢᠭᠤᠯᠤᠨ᠎ᠠ᠃ ᠬᠠᠤᠯᠢ ᠶᠢ ᠵᠠᠪᠠᠯ ᠵᠢᠷᠤᠮᠯᠠᠬᠤ᠂ ᠬᠠᠤᠯᠢ ᠶᠢ ᠵᠠᠪᠠᠯ ᠴᠢᠩᠭ᠎ᠠ | ᠬᠡᠷᠡᠭᠵᠢᠭᠦᠯᠬᠦ᠂ ᠬᠠᠤᠯᠢ ᠶᠢ ᠵᠦᠷᠢᠴᠡᠪᠡᠯ ᠵᠠᠪᠠᠯ ᠨᠡᠬᠡᠮᠵᠢᠯᠡᠬᠦ ᠶᠢ ᠪᠠᠷᠢᠮᠲᠠᠯᠠᠨ᠎ᠠ᠃ | ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ᠂ ᠠᠶᠤᠯᠭᠦᠢ | ᠦᠢᠯᠡᠳᠪᠦᠷᠢᠯᠡᠯ ᠤᠨ ᠲᠦᠷᠢᠮ ᠲᠣᠭᠲᠠᠭᠠᠯ ᠪᠣᠯᠤᠨ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠪᠤᠰᠤ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠶ ᠦᠢᠯᠡᠳᠪᠦᠷᠢᠯᠡᠯ ᠤᠨ ᠪᠠᠶᠢᠳᠠᠯ ᠳᠤ ᠴᠢᠩᠭ᠎ᠠ | ᠪᠠᠶᠢᠴᠠᠭᠠᠯᠲᠠ ᠬᠢᠬᠦ ᠶᠢᠨ ᠬᠠᠮᠲᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠡᠬᠡ ᠳᠠᠩᠰᠠ ᠪᠠᠶᠢᠭᠤᠯᠵᠤ᠂ | ᠳᠠᠯᠳᠠ ᠭᠡᠮ ᠢ ᠴᠡᠭᠴᠡᠯᠡᠨ ᠰᠠᠶᠢᠵᠢᠷᠠᠭᠤᠯᠵᠤ ᠪᠤᠶ ᠪᠣᠯᠭᠠᠭᠰᠠᠨ ᠪᠠᠶᠢᠳᠠᠯ ᠢ ᠦᠨᠡᠨᠬᠦ ᠪᠠᠲᠤᠯᠠᠬᠤ ᠬᠡᠷᠡᠭᠲᠡᠶ᠃ ᠠᠶᠤᠯ | ᠦᠭᠡᠶ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠨ ᠲᠣᠷᠭᠠᠵᠤ᠂ | ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠬᠠᠤᠯᠢ ᠪᠤᠰᠤ ᠪᠠᠷ ᠬᠠᠤᠯᠢ ᠠᠴᠠ ᠵᠥᠷᠢᠴᠡᠨ ᠦᠢᠯᠡᠳᠪᠦᠷᠢᠯᠡᠵᠦ | ᠡᠵᠡᠩᠨᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ | ᠨᠠᠢᠮᠠᠳᠤᠭᠠᠷ ᠵᠦᠢᠯ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠥᠷᠨᠢᠭᠦᠯᠦᠭᠰᠡᠨ ᠪᠠᠶᠢᠳᠠᠯ᠃ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠳᠤ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠶᠢ ᠭᠦᠨᠵᠡᠭᠡᠢ ᠤᠬᠠᠭᠤᠯᠵᠤ᠂ ᠠᠶᠤᠯ | ᠦᠭᠡᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯ ᠦᠭᠡᠢ | ᠦᠢᠯᠡᠳᠪᠦᠷᠢᠯᠡᠯ ᠤᠨ ᠬᠤᠯᠪᠣᠭᠳᠠᠯ ᠪᠦᠬᠦᠢ ᠮᠡᠳᠡᠯᠭᠡ ᠶᠢ ᠲᠦᠭᠡᠮᠡᠯᠵᠢᠭᠦᠯᠦᠨ᠂ ᠠᠵᠢᠯᠲᠠᠳ ᠤᠨ ᠠᠶᠤᠯ ᠦᠭᠡᠢ | ᠦᠢᠯᠡᠳᠪᠦᠷᠢᠯᠡᠯ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ | ᠶᠢᠰᠦᠳᠦᠭᠡᠷ ᠵᠦᠢᠯ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠶᠤᠯ ᠦᠭᠡᠶ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠣᠯᠤᠨ ᠪᠠᠴᠢᠮ ᠪᠠᠶᠢᠳᠠᠯ ᠢ ᠠᠷᠭᠠᠴᠠᠨ ᠠᠪᠤᠷᠠᠨ | ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠬᠢᠨᠠᠯᠲᠠ | ᠬᠠᠮᠢᠶᠠᠷᠤᠯᠲᠠ ᠶᠢᠨ ᠬᠦᠴᠦᠨ ᠢ ᠴᠢᠩᠭᠠᠷᠠᠭᠤᠯᠤᠨ᠂ ᠬᠢᠨᠠᠯᠲᠠ ᠬᠠᠮᠢᠶᠠᠷᠤᠯᠲᠠ ᠶᠢᠨ ᠵᠠᠷᠤᠳᠠᠯ᠂ ᠲᠣᠨᠤᠭ ᠲᠥᠬᠦᠭᠡᠷᠦᠮᠵᠢ | ᠪᠣᠯᠤᠨ ᠠᠵᠢᠯᠲᠠᠨ ᠤ ᠣᠷᠣᠨ ᠲᠤᠭ᠎ᠠ ᠶᠢ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ | ᠰᠢᠨ᠎ᠡ ᠶᠢ ᠡᠭᠦᠳᠴᠦ᠂ ᠠᠶᠤᠯ ᠦᠭᠡᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠪᠣᠯᠤᠨ | ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠮᠡᠳᠡᠭᠡᠯᠡᠬᠦ᠂ | ᠰᠡᠷᠡᠮᠵᠢᠯᠡᠭᠦᠯᠬᠦ᠂ ᠪᠣᠯᠵᠣᠨ ᠶᠠᠷᠢᠯᠴᠠᠬᠤ᠂ ᠰᠢᠯᠭᠠᠨ ᠬᠢᠨᠠᠬᠤ᠂ ᠲᠣᠭᠤᠷᠢᠨ ᠪᠠᠶᠢᠴᠠᠭᠠᠬᠤ᠂ ᠰᠢᠮᠳᠠᠭᠤᠯᠤᠨ ᠭᠦᠢᠴᠡᠳᠭᠡᠬᠦ᠂ | ᠢᠯᠡᠴᠢᠯᠡᠨ ᠮᠡᠳᠡᠭᠦᠯᠦᠭᠰᠡᠨ ᠢ ᠱᠠᠩᠨᠠᠬᠤ ᠵᠡᠷᠭᠡ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠠᠶᠤᠯ ᠦᠭᠡᠶ | ᠦᠢᠯᠡᠳᠪᠦᠷᠢᠯᠡᠯ ᠢ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ | ᠬᠡᠷᠡᠭᠲᠡᠶ᠃ | ᠠᠷᠪᠠᠳᠤᠭᠠᠷ ᠵᠦᠢᠯ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠬᠤ ᠬᠡᠷᠡᠭᠲᠡᠢ᠃ ᠡᠬᠢ | ᠡᠭᠦᠰᠦᠯ ᠠᠴᠠ ᠨᠢ ᠵᠠᠰᠠᠬᠤ᠂ ᠶᠡᠷᠦᠩᠬᠡᠶᠢᠯᠡᠨ ᠵᠠᠰᠠᠬᠤ᠂ ᠨᠠᠷᠢᠯᠢᠭ ᠣᠨᠣᠴᠠᠲᠠᠶ ᠪᠠᠷ ᠵᠠᠰᠠᠬᠤ ᠶᠢ ᠴᠢᠩᠭᠠᠷᠠᠭᠤᠯᠵᠤ᠂ ᠠᠮᠤᠷ | ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ | ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠴᠠ ᠶᠢ ᠪᠠᠶᠢᠭᠤᠯᠬᠤ ᠪᠠ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠪᠠ ᠮᠡᠳᠡᠭᠡ | ᠵᠠᠩᠭᠢᠵᠢᠯᠲᠠ᠂ ᠤᠶᠤᠨᠴᠢᠯᠠᠭᠰᠠᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ ᠮᠥᠨ ᠴᠢᠨᠠᠷ ᠤᠨ ᠠᠮᠤᠷ ᠲᠦᠪᠰᠢᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠢ | ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠵᠦ ᠬᠦᠨᠳᠦ ᠶᠡᠭᠡ ᠠᠮᠤᠷ ᠲᠦᠪᠰᠢᠨ ᠤ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠪᠠ ᠠᠷᠭᠠᠴᠠᠨ᠎ᠠ᠃ ᠲᠤᠰ ᠨᠢᠭᠡᠴᠡ ᠶᠢᠨ ᠢᠶᠠᠨ ᠪᠠᠴᠢᠮ | ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠴᠠᠭ ᠲᠤᠬᠠᠶ ᠳᠤᠨᠢ ᠨᠠᠶᠢᠷᠠᠭᠤᠯᠤᠨ | ᠵᠣᠬᠢᠶᠠᠵᠤ᠂ ᠵᠠᠰᠠᠪᠤᠷᠢ ᠣᠷᠣᠭᠤᠯᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ | ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠡᠯᠡᠳᠬᠡᠯ ᠲᠥᠰᠦᠯ ᠤᠨ ᠴᠢᠭᠯᠡᠭᠦᠯᠦᠯᠲᠦ ᠴᠢᠨᠠᠷ ᠪᠠ | ᠪᠦᠲᠦᠮᠵᠢᠲᠦ ᠴᠢᠨᠠᠷ ᠢᠶᠠᠷ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠠᠵᠢᠯᠲᠠᠳ ᠤᠨ ᠪᠠᠴᠢᠮ | ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠠᠮᠤᠷ | ᠲᠦᠪᠰᠢᠨ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ ᠵᠠᠳᠠᠯᠤᠨ᠎ᠠ᠃ | ᠦᠢᠯᠡᠳᠪᠦᠷᠢᠯᠡᠯ ᠤᠨ ᠪᠠᠶᠢᠳᠠᠯ ᠳᠤ᠂ ᠭᠤᠣᠯ ᠪᠣᠯᠬᠤ ᠠᠶᠤᠯ ᠬᠥᠨᠥᠭᠡᠯ ᠲᠠᠢ ᠬᠥᠨᠥᠭᠡᠯ ᠲᠠᠢ ᠬᠦᠴᠦᠨ ᠵᠦᠢᠯ ᠢ | ᠢᠯᠭᠠᠨ ᠲᠠᠨᠢᠵᠤ᠂ ᠦᠨᠡᠯᠡᠨ ᠵᠢᠱᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠵᠤ᠂ ᠲᠦᠭᠰᠢᠭᠦᠷᠢ ᠶᠢ ᠰᠤᠳᠤᠯᠤᠨ ᠮᠠᠭᠠᠳᠯᠠᠭᠰᠠᠨ ᠮᠡᠳᠡᠭᠦᠯᠦᠯᠲᠡ ᠪᠠ ᠠᠮᠤᠷ | ᠲᠦᠪᠰᠢᠨ ᠤ ᠲᠦᠭᠰᠢᠭᠦᠷᠢ ᠶᠢᠨ ᠨᠠᠷᠢᠨ ᠬᠠᠭᠤᠳᠠᠰᠤ ᠶᠢ ᠪᠦᠷᠢᠯᠳᠦᠭᠦᠯᠦᠨ᠎ᠡ᠃ ᠬᠦᠨᠳᠦ ᠶᠡᠭᠡ ᠠᠮᠤᠷ ᠲᠦᠪᠰᠢᠨ ᠤ | ᠲᠦᠭᠰᠢᠭᠦᠷᠢ ᠶᠢᠨ ᠬᠤᠪᠢᠷᠠᠯᠲᠠ ᠲᠣᠬᠢᠶᠠᠯᠳᠤᠪᠠᠯ᠂ ᠴᠠᠭ ᠲᠤᠬᠠᠶ ᠳᠤᠨᠢ ᠲᠦᠭᠰᠢᠭᠦᠷᠢ ᠶᠢ ᠦᠨᠡᠯᠡᠨ ᠵᠢᠱᠢᠬᠦ ᠶᠢᠨ | ᠬᠠᠮᠲᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠭᠤᠯᠤᠯᠲᠠ ᠪᠠᠨ | ᠨᠡᠮᠡᠭᠳᠡᠭᠦᠯᠦᠨ᠂ ᠠᠶᠤᠯ ᠦᠭᠡᠶ ᠦᠢᠯᠡᠳᠪᠦᠷᠢᠯᠡᠯ ᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ | ᠬᠡᠷᠡᠭᠯᠡᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠶᠤᠯ ᠦᠭᠡᠶ ᠦᠢᠯᠡᠳᠪᠦᠷᠢᠯᠡᠯ ᠤᠨ ᠬᠢᠨᠠᠨ | ᠬᠡᠮᠵᠢᠵᠦ ᠰᠡᠷᠡᠮᠵᠢᠯᠡᠭᠦᠯᠬᠦ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ | ᠪᠣᠯᠤᠨ ᠮᠡᠳᠡᠭᠡ ᠵᠠᠩᠭᠢᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠠᠮᠤᠷ ᠲᠦᠪᠰᠢᠨ ᠤ | ᠤᠬᠠᠭᠤᠯᠭ᠎ᠠ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ | ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠪᠦᠬᠦ ᠠᠷᠠᠳ ᠤᠨ ᠠᠮᠤᠷ ᠲᠦᠪᠰᠢᠨ ᠤ ᠤᠬᠠᠮᠰᠠᠷ ᠪᠣᠯᠤᠨ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠠᠶᠤᠯ ᠦᠭᠡᠶ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠶᠤᠯ ᠶᠡᠬᠡᠲᠡᠶ ᠠᠵᠢᠯ ᠲᠥᠷᠥᠯ ᠤᠨ ᠬᠦᠷᠢᠶᠡᠨ ᠳᠤ | ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠪᠦᠬᠦ ᠲᠠᠯ᠎ᠠ ᠪᠠᠷ ᠬᠡᠷᠡᠭᠵᠢᠭᠦᠯᠬᠦ ᠶᠢ | ᠲᠦᠯᠬᠢᠨ ᠠᠬᠢᠭᠤᠯᠵᠤ᠂ ᠠᠶᠤᠯ ᠦᠭᠡᠶ ᠶᠢᠨ ᠦᠨᠡᠯᠡᠯᠲᠡ ᠵᠡᠷᠭᠡ ᠲᠤᠰᠬᠠᠶ ᠦᠢᠯᠡᠴᠢᠯᠡᠭᠡᠨ ᠤ ᠪᠠᠶᠢᠭᠤᠯᠤᠮᠵᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠ ᠵᠢᠷᠤᠮᠵᠢᠭᠤᠯᠬᠤ ᠬᠡᠷᠡᠭᠲᠡᠶ᠃ ᠠᠶᠤᠯ ᠦᠭᠡᠶ ᠦᠢᠯᠡᠳᠪᠦᠷᠢᠯᠡᠯ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠶᠤᠯ ᠦᠭᠡᠶ | ᠦᠢᠯᠡᠳᠪᠦᠷᠢᠯᠡᠯ ᠤᠨ ᠬᠦᠷᠢᠶᠡᠨ ᠤ ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠦᠢᠯ ᠡᠳᠦᠷ ᠲᠤᠲᠤᠮ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ᠃ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠪᠣᠯᠤᠨ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠭᠡᠷ ᠤᠨ ᠪᠠᠭᠤᠯᠭᠠᠭᠰᠠᠨ ᠠᠶᠤᠯᠭᠦᠢ ᠦᠢᠯᠡᠳᠪᠦᠷᠢᠯᠡᠯ ᠤᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃ | ᠠᠷᠪᠠᠨ ᠭᠤᠷᠪᠠᠳᠤᠭᠠᠷ ᠵᠦᠢᠯ ᠠᠳᠠᠯ ᠢ ᠰᠡᠷᠭᠡᠶᠢᠯᠡᠨ ᠬᠤᠷᠢᠭᠯᠠᠨ᠎ᠠ᠃ ᠭᠤᠤᠯᠳᠠᠯᠭ᠎ᠠ ᠲᠠᠢ ᠠᠵᠢᠯ ᠲᠥᠷᠥᠯ ᠤᠨ | ᠬᠦᠷᠢᠶᠡᠨ ᠤ ᠠᠳᠡᠯ ᠢ ᠰᠡᠷᠭᠡᠶᠢᠯᠡᠬᠦ ᠶᠢ ᠴᠢᠩᠭᠠᠳᠬᠠᠨ᠂ ᠡᠩ ᠤᠨ ᠠᠳᠡᠯ ᠢ ᠪᠠᠭᠠᠰᠬᠠᠵᠤ᠂ ᠨᠡᠯᠢᠶᠡᠳ ᠶᠡᠭᠡ ᠠᠳᠡᠯ ᠢ | ᠪᠦᠲᠦᠮᠵᠢᠲᠡᠶ ᠪᠠᠷ ᠬᠢᠵᠠᠭᠠᠷᠯᠠᠵᠤ᠂ ᠬᠦᠨᠳᠦ ᠣᠨᠴᠠ ᠶᠡᠭᠡ ᠠᠳᠡᠯ ᠢ ᠡᠷᠡᠰ ᠬᠤᠷᠢᠭᠯᠠᠨ ᠵᠣᠭᠰᠣᠭᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠪᠦᠬᠦ ᠵᠢᠯ ᠤᠨ ᠠᠵᠢᠯ ᠤᠨ ᠰᠢᠯᠭᠠᠨ ᠬᠢᠨᠠᠵᠤ ᠬᠤᠪᠢ ᠲᠣᠭᠲᠠᠭᠠᠬᠤ | ᠪᠠᠷᠢᠮᠵᠢᠶ᠎ᠠ ᠶᠢ ᠵᠠᠭᠤᠨ ᠤ ᠬᠠᠷᠢᠴᠠᠯ ᠢᠶᠠᠷ ᠬᠤᠪᠢ ᠲᠣᠭᠲᠠᠭᠠᠵᠤ᠂ ᠡᠳᠦᠷ ᠲᠤᠲᠤᠮ ᠤᠨ ᠰᠢᠯᠭᠠᠨ ᠬᠢᠨᠠᠬᠤ ᠨᠢ ᠪᠦᠬᠦ | ᠵᠢᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠰᠢᠯᠭᠠᠨ ᠬᠢᠨᠠᠬᠤ 50% ᠶᠢ ᠡᠵᠡᠯᠡᠬᠦ ︵ᠰᠢᠮᠳᠠᠭᠤᠯᠤᠨ | ᠪᠠᠶᠢᠴᠠᠭᠠᠵᠤ ᠰᠢᠯᠭᠠᠨ ᠬᠢᠨᠠᠬᠤ ᠶᠢ ᠪᠠᠭᠲᠠᠭᠠᠨ᠎ᠠ︶᠂ ᠵᠢᠯ ᠤᠨ ᠡᠴᠦᠰ ᠤᠨ ᠰᠢᠯᠭᠠᠨ ᠬᠢᠨᠠᠬᠤ ᠨᠢ 50% ᠶᠢ ᠡᠵᠡᠯᠡᠨ᠎ᠡ᠃ | | ᠠᠷᠪᠠᠨ ᠲᠠᠪᠤᠳᠤᠭᠠᠷ ᠵᠦᠢᠯ ᠰᠢᠯᠭᠠᠨ ᠬᠢᠨᠠᠬᠤ ᠳᠤ ᠬᠤᠪᠢ ᠨᠡᠮᠡᠬᠦ ᠲᠥᠷᠥᠯ ᠵᠦᠢᠯ ᠢ ᠲᠣᠬᠢᠷᠠᠭᠤᠯᠵᠤ᠂ | ᠬᠠᠮᠤᠭ ᠤᠨ ᠥᠨᠳᠥᠷ ᠲᠡᠭᠡᠨ 5 ᠬᠤᠪᠢ᠂ ᠶᠡᠷᠦᠩᠬᠡᠶ ᠬᠤᠪᠢ ᠳᠤ ᠪᠣᠳᠣᠨ ᠣᠷᠣᠭᠤᠯᠤᠨ᠎ᠠ᠃ ᠳᠣᠣᠷᠠᠬᠢ ᠪᠠᠶᠢᠳᠠᠯ ᠤᠨ | ᠨᠢᠭᠡ ᠨᠢ ᠪᠠᠶᠢᠪᠠᠯ᠂ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠮᠠᠭᠠᠳᠯᠠᠨ ᠲᠣᠭᠲᠠᠭᠠᠵᠤ᠂ | ᠬᠤᠪᠢ ᠨᠡᠮᠡᠨ᠎ᠡ᠄ | ︵ᠨᠢᠭᠡ︶ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠳᠡᠭᠡᠳᠦ | ᠱᠠᠲᠤᠨ ᠠᠴᠠ ᠲᠤᠷᠰᠢᠯᠭ᠎ᠠ ᠪᠠᠷ ᠳᠡᠯᠭᠡᠷᠡᠭᠦᠯᠦᠭᠰᠡᠨ ᠪᠠᠶᠢᠪᠠᠯ᠂ ᠵᠦᠢᠯ ᠪᠦᠷᠢ ᠳᠤ 0.5 ᠬᠤᠪᠢ ᠨᠡᠮᠡᠭᠳᠡᠵᠦ᠂ ᠬᠠᠮᠤᠭ | ᠦᠨᠳᠦᠷ ᠨᠢ 2 ᠮᠢᠨᠦᠲ᠃ | ︵ᠬᠤᠶᠠᠷ︶ ᠠᠶᠤᠯᠭᠦᠢ ᠦᠢᠯᠡᠳᠪᠦᠷᠢᠯᠡᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ᠂ ᠬᠦᠨᠳᠦ ᠶᠡᠭᠡ | ᠠᠳᠡᠯ ᠤᠨ ᠳᠠᠯᠳᠠ ᠭᠡᠮ ᠢ ᠵᠠᠰᠠᠬᠤ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ | ᠢᠯᠡᠳᠲᠡ ᠠᠮᠵᠢᠯᠲᠠ ᠣᠯᠤᠭᠰᠠᠨ ᠪᠥᠭᠡᠳ ᠳᠡᠭᠡᠳᠦ ᠱᠠᠲᠤᠨ ᠤ ᠬᠥᠬᠢᠭᠦᠯᠦᠯ ᠱᠠᠩᠨᠠᠯ ᠣᠯᠤᠭᠰᠠᠨ ᠪᠠᠶᠢᠪᠠᠯ᠂ | ᠠᠳᠡᠯ ᠤᠨ ᠠᠶᠤᠯ ᠠᠴᠠ ᠠᠪᠤᠷᠠᠨ ᠲᠤᠰᠠᠯᠠᠬᠤ ᠳᠤᠮᠳᠠ ᠲᠤᠪᠤᠶᠢᠮ᠎ᠠ ᠠᠮᠵᠢᠯᠲᠠ ᠣᠯᠤᠭᠰᠠᠨ ᠪᠠᠶᠢᠪᠠᠯ᠂ ᠵᠦᠢᠯ | ᠪᠦᠷᠢ ᠳᠤ 0.5 ᠬᠤᠪᠢ ᠨᠡᠮᠡᠵᠦ᠂ ᠬᠠᠮᠤᠭ ᠤᠨ ᠥᠨᠳᠥᠷ ᠲᠡᠭᠡᠨ 3 ᠬᠤᠪᠢ ᠨᠡᠮᠡᠵᠦ ᠥᠭᠭᠦᠨ᠎ᠡ᠃ | ᠠᠷᠪᠠᠨ ᠵᠢᠷᠭᠤᠳᠤᠭᠠᠷ ᠵᠦᠢᠯ ᠰᠢᠯᠭᠠᠨ ᠬᠢᠨᠠᠭᠰᠠᠨ ᠦᠷ᠎ᠡ ᠳ᠋ᠦᠩ ᠢ ᠣᠯᠤᠭᠰᠠᠨ ᠬᠤᠪᠢ ᠪᠠᠨ 4 ᠳᠡᠰ | ᠬᠤᠪᠢᠶᠠᠨ᠎ᠠ᠄ ᠣᠯᠤᠭᠰᠠᠨ ᠬᠤᠪᠢ ᠨᠢ 90 ᠬᠤᠪᠢ ᠵᠢᠴᠢ ᠲᠡᠭᠦᠨ ᠠᠴᠠ ᠳᠡᠭᠡᠭᠰᠢ ᠨᠢ ᠰᠢᠯᠢᠳᠡᠭ ︵ᠰᠠᠯᠠᠭ᠎ᠠ | ᠮᠥᠴᠢᠷ ᠤᠨ ᠰᠢᠯᠢᠳᠡᠭ ᠪᠣᠯᠬᠤ ᠬᠠᠷᠢᠴᠠᠯ ᠨᠢ 50% ᠠᠴᠠ ᠬᠡᠲᠦᠷᠡᠵᠦ ᠪᠣᠯᠬᠤ ᠦᠭᠡᠶ᠂ ᠣᠯᠤᠭᠰᠠᠨ ᠬᠤᠪᠢ ᠨᠢ | ᠥᠨᠳᠥᠷ ᠪᠠᠶᠢᠭᠰᠠᠨ ᠠᠴᠠ ᠨᠢ ᠳᠣᠤᠷ᠎ᠠ ᠳᠡᠰ ᠳᠠᠷᠠᠭᠠᠯᠠᠯ ᠳᠤᠨᠢ ᠵᠢᠭᠰᠠᠭᠠᠬᠤ︶︔ ᠣᠯᠤᠭᠰᠠᠨ ᠬᠤᠪᠢ ᠨᠢ 80 ᠬᠤᠪᠢ | ︵ᠪᠠᠭᠲᠠᠨ᠎ᠠ︶ ᠵᠢᠴᠢ ᠲᠡᠭᠦᠨ ᠠᠴᠠ ᠳᠡᠭᠡᠭᠰᠢ 90 ᠬᠤᠪᠢ ᠠᠴᠠ ᠳᠤᠷᠤᠭᠰᠢ ᠪᠠᠶᠢᠪᠠᠯ ᠰᠠᠶᠢᠨ᠂ ᠣᠯᠤᠭᠰᠠᠨ ᠬᠤᠪᠢ | 60 ᠬᠤᠪᠢ ︵ᠪᠠᠭᠲᠠᠨ᠎ᠠ︶ ᠵᠢᠴᠢ ᠲᠡᠭᠦᠨ ᠠᠴᠠ ᠳᠡᠭᠡᠭᠰᠢ 80 ᠬᠤᠪᠢ ᠠᠴᠠ ᠳᠣᠷᠣᠭᠰᠢ ᠪᠠᠶᠢᠪᠠᠯ ᠬᠢᠷᠢ ᠲᠡᠩᠴᠡᠬᠦ᠂ | ᠣᠯᠤᠭᠰᠠᠨ ᠬᠤᠪᠢ ᠨᠢ 60 ᠬᠤᠪᠢ ᠠᠴᠠ ᠳᠤᠷᠤᠭᠰᠢ ᠪᠣᠯ ᠬᠢᠷᠢ ᠲᠡᠩᠴᠡᠬᠦ ᠦᠭᠡᠢ ᠶᠠᠪᠤᠳᠠᠯ ᠪᠣᠯᠤᠨ᠎ᠠ᠃ | ᠠᠷᠪᠠᠨ ᠳᠣᠯᠤᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠣᠨ ᠤ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠢᠭᠡ ᠫᠢᠶᠤᠤ ᠪᠠᠷ ᠦᠭᠡᠶᠢᠰᠭᠡᠬᠦ ᠲᠦᠷᠢᠮ ᠳᠣᠭᠲᠠᠭᠠᠯ ᠨᠢ ᠵᠢᠯ ᠤᠨ | ᠬᠢᠨᠠᠨ ᠰᠢᠯᠭᠠᠯᠳᠠ ᠳᠤ ᠬᠢᠷᠢ ᠲᠡᠩᠴᠡᠬᠦ ᠦᠬᠡᠢ ᠪᠠᠷ ᠰᠢᠢᠳᠪᠦᠷᠢᠯᠡᠨ᠎ᠠ᠄ | ︵ᠨᠢᠭᠡ︶ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠨᠧᠷᠭᠢ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠭᠠᠯ ᠤᠨᠲᠠᠷᠠᠭᠠᠬᠤ | ᠵᠡᠷᠭᠡ ᠰᠠᠯᠠᠭ᠎ᠠ ᠮᠥᠴᠢᠷ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠤ 2 ᠤᠳᠠᠭ᠎ᠠ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠠᠳᠡᠯ ᠬᠡᠷᠡᠭ︔ | ︵ᠬᠤᠶᠠᠷ︶ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠨᠧᠷᠭᠢ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠭᠠᠯ ᠤᠨᠲᠠᠷᠠᠭᠠᠬᠤ | ᠵᠡᠷᠭᠡ ᠰᠠᠯᠠᠭ᠎ᠠ ᠮᠥᠴᠢᠷ ᠠᠴᠠ ᠭᠠᠳᠠᠨ᠎ᠠ᠂ ᠪᠤᠰᠤᠳ ᠰᠠᠯᠠᠭ᠎ᠠ ᠮᠥᠴᠢᠷ ᠤᠨ ᠬᠢᠨᠠᠨ ᠬᠠᠮᠢᠶᠠᠷᠴᠤ ᠪᠠᠶᠢᠭ᠎ᠠ ᠠᠵᠢᠯ | ᠲᠥᠷᠥᠯ ᠤᠨ ᠬᠦᠷᠢᠶᠡᠨ ᠳᠤ ᠡᠩ ᠤᠨ ᠠᠳᠡᠯ ᠭᠠᠷᠤᠭᠰᠠᠨ ᠪᠠᠶᠢᠨ᠎ᠠ︔ | ︵ᠭᠤᠷᠪᠠ︶ ᠠᠶᠤᠯ ᠦᠭᠡᠢ ᠦᠢᠯᠡᠳᠪᠦᠷᠢᠯᠡᠯ ᠢᠶᠠᠷ ᠦᠬᠦᠭᠰᠡᠨ ᠠᠳᠡᠯ ᠭᠠᠷᠤᠭᠰᠠᠨ ᠤ ᠳᠠᠷᠠᠭ᠎ᠠ ᠬᠤᠳᠠᠯ ᠢᠶᠠᠷ | ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠢ ᠪᠠᠶᠢᠬᠤ ᠬᠡᠷᠡᠭᠲᠡᠢ︔ | ︵ᠲᠦᠷᠪᠡ︶ ᠬᠦᠨᠳᠦ ᠶᠡᠭᠡ ᠳᠠᠯᠳᠠ ᠭᠡᠮ ᠣᠷᠣᠰᠢᠵᠤ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠦᠭᠡᠢ︔ | | ︵ᠲᠠᠪᠤ︶ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ᠪᠤᠰᠤᠳ ︽ᠨᠢᠭᠡ ᠪᠢᠯᠧᠲ ᠢᠶᠠᠷ | ᠦᠭᠡᠶᠢᠰᠬᠡᠬᠦ︾ ᠴᠢᠬᠤᠯᠠᠲᠠᠢ ᠭᠡᠵᠦ ᠦᠵᠡᠭᠰᠡᠨ ᠪᠠᠶᠢᠳᠠᠯ᠃ | ᠠᠷᠪᠠᠨ ᠨᠠᠢᠮᠠᠳᠤᠭᠠᠷ ᠵᠦᠢᠯ ᠠᠶᠤᠯ ᠦᠭᠡᠢ ᠦᠢᠯᠡᠳᠪᠦᠷᠢᠯᠡᠯ ᠳᠤ ︽ᠨᠢᠭᠡ ᠪᠢᠯᠧᠲ ᠢᠶᠠᠷ ᠦᠭᠡᠶᠢᠰᠬᠡᠬᠦ︾ | ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠨᠦᠭᠦᠳ ᠰᠢᠯᠭᠠᠨ ᠬᠢᠨᠠᠭᠰᠠᠨ ᠦᠷ᠎ᠡ | ᠳ᠋ᠦᠩ ᠢ ᠮᠡᠳᠡᠭᠡᠯᠡᠭᠰᠡᠨ ᠤ ᠳᠠᠷᠠᠭ᠎ᠠ ᠨᠢᠭᠡ ᠰᠠᠷ᠎ᠠ ᠶᠢᠨ ᠳᠣᠲᠣᠷ᠎ᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ | ᠲᠣᠭᠲᠠᠭᠠᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠭᠦᠯᠬᠦ ᠬᠡᠷᠡᠭᠲᠡᠶ᠃ ᠡᠭᠦᠨ ᠤ | ᠬᠠᠮᠲᠤ᠂ ᠨᠢᠭᠡ ᠵᠢᠯ ᠤᠨ ᠳᠣᠲᠣᠷ᠎ᠠ ᠬᠠᠮᠢᠶ᠎ᠠ ᠪᠥᠬᠦᠶ ᠲᠣᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ | ᠵᠥᠪᠯᠡᠯ ᠤᠨ ᠪᠦᠷᠢᠯᠳᠦᠬᠦᠨ ᠨᠢᠭᠡᠴᠢ ᠶᠢᠨ ᠠᠶᠤᠯ ᠥᠬᠡᠶ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ᠂ | ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ᠂ ᠰᠢᠭᠤᠳ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ | ᠬᠠᠷᠢᠭᠤᠴᠠᠯᠭᠠᠲᠠᠨ ᠤ ᠲᠡᠷᠢᠭᠦᠨ ᠤ ᠬᠢ ᠶᠢ ᠰᠢᠯᠭᠠᠷᠠᠭᠤᠯᠬᠤ᠂ ᠰᠢᠯᠢᠳᠡᠭ ᠢ ᠰᠢᠯᠭᠠᠷᠠᠭᠤᠯᠬᠤ᠂ ᠳᠡᠪᠰᠢᠭᠦᠯᠬᠦ ᠬᠢᠷᠢ ᠬᠡᠮ ᠢ | ᠬᠦᠴᠦᠨ ᠥᠬᠡᠶ ᠪᠣᠯᠭᠠᠨ᠎ᠠ᠃ | ᠠᠷᠪᠠ ᠶᠢᠰᠦᠳᠦᠭᠡᠷ ᠵᠦᠢᠯ ᠰᠢᠯᠭᠠᠨ ᠬᠢᠨᠠᠬᠤ ᠠᠵᠢᠯ ᠳᠠᠭᠤᠰᠤᠭᠰᠠᠨ ᠤ ᠳᠠᠷᠠᠭ᠎ᠠ ᠨᠢᠭᠡ ᠰᠠᠷ᠎ᠠ ᠶᠢᠨ ᠳᠣᠲᠣᠷ᠎ᠠ᠂ | ᠰᠢᠯᠭᠠᠨ ᠬᠢᠨᠠᠬᠤ ᠶᠠᠪᠤᠴᠠ ᠳᠤ ᠣᠯᠵᠤ ᠮᠡᠳᠡᠭᠰᠡᠨ ᠬᠤᠪᠢ ᠬᠠᠰᠤᠬᠤ ᠠᠭᠤᠯᠭ᠎ᠠ ᠳᠤ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠬᠠᠷᠢᠭᠤᠴᠠᠯᠭ᠎ᠠ | ᠡᠭᠦᠷᠭᠡᠯᠡᠭᠴᠢ ᠶᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠲᠣᠭᠲᠠᠮᠠᠯ | ᠬᠤᠭᠤᠴᠠᠭ᠎ᠠ ᠲᠠᠢ ᠪᠠᠷ ᠳᠡᠭᠡᠭᠰᠢ ᠮᠡᠳᠡᠭᠦᠯᠵᠦ᠂ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠬᠡᠷᠡᠭᠲᠡᠶ᠃ | ᠬᠤᠷᠢᠳᠤᠭᠠᠷ ᠵᠦᠢᠯ ᠰᠢᠯᠭᠠᠨ ᠬᠢᠨᠠᠭᠰᠠᠨ ᠦᠷ᠎ᠡ ᠳ᠋ᠦᠩ ᠢ ᠲᠣᠭᠤᠷᠢᠭ ᠤᠨ ᠠᠶᠤᠯ ᠦᠭᠡᠢ ᠶᠢᠨ ᠵᠥᠪᠯᠡᠯ ᠢᠶᠠᠷ | ᠬᠢᠨᠠᠨ ᠲᠣᠭᠲᠠᠭᠠᠯᠭᠠᠵᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠣᠨ ᠤ | ᠰᠢᠯᠭᠠᠨ ᠬᠢᠨᠠᠬᠤ ᠠᠵᠢᠯ ᠳᠤ ᠮᠡᠳᠡᠭᠦᠯᠦᠨ᠎ᠡ᠃ | ᠤᠳᠤᠷᠢᠳᠬᠤ ᠳᠤᠭᠤᠶᠢᠯᠠᠩ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠠᠴᠠ ᠡᠯ᠎ᠡ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠳᠤ | ᠮᠡᠳᠡᠭᠳᠡᠬᠦ ᠶᠢᠨ ᠬᠠᠮᠲᠤ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠬᠠᠭᠤᠯᠤᠨ | ᠢᠯᠡᠭᠡᠬᠦ ᠶᠢᠨ ᠬᠠᠮᠲᠤ ᠨᠡᠶᠢᠭᠡᠮ ᠨᠡᠶᠢᠲᠡ ᠳᠤ ᠢᠯᠡ ᠪᠣᠯᠭᠠᠨ᠎ᠠ᠃ | ᠬᠤᠷᠢᠨ ᠨᠢᠭᠡᠳᠦᠭᠡᠷ ᠵᠦᠢᠯ ︽ᠨᠢᠭᠡ ᠫᠢᠶᠣᠤ ᠪᠠᠷ ᠦᠭᠡᠶᠢᠰᠬᠡᠬᠦ︾ ᠨᠢᠭᠡᠴᠡ ᠡᠭᠦᠰᠦᠭᠰᠡᠨ ᠭᠤᠤᠯ | ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠭᠦᠷᠭᠡᠯᠡᠭᠰᠡᠨ ᠤᠳᠤᠷᠢᠳᠬᠤ ᠪᠠᠭ ᠤᠨ ᠪᠦᠷᠢᠯᠳᠦᠬᠦᠨ ᠢ | ᠵᠠᠷᠴᠢᠮ ᠳᠡᠭᠡᠷ᠎ᠡ ᠪᠠᠨ 1 ᠵᠢᠯ ᠤᠨ ᠳᠣᠲᠣᠷ᠎ᠠ ᠰᠢᠯᠢᠳᠡᠭ ᠢ ᠰᠢᠯᠭᠠᠨ ᠦᠨᠡᠯᠡᠬᠦ ᠪᠠ ᠡᠯ᠎ᠡ ᠲᠥᠷᠥᠯ ᠤᠨ ᠲᠡᠷᠢᠭᠦᠨ ᠤ | ᠬᠢᠷᠢ ᠭᠡᠮ ᠢ ᠰᠢᠯᠭᠠᠷᠠᠭᠤᠯᠤᠨ ᠰᠣᠩᠭᠤᠬᠤ ᠶᠢ ᠬᠦᠴᠦᠨ ᠦᠭᠡᠶ ᠪᠣᠯᠭᠠᠵᠤ᠂ ᠲᠤᠰᠢᠶᠠᠯ᠂ ᠳᠡᠰ ᠢ ᠨᠢ ᠳᠡᠪᠰᠢᠭᠦᠯᠬᠦ | ᠪᠤᠶᠤ ᠳᠠᠬᠢᠨ ᠲᠤᠰᠢᠶᠠᠯ ᠡᠭᠦᠷᠭᠡᠯᠡᠭᠦᠯᠵᠦ ᠪᠣᠯᠬᠤ ᠦᠭᠡᠶ᠃ ᠬᠠᠷᠢᠭᠤᠴᠠᠯᠭᠠᠲᠤ ᠨᠢᠭᠡᠴᠡ ᠨᠢ ᠲᠤᠭᠤᠷᠢᠭ ᠤᠨ ᠨᠠᠮ ᠤᠨ | ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠭᠰᠠᠨ ᠬᠠᠮᠢᠶ᠎ᠠ ᠪᠥᠬᠦᠶ ᠰᠢᠯᠭᠠᠨ ᠬᠢᠨᠠᠬᠤ ᠳᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠭᠰᠠᠨ ᠪᠠᠶᠢᠪᠠᠯ᠂ ᠬᠠᠷᠠᠭᠠᠯᠵᠠᠭᠰᠠᠨ | ᠥᠷᠲᠡᠭ ᠲᠤ ᠨᠢ ︽0︾ ᠬᠤᠪᠢ ᠰᠢᠯᠭᠠᠷᠠᠭᠤᠯᠤᠨ᠎ᠠ᠃ | ᠭᠤᠷᠪᠠᠳᠤᠭᠠᠷ ᠪᠦᠯᠦᠭ ᠱᠠᠩᠨᠠᠬᠤ ᠠᠷᠭ᠎ᠠ | ᠬᠤᠷᠢᠨ ᠬᠤᠶᠠᠳᠤᠭᠠᠷ ᠵᠦᠢᠯ ᠪᠥᠬᠦ ᠬᠤᠲᠠ ᠶᠢᠨ ᠣᠨ ᠤ ᠠᠶᠤᠯ ᠦᠭᠡᠢ ᠦᠢᠯᠡᠳᠪᠦᠷᠢᠯᠡᠯ ᠤᠨ ᠬᠢᠵᠠᠭᠠᠷᠯᠠᠬᠤ | ᠭᠦᠢᠴᠡᠳᠬᠡᠯ ᠲᠤᠭ᠎ᠠ ᠠᠴᠠ ᠬᠡᠲᠦᠷᠡᠭᠰᠡᠨ ᠦᠭᠡᠢ ᠪᠠᠶᠢᠪᠠᠯ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ | ᠲᠣᠰ ᠵᠢᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠨ ᠰᠢᠯᠭᠠᠭᠰᠠᠨ ᠬᠢᠷᠢ ᠪᠦᠲᠦᠮᠵᠢ ᠪᠠᠷ ᠰᠢᠯᠢᠳᠡᠭ | ᠭᠤᠣᠯᠳᠠᠯᠭ᠎ᠠ ᠲᠠᠢ ᠡᠭᠦᠷᠭᠡ ᠬᠠᠷᠢᠭᠤᠴᠠᠯᠭ᠎ᠠ ᠶᠢᠨ ᠨᠢᠭᠡᠴᠡ᠂ ᠡᠩ ᠤᠨ ᠡᠭᠦᠷᠭᠡ ᠬᠠᠷᠢᠭᠤᠴᠠᠯᠭ᠎ᠠ ᠶᠢᠨ ᠨᠢᠭᠡᠴᠡ᠂ ᠡᠯ᠎ᠡ | ᠲᠥᠷᠥᠯ ᠤᠨ ᠲᠤᠰᠠᠯᠠᠬᠤ ᠨᠢᠭᠡᠴᠡ ᠪᠠ ᠢᠯᠡᠷᠡᠯ ᠢᠶᠠᠷ ᠲᠣᠪᠤᠶᠢᠮ᠎ᠠ ᠠᠵᠤ ᠠᠬᠤᠶᠢᠯᠠᠯ᠂ ᠡᠭᠡᠯᠵᠢ ᠳᠤᠭᠤᠶᠢᠯᠠᠩ ᠳᠤ | ᠱᠠᠩᠨᠠᠯ ᠣᠯᠭᠤᠨ᠎ᠠ᠃ ᠡᠯ᠎ᠡ ᠨᠢᠭᠡᠴᠡ ᠶᠢᠨ ᠣᠯᠤᠭᠰᠠᠨ ᠱᠠᠩᠨᠠᠯ ᠤᠨ ᠮᠥᠩᠭᠦ ᠶᠢ ᠡᠯ᠎ᠡ ᠨᠢᠭᠡᠴᠡ ᠶᠢᠨ ᠠᠶᠤᠯ ᠦᠭᠡᠶ | ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ | ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠢ ᠬᠠᠷᠢᠭᠤᠴᠠᠬᠤ ᠳᠤ ᠬᠡᠷᠡᠭᠯᠡᠬᠦ ᠬᠤᠪᠢ ᠬᠥᠮᠦᠨ ᠢ | ᠱᠠᠩᠨᠠᠬᠤ ᠳᠤ ᠬᠡᠷᠡᠭᠯᠡᠵᠦ᠂ ᠪᠣᠳᠠᠲᠠᠶ ᠱᠠᠩᠨᠠᠬᠤ ᠪᠠᠷᠢᠮᠵᠢᠶ᠎ᠠ ᠶᠢ ᠡᠯ᠎ᠡ ᠨᠢᠭᠡᠴᠡ ᠨᠢ ᠲᠤᠰ ᠲᠤᠰ ᠤᠨ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠬᠤ ᠬᠡᠷᠡᠭᠲᠡᠶ᠃ | ︵ᠨᠢᠭᠡ︶ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ | ᠪᠠᠶᠢᠭ᠎ᠠ ᠨᠢᠭᠡᠴᠢ ᠳᠤ᠂ ᠣᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠭᠰᠠᠨ ᠬᠢᠷᠢ ᠪᠦᠲᠦᠮᠵᠢ ᠶᠢᠨ | ᠨᠡᠷᠡᠰ ᠤᠨ ᠶᠣᠰᠣᠭᠠᠷ ᠲᠦᠷᠦᠭᠦᠦ 5 ᠨᠢᠭᠡᠴᠡ ᠶᠢ ᠱᠠᠩᠨᠠᠵᠤ᠂ ᠨᠢᠭᠡᠴᠢ ᠨᠢᠭᠡᠪᠦᠷᠢ 2 ᠲᠦᠮᠡᠨ ᠲᠥᠭᠦᠷᠢᠭ ᠱᠠᠩᠨᠠᠵᠤ᠂ | ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠬᠥᠬᠢᠭᠦᠯᠦᠯ ᠢ | ᠬᠦᠷᠲᠡᠭᠰᠡᠨ ᠪᠠᠶᠢᠪᠠᠯ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠳᠠᠯ ᠢ ᠨᠢ ᠦᠵᠡᠵᠦ ᠪᠠᠶᠢᠭᠠᠳ | ᠱᠠᠩᠨᠠᠯ ᠤᠨ ᠪᠡᠯᠡ ᠮᠥᠩᠭᠦ ᠶᠢ ᠨᠡᠮᠡᠵᠦ ᠣᠷᠣᠭᠤᠯᠤᠨ᠎ᠠ᠃ ᠤᠳᠠ ᠲᠣᠭᠤᠷᠢᠭ ᠪᠥᠬᠦ ᠬᠤᠲᠠ ᠶᠢᠨ ᠣᠨ ᠤ ᠠᠶᠤᠯᠭᠦᠶ | ᠦᠢᠯᠡᠳᠪᠦᠷᠢᠯᠡᠯ ᠤᠨ ᠬᠢᠨᠠᠨ ᠰᠢᠯᠭᠠᠯᠲᠠ ᠶᠢᠨ ᠳᠤᠮᠳᠠ ᠬᠠᠮᠤᠭ ᠤᠨ ᠲᠡᠷᠢᠭᠦᠨ ᠳᠤ ᠵᠢᠭᠰᠠᠭᠠᠭᠳᠠᠵᠤ᠂ ᠲᠣᠭᠤᠷᠢᠭ ᠤᠨ | ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ︵ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠵᠡᠷᠭᠡ︶ 10 ᠲᠦᠮᠡᠨ ᠱᠠᠩᠨᠠᠯ ᠤᠨ ᠮᠦᠩᠭᠦ ᠲᠥᠭᠦᠷᠢᠭ︔ ᠬᠤᠶᠠᠳᠤᠭᠠᠷ ᠲᠤ | ᠵᠢᠭᠰᠠᠭᠠᠭᠳᠠᠵᠤ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ︵ᠲᠤᠭᠤᠷᠢᠭ ᠤᠨ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ︶ ᠤᠨ ᠱᠠᠩᠨᠠᠯ ᠢ 8 ᠲᠦᠮᠡᠨ ᠲᠥᠭᠦᠷᠢᠭ ᠨᠡᠮᠡᠵᠦ | ᠣᠷᠣᠭᠤᠯᠪᠠ᠃ | ︵ᠬᠤᠶᠠᠷ︶ ᠠᠶᠤᠯᠭᠦᠢ ᠦᠢᠯᠡᠳᠪᠦᠷᠢᠯᠡᠯ ᠤᠨ ᠡᠩ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ | ᠨᠢᠭᠡᠴᠢ ᠳᠤ᠂ ᠣᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠭᠰᠠᠨ ᠬᠢᠷᠢ ᠪᠦᠲᠦᠮᠵᠢ ᠶᠢᠨ ᠨᠡᠷᠡᠰ ᠤᠨ | ᠶᠣᠰᠣᠭᠠᠷ ᠲᠦᠷᠦᠭᠦᠦ 5 ᠨᠢᠭᠡᠴᠡ ᠶᠢ ᠱᠠᠩᠨᠠᠵᠤ᠂ ᠡᠭᠦᠨ ᠳᠤ ᠪᠠᠯᠭᠠᠰᠤ᠂ ᠡᠯ᠎ᠡ ᠬᠡᠷᠡᠭ ᠡᠷᠬᠢᠯᠡᠬᠦ ᠭᠠᠵᠠᠷ 2 ᠣᠷᠣᠨ | ᠲᠤᠭ᠎ᠠ ᠶᠢ ᠡᠵᠡᠯᠡᠵᠦ᠂ ᠨᠢᠭᠡᠴᠢ ᠪᠦᠷᠢ ᠳᠤ 1 ᠲᠦᠮᠡᠨ ᠲᠥᠭᠦᠷᠢᠭ ᠱᠠᠩᠨᠠᠨ᠎ᠠ᠃ | ︵ᠭᠤᠷᠪᠠ︶ ᠡᠯ᠎ᠡ ᠲᠥᠷᠥᠯ ᠤᠨ ᠲᠤᠰᠠᠯᠠᠬᠤ ᠨᠢᠭᠡᠴᠢ ᠳᠤ᠂ ᠣᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠨ | ᠰᠢᠯᠭᠠᠭᠰᠠᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠪᠠᠷ ᠡᠮᠦᠨ᠎ᠡ 5 ᠶᠢ ᠱᠠᠩᠨᠠᠨ᠎ᠠ᠂ ᠨᠢᠭᠡᠴᠢ ᠠᠴᠠ ᠨᠢᠭᠡᠴᠢ | ᠪᠦᠷᠢ ᠳᠤ 5 ᠮᠢᠩᠭᠠᠨ ᠲᠥᠭᠦᠷᠢᠭ ᠤᠨ ᠱᠠᠩᠨᠠᠯ ᠣᠯᠭᠤᠪᠠ᠃ | ︵ᠲᠦᠷᠪᠡ︶ ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠢᠨᠠᠨ ᠰᠢᠯᠭᠠᠯᠲᠠ ᠳᠤ 5 ᠰᠢᠯᠢᠳᠡᠭ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠪᠠᠷ ᠦᠨᠡᠯᠡᠭᠳᠡᠪᠡ | ᠡᠷᠦᠬᠡ ᠪᠦᠷᠢ ᠶᠢᠨ ᠰᠢᠯᠢᠳᠡᠭ ᠨᠢᠭᠡᠴᠡ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ 2 | ᠲᠦᠮᠡᠨ ᠲᠥᠭᠦᠷᠢᠭ ᠢᠶᠠᠷ ᠱᠠᠩᠨᠠᠵᠤ᠂ ᠪᠦᠬᠦᠨ ᠢ ᠠᠵᠤ ᠠᠬᠤᠶᠢᠯᠠᠯ ᠤᠨ ᠠᠵᠢᠯᠲᠠᠨ ᠢ ᠱᠠᠩᠨᠠᠬᠤ ᠳᠤ ᠬᠡᠷᠡᠭᠯᠡᠪᠡ︔ | ᠦᠨᠡᠯᠡᠬᠦ ᠳᠤ ᠬᠡᠷᠡᠭᠯᠡᠨ᠎ᠡ᠃ | 20 ᠰᠢᠯᠢᠳᠡᠭ ᠠᠵᠤ ᠠᠬᠤᠶᠢᠯᠠᠯ ᠤᠨ ᠠᠩᠭᠢ ᠰᠣᠩᠭᠤᠵᠤ᠂ ᠠᠩᠭᠢ ᠳᠤᠭᠤᠶᠢᠯᠠᠩ ᠢ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠠᠴᠠ 5 ᠮᠢᠩᠭᠠᠨ ᠲᠥᠭᠦᠷᠢᠭ ᠱᠠᠩᠨᠠᠵᠤ᠂ ᠱᠠᠩᠨᠠᠯ ᠤᠨ ᠮᠥᠩᠭᠦ ᠶᠢ ᠪᠦᠬᠦᠨ ᠢ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠱᠠᠩᠨᠠᠬᠤ ᠳᠤ ᠬᠡᠷᠡᠭᠯᠡᠨ᠎ᠡ᠃ | ︵ᠲᠠᠪᠤ︶ ᠠᠵᠤ ᠠᠬᠤᠶᠢᠯᠠᠯ ᠨᠢ ᠲᠤᠰ ᠠᠷᠭ᠎ᠠ ᠶᠢ ᠦᠨᠳᠦᠰᠦᠯᠡᠨ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠱᠠᠩᠨᠠᠯ ᠤᠨ ᠪᠡᠯᠡ ᠮᠥᠩᠭᠦ ᠶᠢ ᠵᠦᠢ ᠵᠣᠬᠢᠰᠲᠠᠶ ᠬᠡᠷᠡᠭᠯᠡᠬᠦ ᠶᠢᠨ ᠬᠠᠮᠲᠤ᠂ ᠲᠤᠰ ᠨᠢᠭᠡᠴᠡ ᠶᠢᠨ ᠢᠶᠠᠨ | ᠠᠶᠤᠯ ᠦᠭᠡᠶ ᠦᠢᠯᠡᠳᠪᠦᠷᠢᠯᠡᠯ ᠤᠨ ᠱᠠᠩᠨᠠᠬᠤ ᠠᠷᠭ᠎ᠠ ᠶᠢ ᠪᠠᠶᠢᠭᠤᠯᠬᠤ ᠬᠡᠷᠡᠭᠲᠡᠶ᠃ | ︵ᠵᠢᠷᠭᠤᠭ᠎ᠠ︶ ᠬᠠᠷᠢᠶ᠎ᠠ ᠣᠷᠣᠨ ᠤ ᠠᠵᠤ ᠠᠬᠤᠶᠢᠯᠠᠯ ᠠᠶᠤᠯ ᠦᠭᠡᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠯᠲᠠ ᠶᠢᠨ ᠭᠤᠷᠪᠠᠳᠤᠭᠠᠷ ᠳᠡᠰ ᠤᠨ ᠪᠠᠷᠢᠮᠵᠢᠶ᠎ᠠ ᠳᠤ ᠬᠦᠷᠦᠭᠦᠯᠬᠦ ᠠᠴᠠ ᠬᠤᠶᠠᠳᠤᠭᠠᠷ ᠳᠡᠰ ᠤᠨ | ᠪᠠᠷᠢᠮᠵᠢᠶ᠎ᠠ ᠳᠤ ᠬᠦᠷᠬᠦ ᠪᠣᠯᠭᠠᠨ ᠳᠡᠭᠡᠭᠰᠢᠯᠡᠭᠦᠯᠵᠦ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 5 ᠲᠦᠮᠡᠨ | ᠲᠥᠭᠦᠷᠢᠭ ᠱᠠᠩᠨᠠᠨ᠎ᠠ︔ ᠠᠵᠤ ᠠᠬᠤᠶᠢᠯᠠᠯ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠢᠶᠠᠨ | ᠰᠠᠨᠠᠭᠠᠴᠢᠯᠠᠭ᠎ᠠ ᠠᠴᠠ ᠪᠠᠨ ᠰᠠᠶᠢᠵᠢᠷᠠᠭᠤᠯᠵᠤ᠂ ᠪᠦᠬᠦ ᠲᠣᠭᠤᠷᠢᠭ ᠲᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ | ᠦᠢᠯᠡᠳᠦᠯ ᠲᠠᠢ ᠠᠵᠤ ᠠᠬᠤᠶᠢᠯᠠᠯ ᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ 5 - 10 ᠲᠦᠮᠡᠨ | ᠲᠥᠭᠦᠷᠢᠭ ᠢᠶᠠᠷ ᠱᠠᠩᠨᠠᠨ᠎ᠠ᠃ | ᠳᠥᠷᠪᠡᠳᠦᠭᠡᠷ ᠪᠦᠯᠦᠭ ᠨᠡᠪᠲᠡᠷᠡᠭᠦᠯᠬᠦ ᠠᠷᠭ᠎ᠠ | ᠬᠤᠷᠢᠨ ᠭᠤᠷᠪᠠᠳᠤᠭᠠᠷ ᠵᠦᠢᠯ ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠪᠤᠶᠤ | ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠥᠬᠦᠶ ᠪᠦᠷᠢᠯᠳᠦᠬᠦᠨ | ᠨᠢᠭᠡᠴᠡ ᠨᠦᠭᠦᠳ ᠠᠳᠡᠯ᠂ ᠴᠢᠬᠤᠯᠠ ᠠᠵᠢᠯ ᠤᠨ ᠡᠭᠦᠷᠭᠡ ᠶᠢ ᠪᠠᠶᠢᠷᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ | ᠲᠡᠷᠢᠭᠦᠨ ᠤ ᠠᠵᠢᠯ ᠤᠨ ᠲᠤᠷᠰᠢᠯᠭ᠎ᠠ᠂ ᠲᠣᠪᠤᠶᠢᠮ᠎ᠠ ᠠᠮᠵᠢᠯᠲᠠ ᠵᠢᠴᠢ ᠬᠠᠤᠯᠢ ᠬᠡᠷᠡᠭᠵᠢᠭᠦᠯᠦᠭᠰᠡᠨ ᠨᠡᠶᠢᠲᠡᠯᠢᠭ | ᠬᠡᠷᠡᠭ ᠤᠨ ᠵᠢᠱᠢᠶ᠎ᠡ ᠶᠢ ᠪᠢᠴᠢᠭ ᠮᠠᠲ᠋ᠧᠷᠢᠶᠠᠯ᠂ ᠬᠤᠷᠠᠯ ᠪᠤᠶᠤ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠷᠭ᠎ᠠ | ᠮᠠᠶ᠋ᠢᠭ ᠢᠶᠠᠷ ᠵᠠᠷᠯᠠᠨ ᠮᠡᠳᠡᠭᠳᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠠᠳᠡᠯ ᠭᠠᠷᠤᠭᠰᠠᠨ ᠤ ᠳᠠᠷᠠᠭ᠎ᠠ᠂ ᠲᠤᠭᠤᠷᠢᠭ ᠤᠨ ᠠᠶᠤᠯ ᠦᠭᠡᠶ | ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠠᠴᠠ ᠪᠦᠬᠦ ᠲᠤᠭᠤᠷᠢᠭ ᠤᠨ ᠠᠵᠢᠯ | ᠲᠥᠷᠥᠯ ᠤᠨ ᠬᠦᠷᠢᠶᠡᠨ ᠤ ᠬᠡᠪᠴᠢᠶᠡᠨ ᠳᠣᠲᠣᠷ᠎ᠠ ᠨᠡᠪᠲᠡᠷᠡᠭᠦᠯᠬᠦ ᠬᠡᠷᠡᠭᠲᠡᠶ᠃ ᠮᠡᠳᠡᠭᠡᠯᠡᠬᠦ ᠠᠭᠤᠯᠭ᠎ᠠ ᠳᠤ ᠠᠳᠡᠯ ᠤᠨ | ᠥᠩᠭᠡᠷᠡᠯᠲᠡ᠂ ᠠᠩᠬ᠎ᠠ ᠠᠯᠬᠤᠮ ᠤᠨ ᠰᠢᠯᠲᠠᠭᠠᠨ᠂ ᠠᠳᠡᠯ ᠤᠨ ᠰᠤᠷᠭᠠᠮᠵᠢ ᠵᠢᠴᠢ ᠬᠠᠨᠳᠤᠯᠭᠠᠲᠤ ᠴᠢᠨᠠᠷᠲᠠᠶ ᠠᠷᠭ᠎ᠠ | ᠬᠡᠮᠵᠢᠶ᠎ᠡ ᠵᠡᠷᠭᠡ ᠠᠭᠤᠯᠭ᠎ᠠ ᠪᠠᠭᠲᠠᠨ᠎ᠠ᠃ | ᠨᠡᠶᠢᠲᠡᠯᠢᠭ ᠠᠳᠡᠯ᠂ ᠴᠢᠬᠤᠯᠠ ᠰᠡᠷᠭᠡᠭ ᠴᠠᠭ ᠦᠶ᠎ᠡ ᠳᠤ ᠡᠭᠦᠰᠦᠭᠰᠡᠨ ᠠᠳᠡᠯ᠂ ᠪᠥᠬᠦ ᠲᠤᠭᠤᠷᠢᠭ ᠤᠨ | ᠴᠢᠨᠠᠷᠲᠠᠶ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠰᠠᠶᠢᠨ | ᠲᠤᠷᠰᠢᠯᠭ᠎ᠠ᠂ ᠰᠠᠶᠢᠨ ᠠᠷᠭ᠎ᠠ᠂ ᠲᠣᠪᠤᠶᠢᠮ᠎ᠠ ᠠᠮᠵᠢᠯᠲᠠ ᠵᠡᠷᠭᠡ ᠶᠢ ᠲᠤᠭᠤᠷᠢᠭ ᠤᠨ ᠠᠶᠤᠯᠭᠦᠶ ᠦᠢᠯᠡᠳᠪᠦᠷᠢᠯᠡᠯ ᠤᠨ | ᠵᠥᠪᠯᠡᠯ ᠤᠨ ᠠᠯᠪᠠᠨ ᠬᠡᠷ ᠠᠴᠠ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠳᠤ | ᠵᠠᠷᠯᠠᠨ ᠮᠡᠳᠡᠭᠳᠡᠨ᠎ᠡ᠂ ᠡᠰᠡᠭᠦᠯ᠎ᠡ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ | ᠱᠠᠭᠠᠷᠳᠠᠯᠭ᠎ᠠ ᠶᠣᠰᠣᠭᠠᠷ ᠨᠡᠶᠢᠳᠡᠯᠡᠨ᠎ᠡ᠃ | ᠬᠤᠷᠢᠨ ᠲᠠᠪᠤᠳᠤᠭᠠᠷ ᠵᠦᠢᠯ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠨᠢ ᠪᠥᠬᠦ | ᠲᠤᠭᠤᠷᠢᠭ ᠤᠨ ᠤᠯᠠᠷᠢᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠤᠷᠠᠯ ᠳᠡᠭᠡᠷ᠎ᠡ ᠤᠯᠠᠷᠢᠯ ᠤᠨ ᠠᠶᠤᠯ | ᠦᠭᠡᠢ ᠦᠢᠯᠡᠳᠪᠦᠷᠢᠯᠡᠯ ᠤᠨ ᠶᠡᠷᠦᠩᠬᠡᠢ ᠪᠠᠶᠢᠳᠠᠯ ᠢ ᠵᠠᠷᠯᠠᠨ ᠮᠡᠳᠡᠭᠳᠡᠵᠦ᠂ ᠪᠥᠬᠦ ᠲᠤᠭᠤᠷᠢᠭ ᠤᠨ ᠠᠳᠡᠯ ᠤᠨ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ᠂ ᠭᠠᠵᠠᠷ ᠣᠷᠣᠨ ᠬᠤᠪᠢᠶᠠᠬᠤ᠂ ᠠᠵᠢᠯ ᠲᠥᠷᠥᠯ ᠤᠨ ᠠᠳᠡᠯ ᠤᠨ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢ ᠪᠠᠭᠲᠠᠭᠠᠵᠤ᠂ ᠠᠵᠢᠯ ᠲᠥᠷᠥᠯ᠂ ᠭᠠᠵᠠᠷ ᠣᠷᠣᠨ ᠤ ᠶᠣᠰᠣᠭᠠᠷ ᠠᠶᠤᠯ ᠦᠭᠡᠢ | ᠦᠢᠯᠡᠳᠪᠦᠷᠢᠯᠡᠯ ᠤᠨ ᠪᠠᠶᠢᠳᠠᠯ ᠪᠠ ᠵᠢᠮ᠎ᠡ ᠶᠣᠰᠣᠨ ᠤ ᠣᠨᠴᠠᠯᠢᠭ ᠢ ᠵᠠᠳᠠᠯᠵᠤ᠂ ᠣᠷᠣᠰᠢᠵᠤ ᠪᠠᠶᠢᠭ᠎ᠠ ᠠᠰᠠᠭᠤᠳᠠᠯ ᠪᠠ | ᠬᠦᠷᠦᠯᠴᠡᠬᠦ ᠦᠭᠡᠢ ᠲᠠᠯ᠎ᠠ ᠶᠢ ᠡᠷᠢᠵᠦ᠂ ᠲᠠᠷᠠᠭᠠᠴᠢ ᠶᠢᠨ ᠱᠠᠲᠤᠨ ᠤ ᠪᠥᠬᠦ ᠲᠤᠭᠤᠷᠢᠭ ᠤᠨ ᠠᠶᠤᠯ ᠦᠭᠡᠢ | ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠬᠦ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ | ᠪᠦᠬᠦᠢ ᠪᠦᠷᠢᠯᠳᠦᠬᠦᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠵᠠᠷᠯᠠᠯ ᠢ ᠲᠤᠭᠤᠷᠢᠭ ᠤᠨ ᠨᠠᠮ ᠤᠨ | ᠬᠤᠷᠢᠶᠠᠨ ᠤ ᠠᠯᠪᠠᠨ ᠭᠡᠷ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠵᠢᠴᠢ ᠲᠤᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ᠂ ᠪᠠᠶᠢᠩᠭᠤ ᠶᠢᠨ ᠳᠡᠳ᠋ ᠡᠷᠬᠢᠯᠡᠭᠴᠢ᠂ ᠬᠤᠪᠢᠳᠠᠨ ᠬᠠᠮᠢᠶᠠᠷᠬᠤ ᠳᠡᠳ᠋ | ᠡᠷᠬᠢᠯᠡᠭᠴᠢ ᠵᠢᠴᠢ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠬᠠᠭᠤᠯᠤᠨ | ᠬᠦᠷᠭᠡᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ | ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠡ ᠨᠦᠭᠦᠳ ᠲᠣᠰ ᠠᠵᠢᠯ ᠲᠥᠷᠥᠯ ᠤᠨ ᠬᠦᠷᠢᠶᠡᠨ ᠳᠠᠬᠢ ᠠᠳᠡᠯ ᠢ | ᠮᠡᠳᠡᠭᠡᠯᠡᠬᠦ ᠳᠡᠭᠡᠨ ᠰᠢᠮᠳᠠᠭᠤᠯᠤᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠪᠣᠯᠵᠣᠨ ᠶᠠᠷᠢᠯᠴᠠᠬᠤ ᠪᠠ ᠣᠨ ᠤ | ᠰᠢᠯᠭᠠᠨ ᠬᠢᠨᠠᠬᠤ ᠵᠡᠷᠭᠡ ᠲᠠᠢ ᠤᠶᠠᠯᠳᠤᠭᠤᠯᠵᠤ᠂ ᠨᠡᠪᠲᠡᠷᠡᠭᠦᠯᠭᠡ ᠶᠢ ᠴᠠᠭ ᠲᠤᠬᠠᠶ ᠳᠤᠨᠢ᠂ ᠰᠡᠷᠭᠡᠶᠢᠯᠡᠬᠦ ᠠᠷᠭ᠎ᠠ | ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠲᠠᠪᠤᠳᠤᠭᠠᠷ ᠪᠦᠯᠦᠭ ᠰᠡᠷᠡᠮᠵᠢᠯᠡᠭᠦᠯᠬᠦ ᠠᠷᠭ᠎ᠠ | ᠬᠤᠷᠢᠨ ᠨᠠᠢᠮᠠᠳᠤᠭᠠᠷ ᠵᠦᠢᠯ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠪᠤᠶᠤ | ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠡᠭᠦᠰᠦᠭᠰᠡᠨ ᠠᠳᠡᠯ ᠪᠤᠶᠤ ᠣᠷᠣᠨ | ᠪᠦᠰᠡ ᠶᠢᠨ ᠴᠢᠨᠠᠷᠲᠠᠶ᠂ ᠠᠵᠢᠯ ᠲᠥᠷᠥᠯ ᠤᠨ ᠴᠢᠨᠠᠷᠲᠠᠶ ᠠᠶᠤᠯ ᠦᠭᠡᠢ ᠦᠢᠯᠡᠳᠪᠦᠷᠢᠯᠡᠯ ᠤᠨ ᠠᠰᠠᠭᠤᠳᠠᠯ ᠢ | ᠦᠨᠳᠦᠰᠦᠯᠡᠨ᠂ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠲᠤᠭᠤᠷᠢᠭ ᠤᠨ ᠠᠶᠤᠯ ᠦᠭᠡᠢ | ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠳᠤ ᠲᠣᠰ ᠲᠣᠰ ᠰᠡᠷᠡᠮᠵᠢᠯᠡᠭᠦᠯᠬᠦ | ᠴᠢᠨᠠᠷᠲᠠᠶ ᠰᠡᠷᠡᠮᠵᠢ ᠪᠠ ᠰᠡᠷᠡᠮᠵᠢ ᠥᠭᠴᠦ ᠮᠡᠳᠡᠭᠳᠡᠬᠦ ᠬᠡᠷᠡᠭᠲᠡᠶ᠃ ᠲᠤᠭᠤᠷᠢᠭ ᠤᠨ ᠠᠶᠤᠯ ᠦᠭᠡᠶ | ᠦᠢᠯᠡᠳᠪᠦᠷᠢᠯᠡᠯ ᠤᠨ ᠵᠥᠪᠯᠡᠯ ᠤᠨ ᠡᠯ᠎ᠡ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠨᠦᠭᠦᠳ ᠪᠦᠬᠦ | ᠲᠤᠭᠤᠷᠢᠭ ᠤᠨ ᠲᠤᠰ ᠠᠵᠢᠯ ᠲᠥᠷᠥᠯ ᠤᠨ ᠬᠦᠷᠢᠶ᠎ᠡ ᠵᠢᠴᠢ ᠠᠵᠤ ᠠᠬᠤᠶᠢᠯᠠᠯ ᠳᠤ ᠰᠡᠷᠡᠮᠵᠢᠯᠡᠭᠦᠯᠦᠨ ᠨᠡᠪᠲᠡᠷᠡᠭᠦᠯᠬᠦ | ᠬᠡᠷᠡᠭᠲᠡᠶ᠃ ᠰᠡᠷᠡᠮᠵᠢᠯᠡᠭᠦᠯᠵᠦ ᠵᠠᠷᠯᠠᠨ ᠨᠡᠶᠢᠲᠡᠯᠡᠬᠦ ᠳᠤ ᠠᠳᠡᠯ ᠤᠨ ᠥᠩᠭᠡᠷᠡᠯᠲᠡ᠂ ᠠᠩᠬ᠎ᠠ ᠠᠯᠬᠤᠮ ᠤᠨ ᠰᠢᠯᠲᠠᠭᠠᠨ᠂ | ᠠᠳᠡᠯ ᠤᠨ ᠰᠤᠷᠭᠠᠮᠵᠢ ᠵᠢᠴᠢ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠵᠡᠷᠭᠡ ᠠᠭᠤᠯᠭ᠎ᠠ ᠪᠠᠭᠲᠠᠨ᠎ᠠ᠃ | ᠬᠤᠷᠢ ᠶᠢᠰᠦᠳᠦᠭᠡᠷ ᠵᠦᠢᠯ ᠰᠡᠷᠡᠮᠵᠢᠯᠡᠭᠦᠯᠬᠦ ᠠᠭᠤᠯᠭ᠎ᠠ ᠳᠤ ᠪᠠᠭᠲᠠᠬᠤ ᠨᠢ᠄ | ︵ᠨᠢᠭᠡ︶ ᠠᠵᠢᠯ ᠲᠥᠷᠥᠯ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠠᠳᠡᠯ ᠤᠨ ᠳᠠᠯᠳᠠ ᠬᠡᠮ ᠪᠠ | ᠲᠣᠪᠤᠶᠢᠮ᠎ᠠ ᠠᠰᠠᠭᠤᠳᠠᠯ ᠣᠷᠣᠰᠢᠵᠤ ᠪᠠᠶᠢᠬᠤ︔ | ︵ᠬᠤᠶᠠᠷ︶ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠶᠢᠵᠢᠭᠤᠯᠤᠭᠰᠠᠨ ᠦᠭᠡᠢ᠂ ᠬᠢᠨᠠᠯᠲᠠ | ᠬᠠᠮᠢᠶᠠᠷᠤᠯᠲᠠ ᠶᠢᠨ ᠪᠠᠯᠠᠢ ᠣᠷᠣᠨ ᠭᠠᠷᠤᠭᠰᠠᠨ ᠪᠤᠶᠤ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠤᠷᠳᠤ ᠬᠤᠭᠤᠴᠠᠭ᠎ᠠ ᠪᠠᠷ ᠣᠷᠣᠰᠢᠵᠤ ᠪᠠᠶᠢᠪᠠ︔ | ︵ᠭᠤᠷᠪᠠ︶ 60 ᠡᠳᠦᠷ ᠤᠨ ᠳᠣᠲᠣᠷ᠎ᠠ ᠠᠳᠠᠯᠢ ᠲᠥᠷᠥᠯ ᠤᠨ ᠠᠳᠡᠯ ᠳᠠᠬᠢᠨ ᠭᠠᠷᠤᠭᠰᠠᠨ᠃ | ︵ᠲᠦᠷᠪᠡ︶ ᠠᠳᠡᠯ ᠢ ᠰᠠᠶᠢᠲᠤᠷ ᠬᠠᠮᠢᠶᠠᠷᠤᠭᠰᠠᠨ ᠦᠭᠡᠢ᠃ | ︵ᠲᠠᠪᠤ︶ ᠠᠳᠡᠯ ᠤᠨ ᠬᠠᠷᠢᠭᠤᠴᠠᠯᠭ᠎ᠠ ᠨᠡᠬᠡᠮᠵᠢᠯᠡᠬᠦ ᠶᠢ ᠬᠠᠭᠠᠰ ᠵᠢᠯ ᠠᠴᠠ ᠬᠡᠲᠦᠷᠡᠭᠰᠡᠨ ᠪᠠᠶᠢᠲᠠᠯ᠎ᠠ | ᠨᠠᠶᠢᠳᠠᠪᠤᠷᠢᠵᠢᠭᠤᠯᠤᠭᠰᠠᠨ ᠦᠭᠡᠶ᠃ | ︵ᠵᠢᠷᠭᠤᠭ᠎ᠠ︶ ᠳᠡᠭᠡᠳᠦ ᠱᠠᠲᠤᠨ ᠤ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠲᠠ ᠶᠢ ᠱᠠᠭᠠᠷᠳᠠᠯᠭ᠎ᠠ | ᠶᠣᠰᠣᠭᠠᠷ ᠪᠡᠶᠡᠯᠡᠭᠦᠯᠦᠭᠰᠡᠨ ᠥᠬᠡᠶ︔ | ︵ᠳᠤᠯᠤᠭ᠎ᠠ︶ ᠰᠡᠷᠡᠮᠵᠢ ᠥᠭᠴᠦ ᠮᠡᠳᠡᠭᠦᠯᠬᠦ ᠴᠢᠬᠤᠯᠠ ᠲᠠᠢ ᠪᠤᠰᠤᠳ ᠪᠠᠶᠢᠳᠠᠯ᠃ | ᠭᠤᠴᠢᠳᠤᠭᠠᠷ ᠵᠦᠢᠯ ᠰᠡᠷᠡᠮᠵᠢᠯᠡᠭᠦᠯᠵᠦ ᠮᠡᠳᠡᠭᠳᠡᠬᠦ ᠪᠠᠶᠢᠳᠠᠯ ᠳᠤ ᠨᠡᠶᠢᠴᠡᠬᠦ ᠶᠢ ᠨᠢ ᠲᠤᠭᠤᠷᠢᠭ ᠤᠨ ᠠᠶᠤᠯ | ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠰᠡᠷᠡᠮᠵᠢᠯᠡᠭᠦᠯᠵᠦ ᠮᠡᠳᠡᠭᠳᠡᠬᠦ ᠮᠡᠳᠡᠭᠳᠡᠯ ᠲᠣᠭᠲᠠᠭᠠᠵᠤ᠂ | ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠤᠳᠤᠷᠢᠳᠤᠯᠭ᠎ᠠ ᠳᠤ ᠮᠡᠳᠡᠭᠦᠯᠦᠨ ᠬᠢᠨᠠᠨ | ᠲᠣᠭᠲᠠᠭᠠᠯᠭᠠᠵᠤ ᠭᠠᠷ ᠤᠨ ᠦᠰᠦᠭ ᠵᠢᠷᠤᠭᠤᠯᠬᠤ ᠶᠢᠨ ᠬᠠᠮᠲᠤ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ᠂ ᠲᠤᠭᠤᠷᠢᠭ ᠤᠨ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠲᠤ | ᠬᠠᠭᠤᠯᠤᠨ ᠢᠯᠡᠭᠡᠨ᠎ᠡ᠃ | ᠭᠤᠴᠢᠨ ᠨᠢᠭᠡᠳᠦᠭᠡᠷ ᠵᠦᠢᠯ ᠰᠡᠷᠡᠮᠵᠢᠯᠡᠬᠦᠯᠦᠯ ᠳᠤ ᠤᠴᠠᠷᠠᠭᠰᠠᠨ ᠨᠢᠭᠡᠴᠢ ᠰᠡᠷᠡᠮᠵᠢᠯᠡᠬᠦᠯᠬᠦ ᠮᠡᠳᠡᠭᠳᠡᠯ ᠤᠨ | ᠮᠡᠳᠡᠭᠳᠡᠯ ᠢ ᠤᠯᠤᠭᠰᠠᠨ ᠡᠳᠤᠷ ᠠᠴᠠ ᠡᠬᠢᠯᠡᠨ 15 ᠡᠳᠦᠷ ᠤᠨ ᠳᠣᠲᠣᠷ᠎ᠠ᠂ ᠣᠷᠣᠰᠢᠵᠤ ᠪᠠᠶᠢᠭ᠎ᠠ ᠭᠤᠤᠯ ᠠᠰᠠᠭᠤᠳᠠᠯ | ᠵᠢᠴᠢ ᠰᠢᠯᠲᠠᠭᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ | ᠪᠢᠴᠢᠭ ᠤᠨ ᠬᠡᠯᠪᠡᠷᠢ ᠪᠠᠷ ᠲᠤᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠬᠦ | ᠬᠡᠷᠡᠭᠲᠡᠶ᠃ | ᠵᠢᠷᠭᠤᠳᠤᠭᠠᠷ ᠪᠦᠯᠦᠭ ᠪᠣᠯᠵᠣᠨ ᠶᠠᠷᠢᠯᠴᠠᠬᠤ ᠠᠷᠭ᠎ᠠ | ᠭᠤᠴᠢᠨ ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠶᠤᠯ ᠦᠭᠡᠢ ᠦᠢᠯᠡᠳᠪᠦᠷᠢᠯᠡᠯ ᠲᠠᠢ | ᠪᠣᠯᠵᠣᠨ ᠶᠠᠷᠢᠯᠴᠠᠬᠤ ᠭᠡᠳᠡᠭ ᠪᠣᠯ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ᠂ | ᠳᠡᠳ᠋ ᠡᠷᠬᠢᠯᠡᠭᠴᠢ ᠵᠢᠴᠢ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠪᠦᠷᠢᠯᠳᠦᠬᠦᠨ ᠨᠢᠭᠡᠴᠢ ᠶᠢᠨ | ᠬᠠᠷᠢᠭᠤᠴᠠᠯᠭᠠᠲᠠᠨ᠂ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ | ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠲᠠᠢ | ᠪᠣᠯᠵᠣᠨ ᠶᠠᠷᠢᠯᠴᠠᠵᠤ᠂ ᠠᠶᠤᠯ ᠦᠭᠡᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ | ᠰᠡᠷᠡᠮᠵᠢᠯᠡᠭᠦᠯᠵᠦ ᠰᠠᠨᠠᠭᠤᠯᠬᠤ᠂ ᠰᠡᠷᠡᠮᠵᠢᠯᠡᠭᠦᠯᠵᠦ ᠵᠢᠯᠣᠭᠤᠳᠬᠤ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ | ᠶᠠᠷᠢᠯᠴᠠᠭ᠎ᠠ ᠬᠢᠬᠦ ᠶᠢ ᠵᠢᠭᠠᠵᠤ ᠪᠤᠶ᠃ | ᠭᠤᠴᠢᠨ ᠭᠤᠷᠪᠠᠳᠤᠭᠠᠷ ᠵᠦᠢᠯ ᠠᠶᠤᠯ ᠦᠭᠡᠢ ᠦᠢᠯᠡᠳᠪᠦᠷᠢᠯᠡᠯ ᠤᠨ ᠠᠵᠢᠯ ᠨᠢ ᠬᠦᠴᠦᠨ ᠦᠭᠡᠢ ᠳᠣᠣᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ | ᠪᠤᠶᠤ ᠳᠡᠳ᠋ ᠡᠷᠬᠢᠯᠡᠭᠴᠢ ᠠᠴᠠ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ | ᠪᠦᠬᠦᠢ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠄ | ︵ᠨᠢᠭᠡ︶ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ ᠪᠣᠯᠤᠨ ᠬᠤᠳᠠ ᠶᠢᠨ ᠵᠠᠰᠠᠭ ᠤᠨ | ᠣᠷᠳᠣᠨ ᠵᠢᠴᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠶᠤᠯᠭᠦᠢ | ᠦᠢᠯᠡᠳᠪᠦᠷᠢᠯᠡᠯ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠨᠢ ᠡᠷᠡᠰ ᠪᠠᠲᠤ ᠪᠢᠰᠢ᠂ ᠪᠣᠳᠠᠲᠠᠢ ᠳᠤ ᠬᠦᠷᠦᠭᠰᠡᠨ ᠦᠭᠡᠢ ᠪᠠᠶᠢᠪᠠᠯ︔ | ︵ᠬᠤᠶᠠᠷ︶ ᠬᠠᠷᠢᠶᠠᠯᠠᠬᠤ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠨᠡᠯᠢᠶᠡᠳ ᠶᠡᠭᠡ ᠵᠢᠴᠢ | ᠲᠡᠭᠦᠨ ᠠᠴᠠ ᠳᠡᠭᠡᠭᠰᠢᠬᠢ ᠠᠳᠡᠯ ᠭᠠᠷᠤᠭᠰᠠᠨ ᠪᠠᠶᠢᠪᠠᠯ︔ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠨᠢ ᠬᠦᠴᠦᠨ ᠦᠭᠡᠢ ᠠᠴᠠ ᠪᠣᠯᠵᠤ ᠠᠳᠡᠯ | ᠦᠬᠦᠵᠦ ᠰᠢᠷᠬᠠᠳᠤᠭᠰᠠᠨ ᠬᠤᠬᠢᠷᠠᠯ ᠨᠢ ᠶᠡᠬᠡᠳᠴᠦ᠂ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠡ᠊ᠨᠳᠡᠯ ᠳᠤ | ᠬᠦᠷᠦᠭᠰᠡᠨ ᠪᠠᠶᠢᠪᠠᠯ︔ | ︵ᠲᠦᠷᠪᠡ︶ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠠᠳᠡᠯ ᠤᠨ ᠪᠠᠶᠢᠴᠠᠭᠠᠯᠲᠠ ᠶᠢᠨ | ᠮᠡᠳᠡᠭᠦᠯᠦᠯᠲᠡ ᠳᠤ ᠳᠤᠷᠠᠳᠤᠭᠰᠠᠨ ᠬᠠᠷᠢᠭᠤᠴᠠᠯᠭ᠎ᠠ ᠨᠡᠬᠡᠮᠵᠢᠯᠡᠬᠦ᠂ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠶᠢ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠭᠰᠠᠨ ᠦᠭᠡᠢ ᠪᠠᠶᠢᠪᠠᠯ︔ | ︵ᠲᠠᠪᠤ︶ ᠪᠣᠯᠵᠣᠨ ᠶᠠᠷᠢᠯᠴᠠᠬᠤ ᠴᠢᠬᠤᠯᠠ ᠲᠠᠢ ᠪᠤᠰᠤᠳ ᠪᠠᠶᠢᠳᠠᠯ᠃ | ᠭᠤᠴᠢᠨ ᠳᠥᠷᠪᠡᠳᠦᠭᠡᠷ ᠵᠦᠢᠯ ᠠᠶᠤᠯ ᠦᠭᠡᠢ ᠦᠢᠯᠡᠳᠪᠦᠷᠢᠯᠡᠯ ᠤᠨ ᠠᠵᠢᠯ ᠨᠢ ᠬᠦᠴᠦᠨ ᠦᠭᠡᠢ᠂ ᠳᠣᠣᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ | ᠳᠡᠳ᠋ ᠡᠷᠬᠢᠯᠡᠭᠴᠢ ᠪᠤᠶᠤ ᠲᠡᠭᠦᠨ ᠤ ᠨᠠᠶᠢᠳᠠᠭᠰᠠᠨ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ | ᠠᠯᠪᠠᠨ ᠭᠡᠷ ᠤᠨ ᠬᠠᠷᠢᠭᠤᠴᠠᠯᠭᠠᠲᠠᠨ ᠠᠴᠠ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ | ᠪᠦᠷᠢᠯᠳᠦᠬᠦᠨ ᠨᠢᠭᠡᠴᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠄ | ︵ᠨᠢᠭᠡ︶ ᠬᠠᠷᠢᠶᠠᠯᠠᠬᠤ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ ᠨᠢ 30 ᠡᠳᠦᠷ ᠤᠨ ᠳᠣᠲᠣᠷ᠎ᠠ 2 ᠤᠳᠠᠭ᠎ᠠ | ︵ᠪᠠᠭᠲᠠᠨ᠎ᠠ︶ ᠡᠩ ᠤᠨ ᠠᠳᠡᠯ ᠭᠠᠷᠤᠭᠰᠠᠨ ᠪᠠᠶᠢᠪᠠᠯ︔ | ︵ᠬᠤᠶᠠᠷ︶ ᠬᠠᠤᠯᠢ ᠪᠤᠰᠤ ᠪᠠᠷ ᠦᠢᠯᠡᠳᠪᠦᠷᠢᠯᠡᠵᠦ ᠡᠵᠡᠩᠨᠡᠵᠦ ᠪᠦᠲᠦᠭᠡᠨ ᠪᠠᠶᠢᠭᠤᠯᠤᠭᠰᠠᠨ ᠪᠤᠶᠤ ᠪᠤᠰᠤᠳ | ᠰᠢᠨᠵᠢ ᠴᠢᠨᠠᠷ ᠢᠶᠠᠷ ᠬᠦᠨᠳᠦ ᠨᠣᠴᠢᠲᠠᠶ ᠨᠥᠯᠥᠭᠡ ᠪᠠᠷ ᠮᠠᠭᠤ ᠠᠳᠡᠯ ᠭᠠᠷᠤᠭᠰᠠᠨ ᠪᠠᠶᠢᠪᠠᠯ︔ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠨᠢ ᠬᠦᠴᠦᠨ ᠦᠭᠡᠢ ᠠᠴᠠ ᠪᠤᠯᠵᠤ ᠠᠳᠡᠯ | ᠦᠬᠦᠵᠦ ᠰᠢᠷᠬᠠᠳᠤᠭᠰᠠᠨ ᠬᠤᠬᠢᠷᠠᠯ ᠨᠢ ᠶᠡᠬᠡᠳᠴᠦ᠂ ᠨᠡᠯᠢᠶᠡᠳ ᠶᠡᠭᠡ ᠡ᠊ᠨᠳᠡᠯ ᠳᠤ ᠬᠦᠷᠦᠭᠰᠡᠨ ᠪᠠᠶᠢᠪᠠᠯ︔ | ︵ᠲᠦᠷᠪᠡ︶ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ᠂ ᠬᠤᠲᠠ ᠶᠢᠨ ᠠᠶᠤᠯ ᠦᠭᠡᠢ | ᠦᠢᠯᠡᠳᠪᠦᠷᠢᠯᠡᠯ ᠤᠨ ᠵᠥᠪᠯᠡᠯ᠂ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠰᠢᠮᠳᠠᠭᠤᠯᠤᠨ | ᠰᠢᠢᠳᠪᠦᠷᠢᠯᠡᠭᠦᠯᠦᠭᠰᠡᠨ ᠠᠳᠡᠯ ᠤᠨ ᠲᠤᠰᠢᠶᠠᠨ ᠰᠢᠢᠳᠪᠦᠷᠢᠯᠡᠭᠦᠯᠦᠭᠰᠡᠨ ᠢᠯᠡᠴᠢᠯᠡᠨ ᠮᠡᠳᠡᠭᠦᠯᠦᠭᠰᠡᠨ ᠬᠡᠷᠡᠭ ᠲᠤ | ᠲᠣᠭᠲᠠᠭᠠᠯ ᠶᠣᠰᠣᠭᠠᠷ ᠪᠠᠶᠢᠴᠠᠭᠠᠯᠲᠠ ᠪᠤᠶᠤ ᠬᠠᠷᠭᠤᠭᠤᠯᠤᠨ ᠪᠠᠶᠢᠴᠠᠭᠠᠬᠤ ᠶᠢ ᠪᠡᠶᠡᠯᠡᠭᠦᠯᠦᠭᠰᠡᠨ ᠦᠭᠡᠢ᠂ ᠡᠰᠡᠬᠦᠯ᠎ᠡ | ᠬᠠᠷᠢᠭᠤᠴᠠᠯᠭ᠎ᠠ ᠨᠡᠬᠡᠮᠵᠢᠯᠡᠬᠦ᠂ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠦᠭᠡᠢ︔ | ︵ᠲᠠᠪᠤ︶ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠭᠡᠷ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠬᠤᠲᠠ ᠶᠢᠨ | ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠲᠣᠭᠤᠷᠢᠭ ᠤᠨ ᠠᠶᠤᠯ ᠦᠭᠡᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠰᠢᠮᠳᠠᠭᠤᠯᠤᠨ ᠰᠢᠢᠳᠪᠦᠷᠢᠯᠡᠭᠦᠯᠬᠦ ᠳᠠᠯᠳᠠ ᠭᠡᠮ ᠤᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠯᠭ᠎ᠠ ᠶᠣᠰᠣᠭᠠᠷ ᠪᠡᠶᠡᠯᠡᠭᠦᠯᠦᠭᠰᠡᠨ ᠦᠭᠡᠢ︔ | ︵ᠵᠢᠷᠭᠤᠭ᠎ᠠ︶ ᠣᠨ ᠤ ᠠᠶᠤᠯ ᠦᠭᠡᠢ ᠦᠢᠯᠡᠳᠪᠦᠷᠢᠯᠡᠯ ᠤᠨ ᠰᠢᠯᠭᠠᠨ ᠬᠢᠨᠠᠭᠰᠠᠨ ᠦᠷ᠎ᠡ ᠳ᠋ᠦᠩ ᠨᠢ ᠬᠢᠷᠢ | ᠲᠡᠩᠴᠡᠭᠰᠡᠨ ᠦᠭᠡᠢ ᠪᠠᠶᠢᠬᠤ︔ | ︵ᠳᠤᠯᠤᠭ᠎ᠠ︶ ᠪᠣᠯᠵᠣᠨ ᠶᠠᠷᠢᠯᠴᠠᠬᠤ ᠴᠢᠬᠤᠯᠠ ᠲᠠᠢ ᠪᠤᠰᠤᠳ ᠪᠠᠶᠢᠳᠠᠯ᠃ | ᠭᠤᠴᠢᠨ ᠲᠠᠪᠤᠳᠤᠭᠠᠷ ᠵᠦᠢᠯ ᠠᠶᠤᠯ ᠦᠭᠡᠢ ᠦᠢᠯᠡᠳᠪᠦᠷᠢᠯᠡᠯ ᠤᠨ ᠠᠵᠢᠯ ᠨᠢ ᠬᠦᠴᠦᠨ ᠦᠭᠡᠢ ᠪᠣᠯ | ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ | ᠠᠯᠪᠠᠨ ᠭᠡᠷ ᠤᠨ ᠭᠤᠣᠯ ᠬᠠᠷᠢᠭᠤᠴᠠᠯᠭᠠᠲᠠᠨ ᠪᠤᠶᠤ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ | ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠠᠴᠠ ᠬᠤᠯᠪᠣᠭᠳᠠᠯ | ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠳᠤ ︽ᠬᠤᠶᠠᠷ ᠢ ᠪᠣᠯᠵᠣᠨ ᠶᠠᠷᠢᠯᠴᠠᠬᠤ︾᠄ | ︵ᠨᠢᠭᠡ︶ ᠴᠢᠬᠤᠯᠠ ᠰᠡᠷᠭᠡᠭ ᠴᠠᠭ ᠦᠶ᠎ᠡ ᠳᠤ ᠠᠳᠡᠯ ᠭᠠᠷᠤᠭᠰᠠᠨ᠃ | ︵ᠬᠤᠶᠠᠷ︶ ᠰᠢᠨᠵᠢ ᠴᠢᠨᠠᠷ ᠢᠶᠠᠷ ᠬᠦᠨᠳᠦ ᠨᠣᠴᠢᠲᠠᠢ᠂ ᠨᠡᠶᠢᠭᠡᠮ ᠤᠨ ᠨᠥᠯᠥᠭᠡ ᠮᠠᠭᠤ ᠲᠠᠢ ᠠᠳᠡᠯ ᠭᠠᠷᠤᠭᠰᠠᠨ᠃ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠨᠢ ᠬᠦᠴᠦᠨ ᠦᠭᠡᠢ ᠠᠴᠠ ᠪᠣᠯᠵᠤ ᠡ᠊ᠨᠳᠡᠯ | ᠦᠬᠦᠵᠦ ᠰᠢᠷᠬᠠᠳᠤᠭᠰᠠᠨ ᠬᠤᠬᠢᠷᠠᠯ ᠨᠢ ᠶᠡᠬᠡᠳᠦᠭᠰᠡᠨ᠃ | ︵ᠲᠦᠷᠪᠡ︶ ᠪᠣᠯᠵᠣᠨ ᠶᠠᠷᠢᠯᠴᠠᠬᠤ ᠴᠢᠬᠤᠯᠠ ᠲᠠᠢ ᠪᠤᠰᠤᠳ ᠪᠠᠶᠢᠳᠠᠯ᠃ | ᠭᠤᠴᠢᠨ ᠵᠢᠷᠭᠤᠳᠤᠭᠠᠷ ᠵᠦᠢᠯ ᠠᠶᠤᠯ ᠦᠭᠡᠶ ᠦᠢᠯᠡᠳᠪᠦᠷᠢᠯᠡᠯ ᠤᠨ ᠠᠵᠢᠯ ᠨᠢ ᠬᠦᠴᠦᠨ ᠦᠭᠡᠶ᠂ ᠳᠣᠤᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠲᠤᠭᠤᠷᠢᠭ ᠤᠨ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ | ᠭᠤᠤᠯ ᠬᠠᠷᠢᠭᠤᠴᠠᠯᠭᠠᠲᠠᠨ ᠪᠤᠶᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ᠂ ᠡᠰᠡᠬᠦᠯ᠎ᠡ ᠲᠤᠭᠤᠷᠢᠭ ᠤᠨ ᠠᠶᠤᠯ | ᠦᠭᠡᠶ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠶᠢᠨ | ᠬᠠᠷᠢᠭᠤᠴᠠᠯᠭᠠᠲᠠᠨ ᠠᠴᠠ ᠬᠤᠯᠪᠣᠭᠳᠠᠯ ᠪᠦᠬᠦᠢ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ | ᠬᠠᠮᠢᠶᠠᠷᠬᠤ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃ | ︵ᠨᠢᠭᠡ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠲᠤᠬᠢᠷᠠᠭᠤᠯᠤᠨ ᠪᠠᠶᠢᠷᠢᠯᠠᠭᠤᠯᠤᠭᠰᠠᠨ ᠠᠶᠤᠯᠭᠦᠢ ᠦᠢᠯᠡᠳᠪᠦᠷᠢᠯᠡᠯ ᠤᠨ | ᠭᠤᠣᠯᠳᠠᠯᠭ᠎ᠠ ᠲᠠᠢ ᠠᠵᠢᠯ ᠤᠨ ᠠᠬᠢᠴᠠ ᠤᠳᠠᠭᠠᠨ᠂ ᠡᠭᠦᠷᠭᠡ ᠪᠠᠨ ᠪᠡᠶᠡᠯᠡᠭᠦᠯᠦᠭᠰᠡᠨ ᠦᠭᠡᠢ᠃ | ︵ᠬᠤᠶᠠᠷ︶ ᠲᠤᠭᠤᠷᠢᠭ ᠤᠨ ᠱᠠᠲᠤᠨ ᠤ ᠤᠳᠤᠷᠢᠳᠤᠯᠭ᠎ᠠ ᠶᠢᠨ ᠴᠣᠬᠤᠯᠠᠪᠤᠷᠢ᠂ ᠭᠤᠤᠯ ᠤᠷᠤᠰᠬᠠᠯ ᠤᠨ | ᠵᠠᠭᠤᠴᠢᠯᠠᠭᠤᠷ ᠤᠳ ᠢᠯᠡᠴᠢᠯᠡᠭᠰᠡᠨ ᠪᠠ ᠣᠯᠠᠨ ᠲᠦᠮᠡᠨ ᠤ ᠲᠤᠰᠬᠠᠯ ᠢᠶᠠᠷ ᠴᠢᠩᠭ᠎ᠠ ᠬᠤᠤᠷ ᠬᠥᠨᠥᠭᠡᠯ ᠤᠨ | ᠬᠡᠮᠵᠢᠶ᠎ᠡ ᠨᠢ ᠥᠨᠳᠥᠷ᠂ ᠨᠡᠶᠢᠭᠡᠮ ᠤᠨ ᠨᠥᠯᠥᠭᠡ ᠪᠠᠷ ᠮᠠᠭᠤ ᠲᠦᠭᠰᠢᠭᠦᠷᠢ ᠳᠤ ᠬᠤᠯᠪᠣᠭᠳᠠᠭᠰᠠᠨ ᠠᠳᠡᠯ ᠪᠠ ᠬᠡᠷᠡᠭ | ᠭᠠᠷᠤᠭᠰᠠᠨ᠃ | ︵ᠭᠤᠷᠪᠠ︶ ᠬᠠᠤᠯᠢ ᠪᠤᠰᠤ ᠪᠠ ᠬᠠᠤᠯᠢ ᠠᠴᠠ ᠵᠥᠷᠢᠴᠡᠨ ᠦᠢᠯᠡᠳᠪᠦᠷᠢᠯᠡᠵᠦ ᠡᠵᠡᠩᠨᠡᠵᠦ ᠪᠦᠲᠦᠭᠡᠨ | ᠪᠠᠶᠢᠭᠤᠯᠬᠤ ᠠᠰᠠᠭᠤᠳᠠᠯ ᠲᠣᠪᠤᠶᠢᠮ᠎ᠠ ᠪᠠᠶᠢᠵᠤ᠂ ᠠᠶᠤᠯ ᠦᠭᠡᠶ ᠦᠢᠯᠡᠳᠪᠦᠷᠢᠯᠡᠯ ᠤᠨ ᠢᠯᠡᠴᠢᠯᠡᠨ ᠮᠡᠳᠡᠭᠦᠯᠦᠭᠰᠡᠨ ᠢ | ᠬᠢᠨᠠᠮᠠᠭᠠᠶ ᠰᠢᠢᠳᠪᠦᠷᠢᠯᠡᠭᠰᠡᠨ ᠦᠭᠡᠶ ᠠᠴᠠ ᠪᠣᠯᠵᠤ ᠬᠦᠨᠳᠦ ᠨᠣᠴᠢᠲᠠᠶ ᠮᠠᠭᠤ ᠨᠥᠯᠥᠭᠡ ᠭᠠᠷᠭᠠᠭᠰᠠᠨ᠃ | ︵ᠲᠦᠷᠪᠡ︶ ᠭᠡᠨᠡᠳᠡᠯ ᠢ ᠨᠢᠭᠤᠭᠰᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠰᠡᠨ ᠦᠭᠡᠢ ᠠᠴᠠ ᠪᠣᠯᠵᠤ | ᠠᠳᠡᠯ ᠢ ᠥᠷᠭᠡᠳᠬᠡᠭᠰᠡᠨ ᠪᠤᠶᠤ ᠠᠳᠡᠯ ᠢ ᠪᠠᠶᠢᠴᠠᠭᠠᠨ ᠰᠢᠢᠳᠪᠦᠷᠢᠯᠡᠭᠰᠡᠨ ᠰᠠᠨᠠᠯ ᠢ ᠪᠣᠳᠠᠲᠠᠢ | ᠨᠠᠶᠢᠳᠠᠪᠤᠷᠢᠵᠢᠭᠤᠯᠤᠭᠰᠠᠨ ᠦᠭᠡᠢ᠃ | ︵ᠲᠠᠪᠤ︶ ᠪᠣᠯᠵᠣᠨ ᠶᠠᠷᠢᠯᠴᠠᠬᠤ ᠴᠢᠬᠤᠯᠠ ᠲᠠᠢ ᠪᠤᠰᠤᠳ ᠪᠠᠶᠢᠳᠠᠯ᠃ | ᠭᠤᠴᠢᠨ ᠳᠣᠯᠣᠳᠤᠭᠠᠷ ᠵᠦᠢᠯ ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠬᠡᠷ ᠠᠴᠠ ᠰᠠᠨᠠᠭᠤᠯᠭ᠎ᠠ ᠳᠤᠷᠠᠳᠴᠤ᠂ ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠬᠡᠷ ᠲᠤ ᠰᠠᠨᠠᠭᠤᠯᠭ᠎ᠠ ᠳᠤᠷᠠᠳᠴᠤ᠂ ᠪᠣᠯᠵᠣᠨ ᠶᠠᠷᠢᠯᠴᠠᠬᠤ ᠲᠠᠰ ᠳᠠᠷᠠᠭᠠᠯᠠᠯ ᠢ ᠡᠬᠢᠯᠡᠭᠦᠯᠦᠨ᠎ᠡ︔ ᠲᠤᠭᠤᠷᠢᠭ ᠤᠨ | ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠭᠤᠤᠯ ᠬᠠᠷᠢᠭᠤᠴᠠᠯᠭᠠᠲᠠᠨ ᠢᠶᠠᠷ ᠬᠢᠨᠠᠨ | ᠲᠣᠭᠲᠠᠭᠠᠯᠭᠠᠭᠰᠠᠨ ᠤ ᠳᠠᠷᠠᠭ᠎ᠠ᠂ ᠪᠣᠯᠵᠣᠨ ᠶᠠᠷᠢᠯᠴᠠᠬᠤ ᠲᠠᠰ ᠳᠠᠷᠠᠭᠠᠯᠠᠯ ᠢ ᠡᠬᠢᠯᠡᠭᠦᠯᠦᠨ᠎ᠡ︔ ᠲᠤᠭᠤᠷᠢᠭ ᠤᠨ ᠠᠶᠤᠯ | ᠥᠬᠡᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠨᠦᠭᠦᠳ ᠠᠵᠢᠯ ᠤᠨ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ ᠰᠠᠨᠠᠭᠤᠯᠭ᠎ᠠ ᠳᠤᠷᠠᠳᠴᠤ᠂ ᠲᠤᠭᠤᠷᠢᠭ ᠤᠨ ᠠᠶᠤᠯ ᠥᠬᠡᠶ | ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠨᠦᠭᠦᠳ ᠢ ᠪᠣᠯᠵᠣᠨ ᠶᠠᠷᠢᠯᠴᠠᠭᠰᠠᠨ ᠤ ᠳᠠᠷᠠᠭ᠎ᠠ᠂ ᠲᠣᠰ | ᠨᠢᠭᠡᠴᠡ ᠶᠢᠨ ᠢᠶᠠᠨ ᠬᠤᠯᠪᠣᠭᠳᠠᠯ ᠪᠥᠬᠦᠶ ᠳᠣᠲᠣᠭᠠᠳᠤ ᠶᠢᠨ ᠰᠠᠯᠠᠭ᠎ᠠ ᠲᠠᠰᠤᠭ ᠲᠤ ᠰᠠᠨᠠᠭᠤᠯᠭ᠎ᠠ ᠳᠤᠷᠠᠳᠴᠤ᠂ ᠲᠣᠰ | ᠨᠢᠭᠡᠴᠡ ᠶᠢᠨ ᠢᠶᠠᠨ ᠭᠤᠤᠯ ᠬᠠᠷᠢᠭᠤᠴᠠᠯᠭᠠᠲᠠᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠭᠤᠷᠢᠭ ᠤᠨ | ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠤ ᠬᠠᠭᠤᠯᠤᠨ ᠢᠯᠡᠭᠡᠵᠦ᠂ ᠪᠣᠯᠵᠣᠨ ᠶᠠᠷᠢᠯᠴᠠᠬᠤ | ᠲᠠᠰ ᠳᠠᠷᠠᠭᠠᠯᠠᠯ ᠢ ᠡᠬᠢᠯᠡᠭᠦᠯᠦᠨ᠎ᠡ︔ ᠬᠠᠮᠲᠤ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠠᠶᠢᠪᠠᠯ᠂ ᠪᠣᠯᠵᠣᠨ | ᠶᠠᠷᠢᠯᠴᠠᠬᠤ ᠨᠢᠭᠡᠴᠡ ᠨᠦᠭᠦᠳ ᠪᠣᠯᠵᠣᠨ ᠶᠠᠷᠢᠯᠴᠠᠬᠤ ᠨᠢᠭᠡᠴᠡ ᠯᠦᠭᠡ ᠰᠠᠨᠠᠭᠠᠴᠢᠯᠠᠭ᠎ᠠ ᠠᠴᠠ ᠪᠠᠨ ᠬᠠᠷᠢᠯᠴᠠᠬᠤ ᠶᠢᠨ | ᠬᠠᠮᠲᠤ ᠪᠣᠯᠵᠣᠨ ᠶᠠᠷᠢᠯᠴᠠᠬᠤ ᠵᠦᠢᠯᠡᠰ ᠤᠨ ᠲᠤᠬᠠᠶ ᠨᠢᠭᠡᠳᠦᠯᠲᠡᠶ ᠶᠠᠷᠢᠯᠴᠠᠬᠤ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠪᠣᠯᠵᠣᠨ ᠶᠠᠷᠢᠯᠴᠠᠬᠤ ᠪᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠪᠣᠯᠵᠣᠨ | ᠶᠠᠷᠢᠯᠴᠠᠬᠤ ᠲᠠᠯ᠎ᠠ ᠠᠴᠠ ᠪᠣᠯᠵᠣᠨ ᠶᠠᠷᠢᠯᠴᠠᠬᠤ ᠲᠠᠯ᠎ᠠ ᠳᠤ ᠪᠢᠴᠢᠭ ᠢᠶᠠᠷ ᠮᠡᠳᠡᠭᠳᠡᠵᠦ᠂ ᠪᠣᠯᠵᠣᠨ ᠶᠠᠷᠢᠯᠴᠠᠬᠤ | ᠲᠠᠯ᠎ᠠ ᠶᠢᠨ ᠤᠴᠢᠷ ᠰᠢᠯᠲᠠᠭᠠᠨ᠂ ᠴᠠᠭ᠂ ᠭᠠᠵᠠᠷ᠂ ᠲᠡᠰ ᠳᠠᠷᠠᠭᠠᠯᠠᠯ᠂ ᠣᠷᠣᠯᠴᠠᠭᠴᠢ ᠵᠢᠴᠢ ᠲᠤᠰᠢᠶᠠᠬᠤ ᠴᠢᠬᠤᠯᠠᠲᠠᠢ | ᠮᠠᠲ᠋ᠧᠷᠢᠶᠠᠯ ᠵᠡᠷᠭᠡ ᠵᠦᠢᠯᠡᠰ ᠢ ᠮᠡᠳᠡᠭᠳᠡᠨ᠎ᠡ᠃ | ᠭᠤᠴᠢ ᠶᠢᠰᠦᠳᠦᠭᠡᠷ ᠵᠦᠢᠯ ᠪᠣᠯᠵᠣᠨ ᠶᠠᠷᠢᠯᠴᠠᠭᠠᠳ ᠪᠠᠶᠢᠭ᠎ᠠ ᠲᠠᠯ᠎ᠠ ᠨᠢ ᠪᠣᠯᠵᠣᠨ ᠶᠠᠷᠢᠯᠴᠠᠬᠤ ᠤᠴᠢᠷ | ᠰᠢᠯᠲᠠᠭᠠᠨ ᠢ ᠦᠨᠳᠦᠰᠦᠯᠡᠨ ᠪᠢᠴᠢᠭᠯᠡᠭᠰᠡᠨ ᠮᠠᠲ᠋ᠧᠷᠢᠶᠠᠯ ᠢᠶᠠᠨ ᠪᠡᠯᠡᠳᠬᠡᠬᠦ ᠬᠡᠷᠡᠭᠲᠡᠶ᠂ ᠭᠤᠤᠯᠳᠠᠭᠤ ᠦᠨᠳᠦᠰᠦᠨ | ᠪᠠᠶᠢᠳᠠᠯ᠂ ᠰᠢᠯᠲᠠᠭᠠᠨ ᠤ ᠵᠠᠳᠠᠯᠤᠯᠲᠠ᠂ ᠭᠤᠤᠯ ᠰᠤᠷᠭᠠᠮᠵᠢ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ | ᠵᠡᠷᠭᠡ ᠪᠠᠭᠲᠠᠨ᠎ᠠ᠃ | ᠳᠥᠴᠢᠳᠦᠭᠡᠷ ᠵᠦᠢᠯ ᠪᠣᠯᠵᠣᠨ ᠶᠠᠷᠢᠯᠴᠠᠬᠤ ᠲᠠᠯ᠎ᠠ ᠶᠢᠨ ᠬᠥᠮᠦᠰ᠄ | ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ | ᠪᠦᠷᠢᠯᠳᠦᠬᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠡᠷᠭᠡ ᠲᠠᠢ | ᠪᠣᠯᠵᠣᠨ ᠶᠠᠷᠢᠯᠴᠠᠭᠳᠠᠪᠠ᠃ ᠪᠠᠶᠢᠳᠠᠯ ᠢ ᠨᠢ ᠦᠵᠡᠵᠦ ᠪᠠᠶᠢᠭᠠᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ | ᠠᠬᠤᠶᠢᠯᠠᠯ ᠤᠨ ᠭᠤᠣᠯ ᠬᠠᠷᠢᠭᠤᠴᠠᠯᠭᠠᠲᠠᠨ ᠢ ᠪᠣᠯᠵᠣᠨ ᠶᠠᠷᠢᠯᠴᠠᠬᠤ ᠶᠢ ᠱᠠᠭᠠᠷᠳᠠᠨ᠎ᠠ᠃ | ᠳᠥᠴᠢᠨ ᠨᠢᠭᠡᠳᠦᠭᠡᠷ ᠵᠦᠢᠯ ᠪᠣᠯᠵᠣᠨ ᠶᠠᠷᠢᠯᠴᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ | ᠪᠦᠬᠦᠢ ᠲᠤᠰᠬᠠᠶ ᠮᠡᠷᠭᠡᠵᠢᠯᠲᠡᠨ᠂ ᠰᠣᠨᠢᠨ ᠮᠡᠳᠡᠭᠡᠨ ᠤ ᠵᠠᠭᠤᠴᠢᠯᠠᠭᠤᠷ᠂ ᠣᠯᠠᠨ ᠨᠡᠶᠢᠲᠡ ᠶᠢᠨ ᠲᠥᠯᠥᠭᠡᠯᠡᠭᠴᠢ ᠶᠢ | ᠤᠷᠢᠵᠤ ᠪᠣᠯᠵᠣᠨ ᠶᠠᠷᠢᠯᠴᠠᠬᠤ ᠳᠤ ᠰᠤᠯᠠ ᠣᠷᠣᠯᠴᠠᠭᠤᠯᠵᠤ ᠪᠣᠯᠤᠨ᠎ᠠ᠃ | ᠳᠥᠴᠢᠨ ᠬᠤᠶᠠᠳᠤᠭᠠᠷ ᠵᠦᠢᠯ ᠪᠣᠯᠵᠣᠨ ᠶᠠᠷᠢᠯᠴᠠᠬᠤ ᠶᠢ ᠬᠡᠷᠡᠭᠵᠢᠭᠦᠯᠬᠦ ᠳᠡᠰ ᠳᠠᠷᠠᠭᠠᠯᠠᠯ᠄ | ︵ᠨᠢᠭᠡ︶ ᠪᠣᠯᠵᠣᠨ ᠶᠠᠷᠢᠯᠴᠠᠭᠰᠠᠨ ᠲᠠᠯ᠎ᠠ ᠨᠢ ᠪᠣᠯᠵᠣᠨ ᠶᠠᠷᠢᠯᠴᠠᠭᠰᠠᠨ ᠤᠴᠢᠷ ᠰᠢᠯᠲᠠᠭᠠᠨ ᠪᠠ ᠵᠣᠷᠢᠯᠭ᠎ᠠ ᠪᠠᠨ | ᠲᠣᠳᠣᠷᠬᠠᠶᠢᠯᠠᠵᠤ᠂ ᠪᠣᠯᠵᠣᠨ ᠶᠠᠷᠢᠯᠴᠠᠭᠰᠠᠨ ᠲᠠᠯ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠳᠡᠨ᠎ᠡ᠃ | ︵ᠬᠤᠶᠠᠷ︶ ᠪᠣᠯᠵᠣᠨ ᠶᠠᠷᠢᠯᠴᠠᠭᠳᠠᠭᠰᠠᠨ ᠲᠠᠯ᠎ᠠ ᠶᠢᠨ ᠬᠢᠨ ᠪᠣᠯᠵᠣᠨ ᠲᠣᠭᠲᠠᠭᠰᠠᠨ ᠵᠦᠢᠯᠡᠰ ᠤᠨ ᠲᠤᠬᠠᠶ | ᠲᠣᠭᠠᠴᠢᠯᠲᠠ ᠶᠢᠨ ᠲᠣᠳᠣᠷᠬᠠᠶᠢᠯᠠᠯᠲᠠ ᠬᠢᠵᠦ᠂ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠳᠤᠷᠠᠳᠤᠨ᠎ᠠ︔ | ︵ᠭᠤᠷᠪᠠ︶ ᠶᠠᠷᠢᠯᠴᠠᠨ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠴᠠᠭ ᠤᠨ ᠬᠢᠵᠠᠭᠠᠷ ᠢ | ᠲᠣᠭᠲᠠᠭᠠᠨ᠎ᠠ᠃ | ︵ᠲᠦᠷᠪᠡ︶ ᠪᠣᠯᠵᠣᠨ ᠶᠠᠷᠢᠯᠴᠠᠬᠤ ᠲᠤᠪᠴᠢ ᠲᠡᠮᠳᠡᠭᠯᠡᠯ ᠢ ᠪᠦᠷᠢᠯᠳᠦᠭᠦᠯᠦᠨ᠎ᠡ᠃ ᠲᠤᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠢ ᠲᠠᠢ ᠪᠣᠯᠵᠣᠨ ᠶᠠᠷᠢᠯᠴᠠᠵᠤ᠂ | ᠲᠣᠪᠴᠢ ᠲᠡᠮᠳᠡᠭᠯᠡᠯ ᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠬᠠᠭᠤᠯᠤᠨ | ᠬᠦᠷᠭᠡᠨ᠎ᠡ᠃ | ᠳᠥᠴᠢᠨ ᠭᠤᠷᠪᠠᠳᠤᠭᠠᠷ ᠵᠦᠢᠯ ᠪᠣᠯᠵᠣᠨ ᠲᠣᠭᠲᠠᠭᠰᠠᠨ ᠲᠠᠯ᠎ᠠ ᠶᠢᠨ ᠬᠢᠨ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠪᠣᠯᠵᠣᠨ ᠶᠠᠷᠢᠯᠴᠠᠭᠰᠠᠨ ᠪᠠᠶᠢᠳᠠᠯ ᠢᠶᠠᠨ ᠪᠢᠴᠢᠭ ᠢᠶᠠᠷ | ᠮᠡᠳᠡᠭᠦᠯᠵᠦ᠂ ᠪᠣᠯᠵᠣᠨ ᠶᠠᠷᠢᠯᠴᠠᠭᠰᠠᠨ ᠲᠠᠯ᠎ᠠ ᠶᠢᠨ ᠬᠢᠨ ᠬᠠᠷᠭᠤᠭᠤᠯᠤᠨ ᠬᠢᠨᠠᠬᠤ ᠶᠢᠨ ᠬᠠᠮᠲᠤ ᠵᠣᠬᠢᠰᠲᠠᠶ ᠠᠷᠭ᠎ᠠ | ᠮᠠᠶ᠋ᠢᠭ ᠢᠶᠠᠷ ᠲᠤᠬᠠᠶ ᠶᠢᠨ ᠲᠠᠯᠠᠪᠤᠷ ᠲᠤᠨᠢ ᠬᠢᠨᠠᠨ ᠪᠠᠶᠢᠴᠠᠭᠠᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠨᠢ ᠬᠦᠴᠦᠨ ᠦᠭᠡᠢ᠂ ᠦᠷᠭᠦᠯᠵᠢᠯᠡᠨ ᠠᠳᠡᠯ ᠭᠠᠷᠤᠭᠰᠠᠨ ᠪᠠᠶᠢᠪᠠᠯ᠂ ᠪᠣᠯᠵᠣᠨ | ᠶᠠᠷᠢᠯᠴᠠᠭᠰᠠᠨ ᠲᠠᠯ᠎ᠠ ᠠᠴᠠ ᠵᠠᠷᠯᠠᠨ ᠮᠡᠳᠡᠭᠳᠡᠵᠦ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ | ᠳᠥᠴᠢᠨ ᠳᠥᠷᠪᠡᠳᠦᠭᠡᠷ ᠵᠦᠢᠯ ᠪᠣᠯᠵᠣᠨ ᠶᠠᠷᠢᠯᠴᠠᠭᠴᠢ ᠨᠢ ᠣᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠳᠡᠭᠡᠷ᠎ᠡ ᠪᠣᠯᠵᠣᠨ ᠶᠠᠷᠢᠯᠴᠠᠭᠳᠠᠭᠰᠠᠨ ᠵᠦᠢᠯᠡᠰ ᠵᠢᠴᠢ ᠰᠢᠢᠳᠪᠦᠷᠢᠯᠡᠭᠰᠡᠨ ᠪᠠᠶᠢᠳᠠᠯ ᠢᠶᠠᠨ ᠲᠣᠳᠣᠷᠬᠠᠶᠢᠯᠠᠬᠤ | ᠬᠡᠷᠡᠭᠲᠡᠶ᠃ | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠲᠠᠪᠤᠳᠤᠭᠠᠷ ᠵᠦᠢᠯ ᠬᠢᠨᠠᠨ ᠰᠢᠯᠭᠠᠭᠤᠯᠤᠭᠰᠠᠨ ᠪᠦᠷᠢᠯᠳᠦᠬᠦᠨ ᠨᠢᠭᠡᠴᠡ ᠨᠢ ᠬᠠᠷᠠᠯᠲᠠ ᠶᠢᠨ ᠬᠢᠨᠠᠨ | ᠰᠢᠯᠭᠠᠯᠲᠠ ᠳᠤ ᠬᠠᠩᠭᠠᠭᠰᠠᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠮᠠᠲ᠋ᠧᠷᠢᠶᠠᠯ ᠪᠠ ᠲᠡᠮᠳᠡᠭᠯᠡᠯ ᠤᠨ ᠦᠨᠡᠨ | ᠪᠣᠳᠠᠲᠤ ᠴᠢᠨᠠᠷ᠂ ᠣᠨᠣᠪᠴᠢᠲᠤ ᠴᠢᠨᠠᠷ ᠲᠤ ᠬᠠᠷᠢᠭᠤᠴᠠᠬᠤ ᠬᠡᠷᠡᠭᠲᠡᠶ᠃ ᠰᠢᠯᠭᠠᠨ ᠬᠢᠨᠠᠬᠤ ᠠᠵᠢᠯ ᠤᠨ ᠳᠤᠮᠳᠠ ᠬᠤᠳᠠᠯ | ᠬᠡᠯᠡᠵᠦ ᠬᠠᠭᠤᠷᠮᠠᠭ ᠢᠶᠠᠷ ᠵᠣᠬᠢᠶᠠᠭᠰᠠᠨ᠂ ᠬᠤᠳᠠᠯ ᠢᠶᠠᠷ ᠮᠡᠳᠡᠭᠦᠯᠦᠭᠡᠳ ᠮᠡᠳᠡᠭᠦᠯᠬᠦ ᠦᠭᠡᠢ ᠨᠢᠭᠤᠭᠰᠠᠨ ᠨᠢᠭᠡᠴᠡ ᠶᠢᠨ | ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠵᠠᠯᠠᠷᠠᠭᠤᠯᠬᠤ᠂ ᠨᠡᠪᠲᠡᠷᠡᠭᠦᠯᠦᠨ ᠰᠢᠭᠦᠮᠵᠢᠯᠡᠬᠦ᠂ ᠰᠢᠯᠭᠠᠨ | ᠬᠢᠨᠠᠵᠤ ᠳᠡᠰ ᠪᠠᠭᠤᠷᠠᠭᠤᠯᠬᠤ ᠵᠡᠷᠭᠡ ᠵᠠᠯᠬᠠᠭᠠᠨ ᠰᠢᠢᠳᠬᠡᠵᠦ᠂ ᠮᠠᠭᠤ ᠨᠥᠯᠥᠭᠡ ᠭᠠᠷᠭᠠᠭᠰᠠᠨ ᠪᠠᠶᠢᠪᠠᠯ ᠬᠠᠤᠯᠢ | ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠥᠮᠥᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠳᠥᠴᠢᠨ ᠵᠢᠷᠭᠤᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠵᠦ᠂ ︽ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠬᠤ ᠲᠤᠬᠠᠶ | ︿ᠤᠳᠠ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠰᠢᠯᠭᠠᠨ ᠬᠢᠨᠠᠬᠤ ᠠᠷᠭ᠎ᠠ﹀ ᠶᠢᠨ ᠮᠡᠳᠡᠭᠳᠡᠯ︾ | ︵ᠤᠳᠠ ᠲᠣᠭᠤᠷᠢᠭ ᠤᠨ ᠠᠯᠪᠠᠨ ᠵᠠᠰᠠᠭ ᠲᠠᠷᠬᠠᠭᠠᠭᠰᠠᠨ ﹇2019﹈ 47 ᠳ᠋ᠤᠭᠠᠷ ᠲᠣᠭᠠᠲᠤ︶ ᠬᠠᠮᠲᠤ ᠳᠤ ᠨᠢ | ᠬᠦᠴᠦᠨ ᠭᠦ᠋ᠢ ᠪᠣᠯᠭᠠᠨ᠎ᠠ᠃ | ᠳᠥᠴᠢᠨ ᠳᠣᠯᠣᠳᠤᠭᠠᠷ ᠵᠦᠢᠯ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠠ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠤᠭᠤᠷᠢᠭ ᠤᠨ ᠠᠶᠤᠯ ᠥᠬᠡᠶ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠴᠠᠭ ᠲᠤᠨᠢ ᠳᠣᠭᠢᠷᠠᠭᠤᠯᠤᠨ ᠲᠣᠰ ᠠᠷᠭ᠎ᠠ ᠳᠠᠬᠢ ᠠᠭᠤᠯᠭ᠎ᠠ ᠳᠤ | ᠲᠣᠬᠢᠷᠠᠭᠤᠯᠤᠯᠲᠠ ᠬᠢᠨ᠎ᠠ᠃ | ᠳᠥᠴᠢᠨ ᠨᠠᠢᠮᠠᠳᠤᠭᠠᠷ ᠵᠦᠢᠯ ᠲᠤᠰ ᠠᠷᠭ᠎ᠠ ᠶᠢ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ | | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠤᠳᠠ ᠲᠣᠭᠤᠷᠢᠭ ᠤᠨ ᠡᠪᠦᠯ ᠤᠨ | ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ ᠬᠤᠶᠠᠳᠤᠭᠠᠷ ᠬᠤᠭᠤᠴᠠᠭ᠎ᠠ ︵ᠭᠤᠷᠪᠠᠳᠤᠭᠠᠷ | ᠪᠠᠷᠢᠮᠵᠢᠶᠠᠲᠤ ᠬᠡᠰᠡᠭ᠂ ᠳᠥᠷᠪᠡᠳᠦᠭᠡᠷ ᠪᠠᠷᠢᠮᠵᠢᠶᠠᠲᠤ ᠬᠡᠰᠡᠭ᠂ ᠲᠠᠪᠤᠨ ᠪᠠᠷᠢᠮᠵᠢᠶ᠎ᠠ ᠶᠢᠨ ᠬᠡᠰᠡᠭ᠂ ᠵᠢᠷᠭᠤᠳᠤᠭᠠᠷ | ᠪᠠᠷᠢᠮᠵᠢᠶ᠎ᠠ ᠶᠢᠨ ᠬᠡᠰᠡᠭ︶ ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ﹀ᠥᠭᠡᠷᠡᠴᠢᠯᠡᠯᠲᠡ ᠶᠢᠨ ᠠᠵᠢᠯ ᠤᠨ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠦᠬᠠᠢ ᠬᠤᠲᠠ ᠶᠢᠨ ᠵᠠᠰᠠᠭ ᠠᠯᠪᠠᠨ ᠥᠰᠥᠭ ﹇2020﹈ 7 ᠳ᠋ᠤᠭᠠᠷ ᠲᠣᠭᠠᠲᠤ | ᠡᠯ᠎ᠡ ᠬᠠᠮᠢᠶ᠎ᠠ ᠪᠥᠬᠦᠶ ᠨᠢᠭᠡᠴᠡ᠄ | ︽ᠤᠳᠠ ᠲᠣᠭᠤᠷᠢᠭ ᠤᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ | ᠬᠤᠶᠠᠳᠤᠭᠠᠷ ᠬᠤᠭᠤᠴᠠᠭ᠎ᠠ ︵ᠭᠤᠷᠪᠠᠳᠤᠭᠠᠷ ᠪᠠᠷᠢᠮᠵᠢᠶᠠᠲᠤ ᠬᠡᠰᠡᠭ᠂ ᠳᠥᠷᠪᠡᠳᠦᠭᠡᠷ ᠪᠠᠷᠢᠮᠵᠢᠶᠠᠲᠤ ᠬᠡᠰᠡᠭ᠂ ᠲᠠᠪᠤᠨ | ᠪᠠᠷᠢᠮᠵᠢᠶ᠎ᠠ ᠶᠢᠨ ᠬᠡᠰᠡᠭ᠂ ᠵᠢᠷᠭᠤᠳᠤᠭᠠᠷ ᠪᠠᠷᠢᠮᠵᠢᠶ᠎ᠠ ᠶᠢᠨ ᠬᠡᠰᠡᠭ︶ ᠶᠢᠨ ︿ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ﹀ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠨᠢᠭᠡᠨᠲᠡ ᠲᠣᠭᠤᠷᠢᠭ ᠤᠨ ᠵᠠᠰᠠᠭ ᠤᠨ | ᠣᠷᠳᠣᠨ ᠰᠤᠳᠤᠯᠤᠨ ᠵᠥᠪᠰᠢᠶᠡᠷᠡᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2024 ᠣᠨ ᠤ 3 ᠰᠠᠷ᠎ᠠ ᠶᠢᠨ 7 ᠤ ᠡᠳᠦᠷ | ᠤᠳᠠ ᠲᠣᠭᠤᠷᠢᠭ ᠤᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ | ᠬᠤᠶᠠᠳᠤᠭᠠᠷ ᠬᠤᠭᠤᠴᠠᠭ᠎ᠠ ︵ᠭᠤᠷᠪᠠᠳᠤᠭᠠᠷ ᠪᠠᠷᠢᠮᠵᠢᠶᠠᠲᠤ ᠬᠡᠰᠡᠭ᠂ ᠳᠥᠷᠪᠡᠳᠦᠭᠡᠷ ᠪᠠᠷᠢᠮᠵᠢᠶᠠᠲᠤ ᠬᠡᠰᠡᠭ᠂ ᠲᠠᠪᠤᠨ | ᠪᠠᠷᠢᠮᠵᠢᠶ᠎ᠠ ᠶᠢᠨ ᠬᠡᠰᠡᠭ᠂ ᠵᠢᠷᠭᠤᠳᠤᠭᠠᠷ ᠪᠠᠷᠢᠮᠵᠢᠶ᠎ᠠ ᠶᠢᠨ ᠬᠡᠰᠡᠭ︶ ᠶᠢᠨ ︽ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ︾ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠨᠡᠭᠦᠷᠡᠰᠦᠲᠥ᠋ᠷᠥᠭᠴᠢ ᠶᠢ | ᠤᠷᠬᠢᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ | ᠭᠦᠨᠵᠡᠭᠡᠶ ᠠᠬᠢᠭᠤᠯᠬᠤ ᠶᠢᠨ ᠲᠥᠯᠥᠭᠡ᠂ ︽ᠦᠬᠠᠶ ᠬᠤᠲᠠ ᠶᠢᠨ PM 10 ᠲᠤᠰᠬᠠᠶ ᠴᠡᠭᠴᠡᠯᠡᠨ ᠵᠠᠰᠠᠬᠤ | ᠠᠵᠢᠯ ᠤᠨ ᠲᠥᠰᠦᠯ ︵2022 - 2025 ᠣᠨ︶︾︽ᠤᠳᠠ ᠲᠣᠭᠤᠷᠢᠭ ᠤᠨ PM 10 ᠲᠤᠰᠬᠠᠶ ᠴᠡᠭᠴᠡᠯᠡᠨ | ᠵᠠᠰᠠᠬᠤ ᠠᠵᠢᠯ ᠤᠨ ᠲᠥᠰᠦᠯ ︵2022 - 2025 ᠣᠨ︶︾ ᠤᠨ ᠱᠠᠭᠠᠷᠳᠠᠯᠭ᠎ᠠ ᠶᠢ ᠦᠨᠳᠦᠰᠦᠯᠡᠨ᠂ ᠤᠳᠠ | ᠲᠣᠭᠤᠷᠢᠭ ᠤᠨ ᠴᠡᠪᠡᠷ ᠳᠤᠯᠠᠭᠠᠯᠠᠭ᠎ᠠ ᠶᠢᠨ ᠡᠵᠡᠯᠡᠬᠦ ᠬᠠᠷᠢᠴᠠᠯ ᠪᠠ ᠦᠷᠭᠦᠯᠵᠢᠯᠡᠬᠦ ᠬᠥᠭᠵᠢᠯᠲᠡ ᠶᠢ ᠳᠡᠭᠡᠭᠰᠢᠯᠡᠭᠦᠯᠵᠦ᠂ | ᠮᠠᠨ ᠤ ᠲᠤᠭᠤᠷᠢᠭ ᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠤᠳᠠ ᠲᠣᠭᠤᠷᠢᠭ ᠤᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠣᠨᠴᠠᠭᠠᠶᠢᠯᠠᠨ | ᠲᠣᠭᠲᠠᠭᠠᠪᠠ᠃ | ᠬᠤᠭᠤᠴᠠᠭ᠎ᠠ ︵ᠭᠤᠷᠪᠠ ᠲᠠᠭᠠᠭᠠᠴᠢᠯᠠᠯᠳᠠ ᠶᠢᠨ ᠬᠡᠰᠡᠭ᠂ ᠲᠥᠷᠪᠡᠨ ᠲᠠᠭᠠᠭᠠᠴᠢᠯᠠᠯᠳᠠ ᠶᠢᠨ ᠬᠡᠰᠡᠭ᠂ ᠲᠠᠪᠤᠨ | ᠲᠠᠭᠠᠭᠠᠴᠢᠯᠠᠯᠳᠠ ᠶᠢᠨ ᠬᠡᠰᠡᠭ᠂ ᠵᠢᠷᠭᠤᠳᠤᠭᠠᠷ ᠲᠠᠭᠠᠭᠠᠴᠢᠯᠠᠯᠳᠠ ᠶᠢᠨ ᠬᠡᠰᠡᠭ︶ ᠶᠢᠨ ︽ᠨᠡᠭᠦᠷᠡᠰᠦ ᠶᠢ ᠴᠠᠬᠢᠯᠭᠠᠨ | ᠪᠤᠯᠭᠠᠨ ᠥᠭᠡᠷᠡᠴᠢᠯᠡᠬᠦ︾ ᠥᠭᠡᠷᠡᠴᠢᠯᠡᠯᠳᠠ ᠶᠢᠨ ᠠᠵᠢᠯ ᠤᠨ ᠬᠡᠷᠡᠭᠵᠢᠭᠦᠯᠬᠦ ᠲᠦᠰᠦᠯ᠃ | ᠨᠢᠭᠡ᠂ ᠶᠡᠷᠦᠩᠬᠡᠢ ᠱᠠᠭᠠᠷᠳᠠᠯᠭ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠥᠪᠡᠷᠲᠡᠭᠡᠨ ᠵᠠᠰᠠᠬᠤ ᠣᠷᠣᠨ᠂ | ᠦᠬᠠᠶ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠣᠷᠣᠨ ᠪᠦᠰᠡ ᠶᠢᠨ ᠣᠷᠴᠢᠨ ᠲᠣᠭᠤᠷᠢᠨ ᠤ ᠠᠭᠠᠷ ᠤᠨ ᠶᠠᠰᠤ | ᠴᠢᠨᠠᠷ ᠢ ᠰᠠᠶᠢᠵᠢᠷᠠᠭᠤᠯᠬᠤ ᠪᠠᠷ ᠭᠤᠤᠯ ᠪᠣᠯᠭᠠᠵᠤ᠂ ᠬᠤᠲᠠ ᠬᠥᠳᠡᠭᠡ ᠶᠢᠨ ᠢᠯᠴᠢ ᠬᠠᠩᠭᠠᠬᠤ ᠡᠨᠧᠷᠭᠢ ᠶᠢᠨ | ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ ᠰᠤᠯᠠ ᠨᠡᠭᠦᠷᠡᠰᠦᠨ ᠤ ᠪᠣᠬᠢᠷᠲᠤᠯ ᠢ | ᠵᠠᠰᠠᠬᠤ ᠠᠵᠢᠯ ᠢ ᠴᠢᠩᠭᠠᠷᠠᠭᠤᠯᠤᠨ᠂ ᠠᠷᠠᠳ ᠤᠨ ᠬᠡᠷᠡᠭᠯᠡᠭᠡᠨ ᠤ ᠢᠯᠴᠢ ᠬᠠᠩᠭᠠᠬᠤ ᠰᠢᠲᠠᠭᠠᠯᠭ᠎ᠠ ᠶᠢᠨ ᠨᠡᠭᠦᠷᠡᠰᠦᠨ ᠤ | ᠪᠣᠬᠢᠷᠲᠤᠯ ᠢ ᠪᠠᠭᠠᠰᠬᠠᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ | ᠠᠬᠢᠭᠤᠯᠤᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠵᠢᠷᠤᠮᠵᠢᠭᠤᠯᠤᠨ ᠠᠵᠢᠯᠯᠠᠭᠤᠯᠤᠨ᠎ᠠ᠃ ︽ᠵᠠᠰᠠᠭ ᠤᠨ | ᠣᠷᠳᠣᠨ ᠢᠶᠠᠷ ᠭᠤᠤᠯᠯᠠᠭᠤᠯᠬᠤ᠂ ᠰᠠᠭᠤᠭᠠᠯᠢ ᠠᠷᠠᠳ ᠰᠠᠶᠢᠨ ᠳᠤᠷ᠎ᠠ ᠠᠴᠠ ᠪᠠᠨ ᠪᠠᠶᠢᠬᠤ᠂ ᠵᠠᠰᠠᠭ ᠤᠨ ᠣᠷᠳᠣᠨ ᠠᠴᠠ | ᠨᠥᠬᠦᠪᠥᠷᠢ ᠥᠭᠬᠦ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠬᠤ᠂ ᠪᠦᠯᠦᠭ ᠬᠤᠪᠢᠶᠠᠨ ᠬᠡᠷᠡᠭᠵᠢᠭᠦᠯᠬᠦ᠂ ᠴᠢᠳᠠᠯ ᠤᠨ ᠢᠶᠠᠨ ᠬᠢᠷᠢ ᠪᠠᠷ ᠬᠢᠬᠦ᠂ | ᠯᠠᠪᠳᠠᠭᠤᠨ ᠢᠶᠠᠷ ᠠᠬᠢᠭᠤᠯᠬᠤ︾ ᠵᠠᠷᠴᠢᠮ ᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠲᠣᠭᠲᠠᠴᠠ ᠶᠢ | ᠣᠷᠣᠭᠤᠯᠤᠨ ᠠᠪᠴᠢᠷᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠬᠦ ᠠᠵᠤ | ᠠᠬᠤᠶᠢᠯᠠᠯ ᠢ ᠢᠯᠡ ᠲᠣᠳᠣ᠂ ᠰᠢᠨᠵᠢᠯᠡᠬᠦ ᠤᠬᠠᠭᠠᠨᠴᠢ ᠪᠠᠷ ᠰᠣᠩᠭᠤᠬᠤ ᠬᠡᠷᠡᠭᠲᠡᠶ᠃ | ︵ᠬᠤᠶᠠᠷ︶ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠬᠤ᠂ ᠭᠠᠵᠠᠷ ᠣᠷᠣᠨ ᠤ ᠪᠠᠶᠢᠳᠠᠯ ᠳᠤᠨᠢ | ᠲᠤᠬᠢᠷᠠᠭᠤᠯᠤᠨ᠎ᠠ᠃ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠮᠢ | ᠠᠬᠤᠶ ᠣᠷᠴᠢᠨ ᠲᠣᠭᠤᠷᠢᠨ ᠤ ᠪᠠᠷᠢᠮᠵᠢᠶ᠎ᠠ ᠳᠤ ᠬᠦᠷᠭᠡᠬᠦ ᠱᠠᠭᠠᠷᠳᠠᠯᠭ᠎ᠠ᠂ ᠡᠨᠧᠷᠭᠢ ᠶᠢᠨ ᠬᠡᠷᠡᠭᠯᠡᠭᠡᠨ ᠤ ᠪᠦᠲᠦᠴᠡ ᠲᠠᠢ | ᠤᠶᠠᠯᠳᠤᠭᠤᠯᠤᠨ᠂ ᠲᠡᠷᠢᠭᠦᠨ ᠤ ᠪᠥᠭᠡᠳ ᠲᠣᠬᠢᠷᠠᠮᠵᠢᠲᠠᠶ᠂ ᠠᠷᠪᠢᠲᠠᠶ ᠪᠥᠭᠡᠳ ᠬᠡᠷᠡᠭᠵᠢᠭᠦᠯᠵᠦ ᠪᠣᠯᠬᠤᠶᠢᠴᠠ ᠠᠷᠢᠭᠤᠨ | ᠴᠡᠪᠡᠷ ᠳᠤᠯᠠᠭᠠᠯᠠᠭ᠎ᠠ ᠶᠢᠨ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠵᠢᠭᠦᠯᠦᠨ᠎ᠡ᠃ | ︵ᠭᠤᠷᠪᠠ︶ ᠴᠢᠳᠠᠯ ᠤᠨ ᠢᠶᠠᠨ ᠬᠢᠷᠢ ᠪᠠᠷ ᠬᠢᠵᠦ᠂ ᠪᠦᠯᠦᠭ ᠬᠤᠪᠢᠶᠠᠨ ᠬᠡᠷᠡᠭᠵᠢᠭᠦᠯᠦᠨ᠎ᠡ᠃ ᠪᠡᠯᠡ ᠮᠥᠩᠭᠦ ᠶᠢᠨ | ᠨᠥᠬᠦᠴᠡᠯ ᠢ ᠦᠨᠳᠦᠰᠦᠯᠡᠨ᠂ ᠰᠠᠭᠤᠭᠠᠯᠢ ᠠᠷᠠᠳ ᠤᠨ ᠬᠦᠰᠡᠯ ᠡᠷᠡᠮᠡᠯᠵᠡᠯ᠂ ᠪᠦᠯᠦᠭ ᠤᠳᠠᠭ᠎ᠠ ᠬᠤᠪᠢᠶᠠᠨ ᠠᠷᠢᠭᠤᠨ | ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ 2023 ᠣᠨ ᠤ ᠨᠡᠭᠦᠷᠡᠰᠦ | ᠰᠢᠲᠠᠭᠠᠬᠤ ᠰᠠᠭᠤᠭᠠᠯᠢ ᠡᠷᠦᠬᠡ ᠶᠢᠨ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ︽ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠤᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠦᠷ᠎ᠡ | ᠪᠦᠲᠦᠮᠵᠢ ᠪᠠᠨ ᠪᠣᠯᠪᠠᠰᠤᠷᠠᠭᠤᠯᠵᠤ᠂ ᠴᠡᠪᠡᠷ ᠡᠨᠧᠷᠭᠢ ᠶᠢᠨ ᠢᠯᠴᠢ ᠬᠠᠩᠭᠠᠬᠤ ᠥᠭᠡᠷᠡᠴᠢᠯᠡᠯᠲᠡ ᠶᠢᠨ ᠬᠤᠶᠠᠳᠤᠭᠠᠷ | ᠬᠤᠭᠤᠴᠠᠭᠠᠨ ᠤ ᠢᠨᠵᠧᠨᠧᠷᠢᠭ ︵ᠭᠤᠷᠪᠠᠳᠤᠭᠠᠷ ᠪᠠᠷᠢᠮᠵᠢᠶᠠᠲᠤ ᠬᠡᠰᠡᠭ᠂ ᠳᠥᠷᠪᠡᠳᠦᠭᠡᠷ ᠪᠠᠷᠢᠮᠵᠢᠶᠠᠲᠤ ᠬᠡᠰᠡᠭ᠂ | ᠲᠠᠪᠤᠳᠤᠭᠠᠷ ᠪᠠᠷᠢᠮᠵᠢᠶᠠᠲᠤ ᠬᠡᠰᠡᠭ᠂ ᠵᠢᠷᠭᠤᠳᠤᠭᠠᠷ ᠪᠠᠷᠢᠮᠵᠢᠶ᠎ᠠ ᠶᠢᠨ ᠬᠡᠰᠡᠭ︶ ᠢ ᠯᠠᠪᠳᠠᠭᠤᠨ ᠢᠶᠠᠷ ᠲᠦᠯᠬᠢᠨ | ᠠᠬᠢᠭᠤᠯᠤᠨ᠎ᠠ︶᠃ | ︵ᠲᠦᠷᠪᠡ︶ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠯᠠᠪᠳᠠᠭᠤᠨ ᠢᠶᠠᠷ ᠠᠬᠢᠭᠤᠯᠤᠨ᠎ᠠ᠃ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠳ᠋ ᠤᠨ ᠵᠠᠰᠠᠭ ᠤᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠣᠯᠠᠨ ᠳᠤ ᠦᠨᠡᠨᠬᠦ ᠪᠣᠳᠠᠲᠤ ᠠᠰᠢᠭ ᠬᠦᠷᠲᠡᠭᠡᠬᠦ | ᠬᠡᠷᠡᠭᠲᠡᠶ᠃ | ᠭᠤᠷᠪᠠ᠂ ᠬᠠᠷᠠᠯᠲᠠ ᠡᠭᠦᠷᠭᠡ ᠵᠢᠴᠢ ᠥᠭᠡᠷᠡᠴᠢᠯᠡᠬᠦ ᠠᠷᠭ᠎ᠠ ᠮᠠᠶ᠋ᠢᠭ | ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠨ ᠠᠬᠢᠭᠤᠯᠵᠤ᠂ ᠰᠠᠭᠤᠭᠠᠯᠢ ᠠᠷᠠᠳ ᠤᠨ | ᠥᠭᠡᠷᠡᠴᠢᠯᠡᠯᠲᠡ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠤᠳᠠ ᠲᠣᠭᠤᠷᠢᠭ ᠤᠨ ᠡᠪᠦᠯ ᠤᠨ ᠤᠯᠠᠷᠢᠯ ᠤᠨ | ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠳᠥᠷᠪᠡᠨ | ᠪᠠᠷᠢᠮᠵᠢᠶᠠᠲᠤ ᠬᠡᠰᠡᠭ ︵ᠭᠤᠷᠪᠠᠳᠤᠭᠠᠷ ᠪᠠᠷᠢᠮᠵᠢᠶᠠᠲᠤ ᠬᠡᠰᠡᠭ᠂ ᠳᠥᠷᠪᠡᠨ ᠪᠠᠷᠢᠮᠵᠢᠶᠠᠲᠤ ᠬᠡᠰᠡᠭ᠂ ᠲᠠᠪᠤᠳᠤᠭᠠᠷ | ᠪᠠᠷᠢᠮᠵᠢᠶ᠎ᠠ ᠶᠢᠨ ᠬᠡᠰᠡᠭ᠂ ᠵᠢᠷᠭᠤᠳᠤᠭᠠᠷ ᠪᠠᠷᠢᠮᠵᠢᠶ᠎ᠠ ᠶᠢᠨ ᠬᠡᠰᠡᠭ︶ ᠢ ᠳᠥᠷᠪᠡᠨ ᠪᠠᠷᠢᠮᠵᠢᠶᠠᠲᠤ ᠬᠡᠰᠡᠭ ᠬᠤᠪᠢᠶᠠᠵᠤ᠂ ᠡᠤ | ᠬᠤ᠋ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠩ ᠬᠤᠸᠠ ᠨᠡᠶᠢᠭᠡᠮ ᠲᠣᠭᠤᠷᠢᠭ᠂ ᠵᠧᠨ ᠬᠤᠸᠠ | ᠨᠡᠶᠢᠭᠡᠮ ᠲᠣᠭᠤᠷᠢᠭ᠂ ᠬᠤᠸᠠᠩ ᠪᠠᠶ ᠽᠢ ᠨᠡᠶᠢᠭᠡᠮ ᠲᠣᠭᠤᠷᠢᠭ᠂ ᠪᠠᠶᠠᠨᠰᠠᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠬᠤ᠋ ᠶᠠᠩ ᠨᠡᠶᠢᠭᠡᠮ ᠲᠣᠭᠤᠷᠢᠭ᠂ ᠰᠢᠨᠳᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤ᠋ ᠵᠢᠩ | ᠨᠡᠶᠢᠭᠡᠮ ᠲᠣᠭᠤᠷᠢᠭ᠂ ᠰᠢᠨᠳᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤ᠋ ᠵᠢᠩ ᠨᠡᠶᠢᠭᠡᠮ ᠲᠣᠭᠤᠷᠢᠭ᠂ | ᠨᠡᠶᠢᠲᠡ 1800 ᠡᠷᠦᠬᠡ ᠪᠠᠶᠢᠰᠢᠩᠲᠤ ᠲᠣᠭᠤᠷᠢᠭ ᠤᠨ ᠰᠠᠭᠤᠭᠠᠯᠢ ᠡᠷᠦᠬᠡ ᠳᠤ ᠴᠡᠪᠡᠷ ᠳᠤᠯᠠᠭᠠᠯᠠᠭ᠎ᠠ ᠶᠢᠨ | ᠥᠭᠡᠷᠡᠴᠢᠯᠡᠯᠲᠡ ᠬᠢᠵᠦ᠂ ᠥᠭᠡᠷᠡᠴᠢᠯᠡᠬᠦ ᠠᠷᠭ᠎ᠠ ᠮᠠᠶ᠋ᠢᠭ ᠢ ᠪᠦᠬᠦᠨ ᠢ ︽ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ︾ ᠬᠡᠷᠡᠭᠲᠡᠶ᠃ | ᠬᠦᠷᠢᠶ᠎ᠡ ᠬᠠᠰᠢᠶ᠎ᠠ ᠶᠢᠨ ᠪᠦᠲᠦᠴᠡ᠂ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠦᠵᠦᠭᠦᠷ ᠤᠨ | ᠲᠥᠬᠦᠭᠡᠷᠦᠮᠵᠢ ᠶᠢ ᠰᠣᠩᠭᠤᠵᠤ᠂ ᠮᠡᠷᠭᠡᠵᠢᠯ ᠤᠨ ᠠᠷᠭ᠎ᠠ ᠵᠠᠮ ᠢ ᠦᠭᠡᠷᠡᠴᠢᠯᠡᠨ ᠵᠠᠰᠠᠬᠤ ᠨᠢ ᠠᠭᠠᠷ ᠤᠨ | ᠰᠤᠷᠪᠤᠯᠵᠢ ᠶᠢᠨ ᠢᠯᠴᠢ ᠶᠢᠨ ᠬᠥᠭᠡᠷᠭᠡ ᠪᠠᠷ ᠭᠤᠣᠯ ᠪᠣᠯᠭᠠᠵᠤ᠂ ᠪᠤᠰᠤᠳ ᠴᠡᠪᠡᠷ ᠳᠤᠯᠠᠭᠠᠯᠠᠭ᠎ᠠ ᠶᠢᠨ | ᠲᠥᠬᠦᠭᠡᠷᠦᠮᠵᠢ ᠪᠠᠷ ᠬᠠᠪᠰᠤᠷᠤᠮᠵᠢ ᠪᠣᠯᠭᠠᠨ᠎ᠠ᠃ | ᠳᠥᠷᠪᠡ᠂ ︽ᠨᠡᠭᠦᠷᠡᠰᠦ ᠶᠢ ᠴᠠᠬᠢᠯᠭᠠᠨ ᠢᠶᠠᠷ ᠥᠭᠡᠷᠡᠴᠢᠯᠡᠬᠦ︾ ᠲᠥᠷᠥ ᠶᠢᠨ ᠪᠣᠳᠣᠯᠭ᠎ᠠ ᠶᠢᠨ ᠳᠡᠮᠵᠢᠯᠭᠡ | ︵ᠨᠢᠭᠡ︶ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ︽ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ︾ ᠥᠭᠡᠷᠡᠴᠢᠯᠡᠯᠲᠡ ᠶᠢᠨ ᠲᠥᠬᠦᠭᠡᠷᠦᠮᠵᠢ ᠬᠤᠳᠠᠯᠳᠤᠨ ᠠᠪᠬᠤ ᠪᠠ ᠤᠭᠰᠠᠷᠠᠬᠤ ᠲᠠᠯ᠎ᠠ ᠪᠠᠷ ᠬᠢ | ᠲᠥᠷᠥ ᠶᠢᠨ ᠪᠣᠳᠣᠯᠭ᠎ᠠ ᠶᠢᠨ ᠳᠡᠮᠵᠢᠯᠭᠡ | 1.ᠤᠳᠠ ᠲᠣᠭᠤᠷᠢᠭ ᠤᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ | ᠬᠤᠶᠠᠳᠤᠭᠠᠷ ᠬᠤᠭᠤᠴᠠᠭ᠎ᠠ ︵ᠭᠤᠷᠪᠠᠳᠤᠭᠠᠷ ᠪᠠᠷᠢᠮᠵᠢᠶᠠᠲᠤ ᠬᠡᠰᠡᠭ᠂ ᠳᠥᠷᠪᠡᠨ ᠪᠠᠷᠢᠮᠵᠢᠶᠠᠲᠤ ᠬᠡᠰᠡᠭ᠂ ᠲᠠᠪᠤᠨ | ᠪᠠᠷᠢᠮᠵᠢᠶᠠᠲᠤ ᠬᠡᠰᠡᠭ᠂ ᠵᠢᠷᠭᠤᠳᠤᠭᠠᠷ ᠪᠠᠷᠢᠮᠵᠢᠶ᠎ᠠ ᠶᠢᠨ ᠬᠡᠰᠡᠭ︶ ᠶᠢ ᠵᠠᠰᠠᠭ ᠤᠨ ᠣᠷᠳᠣᠨ ᠠᠴᠠ ᠭᠤᠤᠯᠯᠠᠨ ᠴᠡᠪᠡᠷ | ᠳᠤᠯᠠᠭᠠᠯᠠᠭ᠎ᠠ ᠶᠢᠨ ᠥᠭᠡᠷᠡᠴᠢᠯᠡᠯᠲᠡ ᠬᠢᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠰᠠᠭᠤᠭᠠᠯᠢ | ᠡᠷᠦᠬᠡ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠵᠠᠷᠴᠢᠮ ᠶᠣᠰᠣᠭᠠᠷ ᠵᠠᠰᠠᠭ ᠤᠨ ᠣᠷᠳᠣᠨ ᠤ | ᠳᠤᠯᠠᠭᠠᠯᠠᠭ᠎ᠠ ᠶᠢᠨ ᠲᠥᠬᠦᠭᠡᠷᠦᠮᠵᠢ ᠬᠤᠳᠠᠯᠳᠤᠨ ᠠᠪᠬᠤ ᠪᠠ ᠤᠭᠰᠠᠷᠠᠬᠤ ᠦᠨ᠎ᠡ ᠶᠢᠨ 80% ᠶᠢ ᠡᠭᠦᠷᠭᠡᠯᠡᠵᠦ᠂ | ᠰᠠᠭᠤᠭᠠᠯᠢ ᠠᠷᠠᠳ ᠦᠯᠡᠳᠡᠭᠰᠡᠨ 20% ᠶᠢ ᠡᠭᠦᠷᠭᠡᠯᠡᠵᠦ᠂ ︽ᠨᠢᠭᠡ ᠡᠷᠦᠬᠡ ᠨᠢᠭᠡ ᠭᠡᠷ ᠨᠢᠭᠡ ᠬᠦᠰᠦᠨᠦᠭᠲᠦ ᠨᠢᠭᠡ | ᠨᠥᠬᠦᠪᠥᠷᠢᠯᠡᠬᠦ︾ ᠠᠷᠭ᠎ᠠ ᠪᠠᠷ ᠨᠥᠬᠦᠪᠥᠷᠢ ᠥᠭᠭᠦᠨ᠎ᠡ ︵ᠳᠠᠷᠤᠶ 1 ᠡᠷᠦᠬᠡ ᠶᠢᠨ ᠡᠵᠡᠨ ᠣᠪᠣᠭ ᠨᠡᠷ᠎ᠡ 1 ᠴᠠᠬᠢᠯᠭᠠᠨ | ᠬᠡᠮᠵᠢᠭᠦᠷ ᠤᠨ ᠳ᠋ᠤᠭᠠᠷ︶᠃ | ᠵᠥᠪᠬᠡᠨ 1 ᠤᠳᠠᠭ᠎ᠠ ᠨᠥᠬᠦᠪᠥᠷᠢ ᠬᠦᠷᠲᠡᠨ᠎ᠡ᠃ ᠨᠢᠭᠡ ᠡᠷᠦᠬᠡ ᠣᠯᠠᠨ ᠣᠷᠣᠨ ᠰᠠᠭᠤᠴᠠ᠂ ᠨᠢᠭᠡ ᠣᠷᠣᠨ | ᠰᠠᠭᠤᠴᠠ ᠣᠯᠠᠨ ᠡᠷᠦᠬᠡ ᠵᠢᠴᠢ ᠲᠠᠷᠢᠶᠠᠯᠠᠬᠤ ᠣᠷᠣᠨ ᠤ ᠢᠳᠡᠰᠢᠨ ᠨᠣᠭᠤᠭ᠎ᠠ ᠶᠢᠨ ᠬᠦᠯᠡᠮᠵᠢ ᠶᠢᠨ ᠴᠢᠬᠢᠨ ᠭᠡᠷ᠂ | ᠭᠠᠵᠠᠷ ᠤᠨ ᠳᠣᠲᠣᠷᠠᠬᠢ ᠭᠡᠷ ︵ᠣᠷᠳᠣ ᠬᠤᠭᠤᠴᠠᠭ᠎ᠠ ᠪᠠᠷ ᠣᠷᠣᠰᠢᠨ ᠰᠠᠭᠤᠬᠤ︶ ᠵᠡᠷᠭᠡ ᠣᠨᠴᠠᠭᠠᠶ ᠪᠠᠶᠢᠳᠠᠯ ᠳᠤ | ᠴᠢᠭᠯᠡᠭᠦᠯᠦᠨ᠂ ᠬᠠᠮᠢᠶ᠎ᠠ ᠪᠦᠬᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠠᠮᠠᠭ᠎ᠠ ᠳᠠᠷᠤᠵᠤ | ᠨᠤᠲᠠᠯᠠᠭᠰᠠᠨ ᠤ ᠳᠠᠷᠠᠭ᠎ᠠ ᠬᠠᠮᠢᠶ᠎ᠠ ᠪᠦᠬᠦᠢ ᠨᠥᠬᠦᠪᠥᠷᠢ ᠶᠢ ᠨᠢᠭᠡᠳᠦᠯᠲᠡᠶ ᠭᠤᠶᠤᠴᠢᠯᠠᠨ᠎ᠠ᠃ ᠡᠷᠦᠬᠡ ᠪᠦᠷᠢ ᠶᠢᠨ | ᠨᠥᠬᠦᠪᠥᠷᠢ ᠥᠭᠬᠦ ᠲᠠᠯᠠᠪᠠᠶ ᠶᠢ ᠬᠠᠮᠤᠭ ᠤᠨ ᠶᠡᠭᠡ ᠳᠡᠭᠡᠨ 100 ᠲᠡᠭᠰᠢ ᠳᠥᠷᠪᠡᠯᠵᠢᠨ ᠮᠧᠲᠷ ᠪᠠᠶᠢᠵᠤ᠂ | ᠲᠠᠯᠠᠪᠠᠶ ᠠᠴᠠ ᠬᠡᠲᠦᠷᠡᠭᠰᠡᠨ ᠥᠭᠡᠷᠡᠴᠢᠯᠡᠬᠦ ᠵᠠᠷᠤᠳᠠᠯ ᠢ ᠪᠦᠬᠦᠨ ᠢ ᠰᠠᠭᠤᠭᠠᠯᠢ ᠡᠷᠦᠬᠡ ᠡᠭᠦᠷᠭᠡᠯᠡᠨ᠎ᠡ᠃ | 2.ᠡᠵᠡᠩᠨᠡᠯᠲᠡ ᠶᠢᠨ ᠦᠨᠡᠮᠯᠡᠯ ᠲᠠᠢ ᠬᠤᠳᠠᠯᠳᠤᠭᠠᠴᠢᠨ ᠡᠷᠦᠬᠡ᠂ ᠬᠠᠭᠠᠰ ᠬᠤᠳᠠᠯᠳᠤᠭᠠᠴᠢᠨ ᠬᠠᠭᠠᠰ ᠣᠷᠣᠨ | ᠰᠠᠭᠤᠴᠠ᠂ ᠠᠵᠢᠯ ᠦᠢᠯᠡᠰ ᠤᠨ ᠨᠢᠭᠡᠴᠡ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠳᠤ ᠴᠢᠭᠯᠡᠭᠦᠯᠦᠨ᠂ ᠨᠥᠬᠦᠪᠥᠷᠢ | ᠥᠭᠬᠦ ᠲᠥᠷᠥ ᠶᠢᠨ ᠪᠣᠳᠣᠯᠭ᠎ᠠ ᠶᠢ ᠵᠠᠰᠠᠭ ᠤᠨ ᠣᠷᠳᠣᠨ ᠤ ᠳᠤᠯᠠᠭᠠᠯᠠᠭ᠎ᠠ ᠶᠢᠨ ᠲᠥᠬᠦᠭᠡᠷᠦᠮᠵᠢ ᠬᠤᠳᠠᠯᠳᠤᠨ ᠠᠪᠬᠤ | ᠪᠠ ᠤᠭᠰᠠᠷᠠᠬᠤ ᠦᠨ᠎ᠡ ᠶᠢᠨ 80% ᠶᠢ ᠡᠭᠦᠷᠭᠡᠯᠡᠵᠦ᠂ ᠬᠡᠷᠡᠭᠯᠡᠭᠴᠢ 20% ᠶᠢ ᠡᠭᠦᠷᠭᠡᠯᠡᠵᠦ᠂ ᠨᠥᠬᠦᠪᠥᠷᠢ ᠥᠭᠬᠦ | ᠲᠠᠯᠠᠪᠠᠶ ᠨᠢ ᠬᠠᠮᠤᠭ ᠤᠨ ᠶᠡᠭᠡ ᠨᠢ 100 ᠲᠡᠭᠰᠢ ᠳᠥᠷᠪᠡᠯᠵᠢᠨ ᠮᠧᠲᠷ ᠪᠠᠶᠢᠵᠤ᠂ ᠬᠡᠪᠴᠢᠶ᠎ᠡ ᠠᠴᠠ ᠬᠡᠲᠦᠷᠡᠭᠰᠡᠨ | ᠥᠭᠡᠷᠡᠴᠢᠯᠡᠯᠲᠡ ᠶᠢᠨ ᠵᠠᠷᠤᠳᠠᠯ ᠢ ᠪᠦᠬᠦᠨ ᠢ ᠬᠡᠷᠡᠭᠯᠡᠭᠴᠢ ᠡᠭᠦᠷᠭᠡᠯᠡᠨ᠎ᠡ᠃ | 3.ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ︽ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ︾ ᠬᠡᠷᠡᠭᠯᠡᠭᠴᠢ ᠪᠣᠯᠵᠤ᠂ ᠳᠤᠯᠠᠭᠠᠯᠠᠭ᠎ᠠ ᠶᠢᠨ ᠬᠤᠭᠤᠴᠠᠭᠠᠨ ᠳᠠᠬᠢ ᠲᠥᠬᠦᠭᠡᠷᠦᠮᠵᠢ ᠶᠢᠨ ᠠᠵᠢᠯᠯᠠᠭᠠᠨ ᠤ | ᠵᠠᠷᠤᠳᠠᠯ ᠢ ᠪᠦᠬᠦᠨ ᠢ ᠬᠡᠷᠡᠭᠯᠡᠭᠴᠢ ᠥᠪᠡᠷᠲᠡᠭᠡᠨ ᠡᠭᠦᠷᠭᠡᠯᠡᠨ᠎ᠡ᠃ | 4.ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠲᠠᠯ᠎ᠠ ᠪᠠᠷ᠂ ᠡᠷᠦᠬᠡ ᠪᠦᠷᠢ ᠶᠢᠨ ᠥᠭᠡᠷᠡᠴᠢᠯᠡᠯᠲᠡ ᠳᠤ | ᠵᠥᠪᠬᠡᠨ ᠨᠢᠭᠡ ᠯᠡ ᠤᠳᠠᠭ᠎ᠠ ᠨᠥᠬᠦᠪᠥᠷᠢ ᠣᠯᠭᠤᠨ᠎ᠠ᠃ | ︵ᠬᠤᠶᠠᠷ︶ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠬᠢᠵᠦ ᠴᠠᠬᠢᠯᠭᠠᠨ ᠬᠠᠩᠭᠠᠬᠤ ᠲᠠᠯ᠎ᠠ ᠪᠠᠷ ᠬᠢ | ᠲᠥᠷᠥ ᠶᠢᠨ ᠪᠣᠳᠣᠯᠭ᠎ᠠ ᠶᠢᠨ ᠳᠡᠮᠵᠢᠯᠭᠡ | 1.ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠴᠠᠬᠢᠯᠭᠠᠨ ᠬᠠᠩᠭᠠᠬᠤ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠭᠡᠷ ᠤᠨ ᠭᠠᠳᠠᠨᠠᠬᠢ ᠥᠨᠳᠥᠷ | ᠳᠣᠤᠷ᠎ᠠ ᠬᠦᠴᠦᠳᠡᠯᠲᠦ ᠴᠠᠬᠢᠯᠭᠠᠨ ᠬᠠᠩᠭᠠᠬᠤ ᠱᠤᠭᠤᠮ ᠪᠠ ᠴᠠᠬᠢᠯᠭᠠᠨ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠬᠦ | ᠡᠭᠦᠷᠭᠡ ᠶᠢ ᠡᠭᠦᠷᠭᠡᠯᠡᠬᠦ ᠶᠢᠨ ᠬᠠᠮᠲᠤ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠲᠤᠰᠬᠠᠶ | ᠬᠡᠷᠡᠭᠯᠡᠭᠡᠨ ᠤ ᠴᠠᠬᠢᠯᠭᠠᠨ ᠬᠡᠮᠵᠢᠭᠦᠷ ᠨᠡᠮᠡᠵᠦ ᠥᠭᠭᠦᠨ᠎ᠡ᠃ ᠴᠠᠬᠢᠯᠭᠠᠨ ᠬᠡᠮᠵᠢᠭᠦᠷ ᠤᠨ ᠳᠣᠲᠣᠷ᠎ᠠ ︵ᠡᠷᠦᠬᠡ ᠶᠢᠨ | ᠳᠣᠲᠣᠷᠠᠬᠢ ᠬᠡᠰᠡᠭ︶ ᠳᠤᠯᠠᠭᠠᠯᠭ᠎ᠠ ᠶᠢᠨ ᠲᠥᠬᠦᠭᠡᠷᠦᠮᠵᠢ ᠬᠤᠳᠠᠯᠳᠤᠨ ᠠᠪᠬᠤ᠂ ᠤᠭᠰᠠᠷᠠᠨ ᠲᠤᠷᠰᠢᠬᠤ ᠵᠢᠴᠢ | ᠰᠠᠭᠤᠭ᠎ᠠ ᠡᠷᠦᠬᠡ ᠶᠢᠨ ᠤᠤᠯ ᠤᠨ ᠳᠤᠯᠠᠭᠠᠯᠭ᠎ᠠ ᠶᠢᠨ ᠬᠤᠭᠤᠯᠠᠶ ᠲᠠᠢ ᠬᠤᠯᠪᠣᠭᠰᠠᠨ ᠬᠡᠰᠡᠭ ᠤᠨ ᠳᠤᠯᠠᠭᠠᠯᠭ᠎ᠠ ᠶᠢᠨ | ᠲᠥᠬᠦᠭᠡᠷᠦᠮᠵᠢ ᠶᠢ ᠥᠭᠡᠷᠡᠴᠢᠯᠡᠬᠦ ᠠᠵᠢᠯ ᠢ ᠵᠠᠰᠠᠭ ᠤᠨ ᠣᠷᠳᠣᠨ ᠠᠴᠠ ᠳᠠᠭᠠᠭᠠᠴᠢᠯᠠᠯᠲᠠ ᠣᠯᠤᠭᠰᠠᠨ ᠪᠠᠷᠢᠯᠭ᠎ᠠ ᠶᠢᠨ | ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠠᠷᠢᠭᠤᠴᠠᠵᠤ᠂ ᠪᠤᠰᠤᠳ ᠳᠤᠯᠠᠭᠠᠯᠭ᠎ᠠ ᠶᠢᠨ ᠲᠥᠬᠦᠭᠡᠷᠦᠮᠵᠢ ᠶᠢ | ᠥᠭᠡᠷᠡᠴᠢᠯᠡᠬᠦ ︵ᠳᠤᠯᠠᠭᠠᠯᠭ᠎ᠠ ᠶᠢᠨ ᠢᠯᠲᠠᠰᠤ᠂ ᠡᠷᠦᠬᠡ ᠶᠢᠨ ᠳᠣᠲᠣᠷᠠᠬᠢ ᠬᠤᠭᠤᠯᠠᠶ ᠵᠢᠴᠢ ᠳᠠᠭᠠᠯᠲᠠ ᠪᠡᠯᠡᠳᠬᠡᠮᠵᠢ︶ | ᠵᠢᠴᠢ ᠠᠩᠬᠠᠨ ᠤ ᠳᠤᠯᠠᠭᠠᠯᠭ᠎ᠠ ᠶᠢᠨ ᠵᠤᠤᠬ᠎ᠠ ᠶᠢ ᠨᠤᠷᠠᠭᠠᠯᠲᠠ ᠳᠤ ᠰᠠᠭᠤᠭᠠᠯᠢ ᠠᠷᠠᠳ ᠥᠪᠡᠰᠦᠪᠡᠨ ᠥᠭᠡᠷᠡᠴᠢᠯᠡᠨ᠎ᠡ᠃ | | 2.ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠬᠢᠵᠦ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ | ᠰᠠᠭᠤᠭᠠᠯᠢ ᠡᠷᠦᠬᠡ᠂ ᠳᠤᠯᠠᠭᠠᠯᠠᠭ᠎ᠠ ᠶᠢᠨ ᠤᠯᠠᠷᠢᠯ ᠤᠨ ᠲᠥᠬᠦᠭᠡᠷᠦᠮᠵᠢ ᠶᠢᠨ ᠠᠵᠢᠯᠯᠠᠭᠠᠨ ᠤ ᠬᠤᠭᠤᠴᠠᠭᠠᠨ ᠳᠤ ᠪᠣᠢ | ᠪᠣᠯᠤᠭᠰᠠᠨ ᠴᠠᠬᠢᠯᠭᠠᠨ ᠤ ᠰᠦᠢᠳᠬᠡᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠤᠨ ︽ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ | ︿ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠭᠰᠡᠨ﹀ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠥᠪᠥᠷ ᠬᠥᠭᠵᠢᠭᠦᠯᠦᠯᠲᠡ ᠪᠠ ᠥᠭᠡᠷᠡᠴᠢᠯᠡᠯᠲᠡ ᠦᠨ᠎ᠡ | ᠵᠠᠷᠤᠳᠠᠯ ᠦᠰᠦᠭ︹2020︺ 996 ᠳ᠋ᠤᠭᠠᠷ ᠲᠣᠭᠠᠲᠤ︶ ᠶᠣᠰᠣᠭᠠᠷ ᠴᠠᠬᠢᠯᠭᠠᠨ ᠬᠡᠷᠡᠭᠯᠡᠬᠦ ᠣᠷᠭᠢᠯ ᠤᠨ | ᠦᠶ᠎ᠡ ᠶᠢᠨ ᠴᠠᠬᠢᠯᠭᠠᠨ ᠤ ᠦᠨ᠎ᠡ ᠶᠢ ᠬᠦᠷᠲᠡᠨ᠎ᠡ᠃ | 3.ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠬᠢᠵᠦ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ | ᠬᠠᠭᠠᠰ ᠬᠤᠳᠠᠯᠳᠤᠭ᠎ᠠ ᠬᠠᠭᠠᠰ ᠣᠷᠣᠨ ᠰᠠᠭᠤᠴᠠ᠂ ᠬᠤᠳᠠᠯᠳᠤᠭᠠᠨ ᠤ ᠡᠷᠦᠬᠡ᠂ ᠠᠵᠢᠯ ᠦᠢᠯᠡᠰ ᠤᠨ ᠨᠢᠭᠡᠴᠢ ᠶᠢᠨ | ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠪᠣᠯ ᠬᠤᠪᠢᠶᠠᠷᠢ ᠬᠡᠮᠵᠢᠭᠦᠷ ᠢᠶᠠᠷ ᠪᠤᠶᠤ ᠲᠣᠭᠲᠠᠭᠰᠠᠨ ᠬᠠᠷᠢᠴᠠᠯ ᠢᠶᠠᠷ | ᠴᠠᠬᠢᠯᠭᠠᠨ ᠤ ᠰᠦᠢᠳᠬᠡᠯ ᠬᠤᠷᠢᠶᠠᠨ᠎ᠠ᠃ ᠲᠤᠬᠠᠶᠢᠯᠠᠪᠠᠯ᠄ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ᠂ | ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠤ ᠦᠨ᠎ᠡ ᠶᠢ ᠬᠡᠷᠡᠭᠵᠢᠭᠦᠯᠵᠦ᠂ ᠬᠤᠳᠠᠯᠳᠤᠭᠠᠨ ᠤ ᠠᠵᠢᠯᠯᠠᠬᠤ | ᠭᠠᠵᠠᠷ ᠲᠤ ᠦᠢᠯᠡᠳᠪᠦᠷᠢ ᠬᠤᠳᠠᠯᠳᠤᠭᠠᠨ ᠤ ᠴᠠᠬᠢᠯᠭᠠᠨ ᠤ ᠦᠨ᠎ᠡ ᠶᠢ ᠬᠡᠷᠡᠭᠵᠢᠭᠦᠯᠵᠦ᠂ ᠬᠤᠳᠠᠯᠳᠤᠭᠠᠨ ᠤ ᠴᠠᠬᠢᠯᠭᠠᠨ | ᠳᠤᠯᠠᠭᠠᠯᠠᠭ᠎ᠠ ᠳᠤ ᠴᠡᠪᠡᠷ ᠳᠤᠯᠠᠭᠠᠯᠠᠭ᠎ᠠ ᠶᠢᠨ ᠴᠠᠬᠢᠯᠭᠠᠨ ᠤ ᠦᠨ᠎ᠡ ᠶᠢ ᠬᠡᠷᠡᠭᠵᠢᠭᠦᠯᠵᠦ᠂ ᠰᠠᠭᠤᠭᠠᠯᠢ ᠠᠷᠠᠳ ᠤᠨ | ᠴᠠᠬᠢᠯᠭᠠᠨ ᠳᠤᠯᠠᠭᠠᠯᠠᠭ᠎ᠠ ᠳᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠴᠠᠬᠢᠯᠭᠠᠨ ᠤ ᠦᠨ᠎ᠡ ᠶᠢ | ᠬᠡᠷᠡᠭᠵᠢᠭᠦᠯᠦᠨ᠎ᠡ᠃ | 4.︽ᠤᠳᠠ ᠲᠣᠭᠤᠷᠢᠭ ᠤᠨ 2023 ᠣᠨ ᠤ ᠨᠡᠭᠦᠷᠡᠰᠦ ᠰᠢᠲᠠᠭᠠᠬᠤ ᠰᠠᠭᠤᠭᠠᠯᠢ ᠡᠷᠦᠬᠡ ᠶᠢᠨ ᠴᠡᠪᠡᠷ | ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ︿ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ﹀ ᠠᠵᠢᠯ ᠤᠨ | ᠬᠡᠷᠡᠭᠵᠢᠭᠦᠯᠬᠦ ᠲᠥᠰᠦᠯ︾ | ︽ᠤᠳᠠ ᠲᠣᠭᠤᠷᠢᠭ ᠤᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ | ᠬᠤᠶᠠᠳᠤᠭᠠᠷ ᠬᠤᠭᠤᠴᠠᠭ᠎ᠠ ︵ᠨᠢᠭᠡ᠂ ᠬᠤᠶᠠᠳᠤᠭᠠᠷ ᠪᠠᠷᠢᠮᠵᠢᠶ᠎ᠠ ᠶᠢᠨ ᠬᠡᠰᠡᠭ︶ ᠶᠢᠨ ︿ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ﹀ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ︾ ᠳᠤ ᠲᠣᠰ ᠲᠥᠰᠦᠯ ᠤᠨ ᠲᠥᠷᠥ ᠶᠢᠨ | ᠪᠣᠳᠣᠯᠭ᠎ᠠ ᠲᠠᠢ ᠨᠢᠭᠡᠳᠦᠯ ᠥᠬᠡᠶ ᠲᠠᠯ᠎ᠠ ᠶᠢ ᠲᠣᠰ ᠲᠥᠰᠦᠯ ᠢᠶᠠᠷ ᠪᠠᠷᠢᠮᠵᠢᠶ᠎ᠠ ᠪᠣᠯᠭᠠᠨ᠎ᠠ᠃ | ᠲᠠᠪᠤ᠂ ᠡᠯ᠎ᠡ ᠨᠢᠭᠡᠴᠢ ᠶᠢᠨ ᠠᠵᠢᠯ ᠤᠨ ᠬᠤᠪᠢᠶᠠᠷᠢᠯᠠᠯ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ | ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠷᠢᠬᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ | ᠣᠷᠣᠯᠠᠬᠤ ᠺᠣᠮᠫᠠᠨᠢ ᠶᠢ ᠤᠷᠢᠵᠤ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠲᠣᠭᠲᠠᠭᠠᠨ᠂ ᠵᠢᠷᠤᠵᠤ | ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠴᠤ ᠳᠠᠭᠠᠭᠠᠴᠢᠯᠠᠯᠲᠠ ᠵᠠᠷᠯᠠᠬᠤ ᠵᠡᠷᠭᠡ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠥᠷᠨᠢᠭᠦᠯᠦᠨ᠎ᠡ︔ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠤᠨ | ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠤᠨ ᠡᠳᠦᠷ | ᠪᠠᠶᠢᠩᠭᠤ ᠶᠢᠨ ᠬᠡᠷᠡᠭ ᠶᠠᠪᠤᠳᠠᠯ ᠢ ᠬᠠᠷᠢᠭᠤᠴᠠᠵᠤ᠂ ᠪᠠᠷᠢᠯᠭ᠎ᠠ ᠶᠢᠨ ᠲᠥᠷᠥᠯ ᠵᠦᠢᠯ ᠢ ᠠᠬᠢᠭᠤᠯᠬᠤ ᠶᠠᠪᠤᠴᠠ ᠳᠤ | ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠨ᠎ᠡ︔ ᠨᠢᠭᠡᠳᠦᠯᠲᠡᠶ | ᠲᠥᠯᠥᠪᠯᠡᠨ ᠵᠣᠬᠢᠴᠠᠭᠤᠯᠵᠤ ᠵᠦᠶ ᠵᠣᠬᠢᠰᠲᠠᠶ ᠲᠣᠬᠢᠷᠠᠭᠤᠯᠬᠤ ᠶᠢᠨ ᠬᠠᠮᠲᠤ ᠥᠭᠡᠷᠡᠴᠢᠯᠡᠭᠰᠡᠨ ᠮᠡᠳᠡᠭᠡ ᠵᠠᠩᠭᠢ ᠶᠢ | ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠬᠠᠮᠢᠶ᠎ᠠ ᠪᠥᠬᠦᠶ ᠨᠢᠭᠡᠴᠡ ᠶᠢ ᠵᠣᠬᠢᠶᠠᠨ ᠪᠠᠶᠢᠭᠤᠯᠤᠨ ᠲᠥᠷᠥᠯ ᠵᠦᠢᠯ ᠢ | ᠰᠢᠯᠭᠠᠨ ᠠᠪᠬᠤ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠴᠠᠬᠢᠯᠭᠠᠨ ᠬᠠᠩᠭᠠᠬᠤ ᠰᠠᠯᠠᠭ᠎ᠠ | ᠮᠥᠴᠢᠷ ᠢ ᠵᠣᠬᠢᠴᠠᠭᠤᠯᠵᠤ ᠪᠠᠶᠢᠭᠠᠳ ᠳᠡᠭᠡᠳᠦ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ᠂ | ᠴᠠᠬᠢᠯᠭᠠᠨ ᠬᠦᠴᠦᠨ ᠤ ᠰᠠᠯᠠᠭ᠎ᠠ ᠮᠥᠴᠢᠷ ᠲᠠᠢ ᠵᠣᠯᠭᠠᠭᠤᠯᠵᠤ᠂ ᠴᠡᠪᠡᠷ ᠳᠤᠯᠠᠭᠠᠯᠠᠭ᠎ᠠ ᠶᠢᠨ ᠴᠠᠬᠢᠯᠭᠠᠨ ᠦᠨ᠎ᠡ ᠶᠢᠨ | ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠄ ᠡᠯ᠎ᠡ ᠱᠠᠲᠤᠨ ᠤ ᠪᠠᠯᠠ ᠮᠥᠩᠭᠦ ᠶᠢᠨ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠡᠯ᠎ᠡ ᠱᠠᠲᠤᠨ ᠤ ᠡᠳ᠋ ᠤᠨ ᠵᠠᠰᠠᠭ ᠤᠨ | ᠨᠥᠬᠦᠪᠥᠷᠢ ᠶᠢᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠡᠪᠡᠷ ᠳᠤᠯᠠᠭᠠᠯᠠᠭ᠎ᠠ ᠶᠢᠨ | ᠥᠭᠡᠷᠡᠴᠢᠯᠡᠯᠲᠡ ᠶᠢᠨ ᠢᠨᠵᠧᠨᠧᠷᠢᠩ ᠤᠨ ᠲᠤᠰᠬᠠᠶ ᠪᠠᠯᠠ ᠮᠥᠩᠭᠦ ᠶᠢ ᠪᠠᠭᠤᠯᠭᠠᠬᠤ ᠵᠡᠷᠭᠡ ᠠᠵᠢᠯ ᠳᠤ ᠬᠠᠮᠵᠢᠯᠴᠠᠨ᠎ᠠ᠃ | ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠠᠷᠢᠭᠤᠴᠠᠨ ᠭᠦᠢᠴᠡᠳᠭᠡᠵᠦ᠂ | ᠲᠥᠷᠥᠯ ᠵᠦᠢᠯ ᠲᠣᠭᠲᠠᠭᠠᠬᠤ ᠶᠢ ᠬᠢᠨᠠᠨ ᠵᠥᠪᠰᠢᠶᠡᠷᠡᠬᠦ ᠳᠤ ᠡᠳ᠋ ᠤᠨ ᠵᠠᠰᠠᠭ ᠤᠨ ᠲᠤᠯᠭᠠᠭᠤᠷᠢᠯᠠᠬᠤ ᠴᠢᠨᠠᠷᠲᠠᠶ | ᠪᠢᠴᠢᠭ ᠮᠠᠲ᠋ᠧᠷᠢᠶᠠᠯ ᠬᠠᠩᠭᠠᠵᠤ᠂ ᠤᠯᠤᠰ ᠤᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠭᠤᠶᠤᠴᠢᠯᠠᠬᠤ ᠵᠡᠷᠭᠡ | ᠬᠠᠮᠢᠶ᠎ᠠ ᠪᠥᠬᠦᠶ ᠠᠵᠢᠯ ᠢ ᠲᠦᠷᠦᠭᠦᠯᠡᠨ ᠵᠣᠯᠭᠠᠭᠤᠯᠵᠤ ᠨᠠᠶᠢᠳᠠᠪᠤᠷᠢᠵᠢᠭᠤᠯᠤᠨ᠎ᠠ᠃ | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠷᠢᠶ᠎ᠠ ᠨᠡᠶᠢᠭᠡᠮ ᠲᠣᠭᠤᠷᠢᠭ᠄ ᠨᠢᠭᠡ ᠳᠤ᠂ | ᠬᠠᠷᠢᠶ᠎ᠠ ᠣᠷᠣᠨ ᠤ ᠳᠣᠲᠣᠷᠠᠬᠢ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠵᠤ᠂ | ᠤᠬᠠᠭᠤᠯᠭ᠎ᠠ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠵᠢᠴᠢ ᠥᠭᠡᠷᠡᠴᠢᠯᠡᠯᠲᠡ ᠶᠢᠨ ᠣᠷᠣᠨ ᠪᠦᠰᠡ ᠶᠢᠨ | ᠳᠣᠲᠣᠷᠠᠬᠢ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠪᠠᠶᠢᠳᠠᠯ ᠢ ᠪᠠᠶᠢᠴᠠᠭᠠᠨ ᠣᠶᠢᠯᠠᠭᠠᠵᠤ᠂ ︽ᠨᠢᠭᠡ ᠡᠷᠦᠬᠡ ᠳᠤ | ᠨᠢᠭᠡ ᠳᠡᠪᠲᠡᠷ︾ ᠤᠨ ᠮᠡᠳᠡᠭᠡ ᠵᠠᠩᠭᠢ ᠶᠢ ᠴᠤᠭᠯᠠᠭᠤᠯᠬᠤ ᠵᠢᠴᠢ ᠴᠠᠬᠢᠯᠭᠠᠨ ᠤ ᠦᠢᠯᠡᠰ ᠤᠨ ᠰᠠᠯᠠᠭ᠎ᠠ ᠮᠥᠴᠢᠷ ᠤᠨ | ᠪᠦᠬᠦᠯᠢ ᠴᠣᠭᠴᠠ ᠶᠢᠨ ᠮᠠᠲ᠋ᠧᠷᠢᠶᠠᠯ ᠢ ᠮᠡᠳᠡᠭᠦᠯᠦᠨ ᠤᠭᠰᠠᠷᠠᠬᠤ ᠠᠵᠢᠯ ᠢ ᠪᠡᠶᠡᠯᠡᠭᠦᠯᠦᠨ᠎ᠡ᠃ ᠬᠤᠶᠠᠷ ᠲᠤ᠂ | ᠪᠠᠷᠢᠯᠭ᠎ᠠ ᠶᠢᠨ ᠨᠢᠭᠡᠴᠡ ᠲᠠᠢ ᠬᠠᠮᠵᠢᠯᠴᠠᠨ ᠴᠡᠪᠡᠷ ᠳᠤᠯᠠᠭᠠᠯᠠᠭ᠎ᠠ ᠶᠢᠨ ᠰᠠᠭᠤᠭᠠᠯᠢ ᠠᠷᠠᠳ ᠲᠤ 20% ᠶᠢᠨ | ᠥᠪᠡᠷ ᠢᠶᠠᠨ ᠴᠤᠭᠯᠠᠭᠤᠯᠤᠭᠰᠠᠨ ᠪᠡᠯᠡ ᠮᠥᠩᠭᠦ ᠶᠢ ᠬᠤᠷᠢᠶᠠᠬᠤ ᠵᠢᠴᠢ ᠭᠤᠷᠪᠠᠨ ᠲᠠᠯ᠎ᠠ ᠶᠢᠨ ᠬᠡᠯᠡᠯᠴᠡᠭᠡᠷ ᠲᠣᠭᠲᠠᠬᠤ | ᠠᠵᠢᠯ ᠢ ᠬᠠᠷᠢᠭᠤᠴᠠᠨ᠎ᠠ᠃ ᠭᠤᠷᠪᠠ ᠳᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠲᠥᠷᠥᠯ | ᠵᠦᠢᠯ ᠢ ᠬᠡᠷᠡᠭᠵᠢᠭᠦᠯᠬᠦ ᠠᠵᠢᠯ ᠤᠨ ᠳᠤᠮᠳᠠ ᠲᠤᠯᠭᠠᠷᠠᠭᠰᠠᠨ ᠬᠡᠷᠡᠭᠴᠡᠭᠡ ᠪᠠ ᠰᠠᠭᠤᠭ᠎ᠠ ᠡᠷᠦᠬᠡ ᠯᠦᠭᠡ ᠨᠡᠪᠲᠡᠷᠡᠯᠴᠡᠨ | ᠲᠠᠶᠢᠯᠪᠤᠷᠢᠯᠠᠬᠤ ᠠᠵᠢᠯ ᠢ ᠬᠠᠷᠢᠭᠤᠴᠠᠨ᠎ᠠ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠴᠠᠬᠢᠯᠭᠠᠨ | ᠬᠦᠴᠦᠨ ᠤ ᠤᠲᠠᠰᠤ ᠲᠠᠲᠠᠬᠤ᠂ ᠬᠦᠴᠦᠳᠡᠯ ᠥᠭᠡᠷᠡᠴᠢᠯᠡᠭᠴᠢ ᠶᠢ ᠤᠭᠰᠠᠷᠠᠬᠤ᠂ ᠳᠤᠯᠠᠭᠠᠯᠠᠭ᠎ᠠ ᠶᠢᠨ ᠲᠥᠬᠦᠭᠡᠷᠦᠮᠵᠢ ᠶᠢ | ᠤᠭᠰᠠᠷᠠᠬᠤ ᠵᠡᠷᠭᠡ ᠡᠯ᠎ᠡ ᠵᠦᠢᠯ ᠤᠨ ᠨᠡᠶᠢᠭᠡᠮ ᠤᠨ ᠵᠥᠷᠢᠴᠡᠯ ᠢ ᠵᠣᠬᠢᠴᠠᠭᠤᠯᠤᠨ ᠰᠢᠢᠳᠪᠦᠷᠢᠯᠡᠬᠦ ᠠᠵᠢᠯ ᠢ | ᠬᠠᠮᠵᠢᠯᠴᠠᠨ᠂ ᠵᠣᠬᠢᠬᠤ ᠪᠣᠷᠣᠯᠠᠭᠤᠯᠭ᠎ᠠ ᠶᠢᠨ ᠳᠠᠷᠠᠭᠠᠬᠢ ᠦᠢᠯᠡᠴᠢᠯᠡᠭᠡᠨ ᠤ ᠠᠵᠤ ᠠᠬᠤᠶᠢᠯᠠᠯ ᠢ ᠬᠠᠮᠵᠢᠯᠴᠠᠨ ᠲᠥᠷᠥᠯ | ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠡᠵᠡᠩᠨᠡᠯᠲᠡ᠂ ᠰᠡᠯᠪᠢᠨ | ᠵᠠᠰᠠᠬᠤ᠂ ᠬᠠᠮᠠᠭᠠᠯᠠᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ ᠪᠥᠭᠡᠳ ᠲᠣᠭᠤᠷᠢᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠵᠢᠯᠴᠠᠨ ᠲᠥᠷᠥᠯ ᠵᠦᠢᠯ ᠤᠨ | ᠥᠭᠡᠷᠡᠴᠢᠯᠡᠯᠲᠡ ᠶᠢᠨ ᠪᠤᠰᠤᠳ ᠠᠵᠢᠯ ᠢ ᠰᠠᠶᠢᠲᠤᠷ ᠬᠢᠬᠦ ᠬᠡᠷᠡᠭᠲᠡᠶ᠃ | ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠄ ᠴᠡᠪᠡᠷ ᠳᠤᠯᠠᠭᠠᠯᠠᠭ᠎ᠠ ᠶᠢᠨ | ᠳᠡᠭᠡᠳᠦ ᠱᠠᠲᠤᠨ ᠤ ᠲᠥᠷᠥᠯ ᠵᠦᠢᠯ ᠤᠨ ᠪᠠᠯᠠ ᠮᠥᠩᠭᠦ ᠭᠤᠶᠤᠴᠢᠯᠠᠬᠤ᠂ ᠲᠣᠭᠤᠷᠢᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠴᠡᠪᠡᠷ ᠳᠤᠯᠠᠭᠠᠯᠠᠭ᠎ᠠ ᠶᠢᠨ ᠰᠢᠯᠭᠠᠨ ᠠᠪᠬᠤ | ᠵᠡᠷᠭᠡ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ᠃ | ᠠᠭᠤᠷᠬᠠᠶ ᠶᠢᠨ ᠣᠷᠣᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠤᠳᠠ ᠶᠢᠨ ᠴᠠᠬᠢᠯᠭᠠᠨ ᠬᠠᠩᠭᠠᠬᠤ | ᠬᠤᠪᠢᠶᠠᠷᠢ ᠺᠣᠮᠫᠠᠨᠢ᠄ ᠴᠠᠬᠢᠯᠭᠠᠨ ᠤ ᠲᠣᠤᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠵᠤ᠂ ᠥᠭᠡᠷᠡᠴᠢᠯᠡᠬᠦ ᠣᠷᠣᠨ ᠪᠦᠰᠡ ᠶᠢᠨ ᠢᠵᠢ ᠪᠦᠷᠢᠳᠦᠭᠦᠯᠬᠦ ᠴᠠᠬᠢᠯᠭᠠᠨ ᠤ ᠲᠣᠤᠷ ᠤᠨ | ᠲᠥᠷᠥᠯ ᠵᠦᠢᠯ ᠢ ᠮᠡᠳᠡᠭᠦᠯᠬᠦ᠂ ᠵᠢᠷᠤᠵᠤ ᠲᠥᠯᠥᠪᠯᠡᠬᠦ᠂ ᠪᠠᠯᠠ ᠣᠷᠣᠭᠤᠯᠬᠤ᠂ ᠪᠠᠷᠢᠯᠭ᠎ᠠ ᠪᠠᠷᠢᠬᠤ ᠵᠡᠷᠭᠡ ᠠᠵᠢᠯ ᠢ | ᠤᠷᠢᠳᠴᠢᠯᠠᠨ ᠰᠠᠶᠢᠲᠤᠷ ᠬᠢᠨ᠎ᠠ᠃ ᠴᠠᠬᠢᠯᠭᠠᠨ ᠤ ᠲᠣᠤᠷ ᠢ ᠥᠭᠡᠷᠡᠴᠢᠯᠡᠨ ᠬᠥᠭᠵᠢᠭᠦᠯᠬᠦ ᠲᠥᠯᠥᠪᠵᠢᠭᠦᠯᠭᠡ ᠶᠢᠨ | ᠲᠣᠭᠲᠠᠭᠠᠭᠰᠠᠨ ᠬᠠᠷᠠᠯᠲᠠ ᠶᠢᠨ ᠡᠭᠦᠷᠭᠡ ᠶᠢᠨ ᠶᠣᠰᠣᠭᠠᠷ᠂ ᠴᠠᠬᠢᠯᠭᠠᠨ ᠤ ᠲᠣᠤᠷ ᠢ ᠳᠡᠭᠡᠭᠰᠢᠯᠡᠭᠦᠯᠦᠨ ᠥᠭᠡᠷᠡᠴᠢᠯᠡᠬᠦ | ᠢᠨᠵᠧᠨᠧᠷᠢᠩ ᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠶ᠃ ᠴᠠᠬᠢᠯᠭᠠᠨ ᠤ | ᠣᠷᠭᠢᠯ ᠤᠨ ᠦᠶ᠎ᠡ ᠶᠢᠨ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠠᠵᠢᠯᠯᠠᠭᠠᠨ ᠤ ᠴᠠᠬᠢᠯᠭᠠᠨ ᠤ ᠬᠡᠮᠵᠢᠶ᠎ᠡ ᠶᠢ ᠪᠦᠷᠢᠳᠬᠡᠬᠦ ᠠᠵᠢᠯ ᠢ ᠬᠢᠨᠠᠮᠠᠭᠠᠶ ᠰᠠᠶᠢᠲᠤᠷ ᠬᠢᠬᠦ ᠶᠢᠨ ᠬᠠᠮᠲᠤ | ᠬᠤᠯᠪᠣᠭᠳᠠᠯ ᠪᠦᠬᠦᠢ ᠨᠢᠭᠡᠴᠡ ᠳᠤ ᠴᠠᠭ ᠲᠤᠬᠠᠶ ᠳᠤᠨᠢ ᠬᠠᠭᠤᠯᠤᠨ ᠬᠦᠷᠭᠡᠬᠦ ᠶᠢᠨ ᠬᠠᠮᠲᠤ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠵᠢᠯᠴᠠᠨ ᠲᠥᠷᠥᠯ | ᠵᠦᠢᠯ ᠤᠨ ᠥᠭᠡᠷᠡᠴᠢᠯᠡᠯᠲᠡ ᠶᠢᠨ ᠪᠤᠰᠤᠳ ᠠᠵᠢᠯ ᠢ ᠰᠠᠶᠢᠲᠤᠷ ᠬᠢᠬᠦ ᠬᠡᠷᠡᠭᠲᠡᠶ᠃ | ᠬᠦᠷᠢᠶ᠎ᠡ ᠳᠤ ᠣᠷᠣᠬᠤ ᠲᠥᠬᠦᠭᠡᠷᠦᠮᠵᠢ ᠶᠢᠨ ᠠᠵᠤ ᠠᠬᠤᠶᠢᠯᠠᠯ᠄ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠴᠡᠪᠡᠷ ᠳᠤᠯᠠᠭᠠᠯᠠᠭ᠎ᠠ ᠶᠢᠨ ᠲᠥᠬᠦᠭᠡᠷᠦᠮᠵᠢ ᠶᠢᠨ ᠬᠤᠯᠪᠣᠭᠳᠠᠯ ᠪᠥᠬᠦᠶ ᠠᠮᠤᠷ ᠲᠦᠪᠰᠢᠨ ᠤ ᠲᠣᠭᠲᠠᠭᠠᠯ | ᠪᠠ ᠠᠵᠢᠯ ᠲᠥᠷᠥᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠳᠠᠭᠠᠭᠠᠴᠢᠯᠠᠯᠲᠠ ᠣᠯᠤᠭᠰᠠᠨ ᠦᠢᠯᠡᠳᠬᠦᠨ ᠤ | ᠶᠠᠰᠤ ᠴᠢᠨᠠᠷ ᠢ ᠴᠢᠩᠭ᠎ᠠ ᠡᠵᠡᠮᠳᠡᠵᠦ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠤ ᠱᠠᠭᠠᠷᠳᠠᠯᠭ᠎ᠠ ᠶᠣᠰᠣᠭᠠᠷ | ᠲᠣᠭᠲᠠᠭᠰᠠᠨ ᠬᠤᠭᠤᠴᠠᠭᠠᠨ ᠳᠤ ᠳᠠᠭᠤᠰᠬᠠᠨ᠎ᠠ︔ ᠰᠡᠯᠪᠢᠨ ᠵᠠᠰᠠᠬᠤ ᠦᠢᠯᠡᠴᠢᠯᠡᠭᠡᠨ ᠤ ᠲᠥᠰᠦᠯ ᠢ ᠲᠣᠭᠲᠠᠭᠠᠵᠤ᠂ | ᠴᠠᠬᠢᠯᠭᠠᠨ ᠳᠤᠯᠠᠭᠠᠯᠠᠭ᠎ᠠ ᠶᠢᠨ ᠲᠥᠬᠦᠭᠡᠷᠦᠮᠵᠢ ᠶᠢ ᠬᠠᠩᠭᠠᠬᠤ ᠨᠢᠭᠡᠴᠡ ᠶᠢᠨ ᠬᠠᠮᠠᠭᠠᠯᠠᠬᠤ ᠭᠤᠤᠯ ᠴᠣᠭᠴᠠ ᠶᠢᠨ | ᠬᠠᠷᠢᠭᠤᠴᠠᠯᠭ᠎ᠠ᠂ ᠬᠠᠮᠠᠭᠠᠯᠠᠬᠤ ᠬᠡᠪᠴᠢᠶ᠎ᠡ᠂ ᠬᠠᠮᠠᠭᠠᠯᠠᠬᠤ ᠱᠠᠭᠠᠷᠳᠠᠯᠭ᠎ᠠ᠂ ᠬᠠᠮᠠᠭᠠᠯᠠᠬᠤ ᠠᠷᠭ᠎ᠠ ᠮᠠᠶ᠋ᠢᠭ ᠵᠡᠷᠭᠡ ᠶᠢ | ᠲᠣᠳᠣᠷᠬᠠᠶᠢᠯᠠᠵᠤ᠂ ᠵᠠᠷᠴᠢᠮ ᠳᠡᠭᠡᠷ᠎ᠡ ᠪᠠᠨ ᠲᠥᠬᠦᠭᠡᠷᠦᠮᠵᠢ ᠶᠢᠨ ᠶᠠᠰᠤ ᠴᠢᠨᠠᠷ ᠢ ᠪᠠᠲᠤᠯᠠᠬᠤ ᠬᠤᠭᠤᠴᠠᠭ᠎ᠠ ᠶᠢ 5 | ᠵᠢᠯ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ ᠣᠷᠣᠨ ᠪᠦᠰᠡ ᠬᠤᠪᠢᠶᠠᠨ ᠠᠵᠢᠯᠯᠠᠭᠤᠯᠵᠤ ᠬᠠᠮᠠᠭᠠᠯᠠᠬᠤ | ᠪᠠᠶᠢᠭᠤᠯᠤᠮᠵᠢ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠪᠠ ᠡᠳᠦᠷ | ᠲᠤᠲᠤᠮ ᠤᠨ ᠰᠡᠯᠪᠢᠨ ᠵᠠᠰᠠᠬᠤ ᠳᠦᠷᠢᠮ᠂ ᠭᠡᠮᠲᠦᠯ ᠢ ᠮᠡᠳᠡᠭᠦᠯᠦᠨ ᠵᠠᠰᠠᠪᠤᠷᠢ ᠣᠷᠣᠭᠤᠯᠬᠤ ᠳᠦᠷᠢᠮ᠂ ᠪᠡᠯᠡᠳᠬᠡᠯ | ᠲᠣᠨᠤᠭ ᠤᠨ ᠳᠦᠷᠢᠮ ᠢ ᠪᠠᠶᠢᠭᠤᠯᠵᠤ᠂ ᠲᠥᠬᠦᠭᠡᠷᠦᠮᠵᠢ ᠶᠢ ᠰᠡᠯᠪᠢᠨ ᠵᠠᠰᠠᠬᠤ ᠪᠠ ᠦᠢᠯᠡᠴᠢᠯᠡᠭᠡ ᠶᠢ ᠰᠠᠶᠢᠲᠤᠷ ᠬᠢᠵᠦ᠂ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠨᠵᠧᠨᠧᠷᠢᠩ ᠤᠨ ᠤᠷᠲᠤ ᠬᠤᠭᠤᠴᠠᠭᠠᠨ ᠤ ᠪᠦᠲᠦᠮᠵᠢᠲᠡᠶ | ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠶ᠃ | ᠵᠢᠷᠭᠤᠭ᠎ᠠ᠂ ᠠᠵᠢᠯ ᠤᠨ ᠱᠠᠲᠤ ᠦᠶ᠎ᠡ | 1.ᠨᠢᠭᠡᠳᠦᠭᠡᠷ ᠱᠠᠲᠤᠨ ᠤ ᠪᠠᠶᠢᠳᠠᠯ ᠢ ᠣᠶᠢᠯᠠᠭᠠᠬᠤ ᠲᠤᠭ᠎ᠠ ᠪᠦᠷᠢᠳᠬᠡᠯ | ᠠᠵᠢᠯ ᠤᠨ ᠠᠷᠭ᠎ᠠ ᠬᠡᠮᠵᠢᠶ᠎ᠡ᠄ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠡᠷᠡᠭᠵᠢᠭᠦᠯᠬᠦ ᠪᠠᠷ | ᠲᠥᠯᠥᠪᠯᠡᠵᠦ ᠪᠠᠶᠢᠭ᠎ᠠ ᠲᠣᠭᠤᠷᠢᠭ ᠤᠨ ᠰᠠᠭᠤᠭᠠᠯᠢ ᠡᠷᠦᠬᠡ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ᠂ ᠪᠠᠶᠢᠳᠠᠯ ᠢ | ᠣᠶᠢᠯᠠᠭᠠᠭᠰᠠᠨ ᠪᠠᠶᠢᠳᠠᠯ ᠢᠶᠠᠨ ᠬᠤᠷᠢᠶᠠᠩᠭᠤᠶᠢᠯᠠᠭᠰᠠᠨ ᠤ ᠳᠠᠷᠠᠭ᠎ᠠ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃ ᠲᠣᠭᠤᠷᠢᠭ ᠤᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠶᠢᠳᠠᠯ ᠢ ᠣᠶᠢᠯᠠᠭᠠᠭᠰᠠᠨ ᠪᠠᠶᠢᠳᠠᠯ ᠢᠶᠠᠨ | ᠦᠨᠳᠦᠰᠦᠯᠡᠨ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠢ ᠵᠣᠬᠢᠴᠠᠭᠤᠯᠤᠨ ᠬᠡᠰᠡᠭ ᠣᠷᠣᠨ ᠤ ᠴᠠᠬᠢᠯᠭᠠᠨ | ᠬᠦᠴᠦᠨ ᠤ ᠭᠠᠳᠠᠷ ᠲᠣᠣᠷ ᠢ ᠥᠭᠡᠷᠡᠴᠢᠯᠡᠬᠦ ᠠᠵᠢᠯ ᠢ ᠤᠷᠢᠳᠴᠢᠯᠠᠨ ᠲᠥᠯᠥᠪᠯᠡᠨ᠎ᠡ᠃ | ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠪᠠᠶᠠᠨᠰᠠᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠦ᠋ ᠬᠤ᠋ ᠱᠠᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠣᠬᠠᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠠᠨ | ᠳ᠋ᠤᠤ ᠺᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠨᠳᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠠᠭᠤᠷᠬᠠᠢ ᠶᠢᠨ ᠣᠷᠣᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠤᠳᠠ ᠴᠠᠬᠢᠯᠭᠠᠨ ᠬᠠᠩᠭᠠᠬᠤ | ᠬᠤᠪᠢᠶᠠᠷᠢ ᠺᠣᠮᠫᠠᠨᠢ᠃ | ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 7 ᠰᠠᠷ᠎ᠠ ᠶᠢᠨ ᠰᠡᠭᠦᠯᠴᠢ ᠠᠴᠠ ᠡᠮᠦᠨ᠎ᠡ | 2᠂ ᠬᠤᠶᠠᠲᠣᠭᠠᠷ ᠱᠠᠲᠣᠠ ᠳᠤ ᠢᠯᠠ ᠪᠠᠷ ᠲᠠᠭᠠᠭᠠᠴᠢᠯᠠᠯᠲᠠ ᠵᠠᠷᠯᠠᠬᠤ | ᠠᠵᠢᠯ ᠤᠨ ᠠᠷᠭ᠎ᠠ ᠬᠡᠮᠵᠢᠶ᠎ᠡ᠄ ᠲᠣᠰ ᠲᠥᠰᠦᠯ ᠤᠨ ᠱᠠᠭᠠᠷᠳᠠᠯᠭ᠎ᠠ ᠶᠣᠰᠣᠭᠠᠷ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠶᠢ ᠣᠷᠣᠯᠠᠬᠤ ᠺᠣᠮᠫᠠᠨᠢ ᠶᠢ ᠤᠷᠢᠵᠤ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ | ᠲᠣᠭᠲᠠᠭᠠᠨ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠴᠤ ᠳᠠᠭᠠᠭᠠᠴᠢᠯᠠᠯᠲᠠ ᠵᠠᠷᠯᠠᠬᠤ ᠵᠡᠷᠭᠡ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 9 ᠰᠠᠷ᠎ᠠ ᠶᠢᠨ | ᠰᠡᠭᠦᠯᠴᠢ ᠠᠴᠠ ᠡᠮᠦᠨ᠎ᠡ | 3᠂ ᠭᠤᠷᠪᠠᠳᠤᠭᠠᠷ ᠱᠠᠲᠤ ᠦᠶ᠎ᠡ ᠳᠤ ᠪᠠᠷᠢᠯᠭ᠎ᠠ ᠪᠠᠷᠢᠬᠤ ᠶᠢ ᠵᠣᠬᠢᠶᠠᠨ ᠪᠠᠶᠢᠭᠤᠯᠤᠨ᠎ᠠ | ᠠᠵᠢᠯ ᠤᠨ ᠠᠷᠭ᠎ᠠ ᠬᠡᠮᠵᠢᠶ᠎ᠡ᠄ ᠡᠩ ᠲᠡᠷᠢᠭᠦᠨ ᠳᠤ ᠰᠠᠭᠤᠭᠠᠯᠢ ᠡᠷᠦᠬᠡ ᠠᠴᠠ ᠭᠤᠶᠤᠴᠢᠯᠠᠯ ᠭᠠᠷᠭᠠᠵᠤ | ︵ᠡᠷᠦᠬᠡ ᠶᠢᠨ ᠬᠦᠰᠦᠨᠦᠭᠲᠦ ᠪᠠᠷ ᠣᠪᠣᠭ ᠨᠡᠷ᠎ᠡ ᠪᠠᠨ ᠳᠠᠩᠰᠠᠯᠠᠭᠤᠯᠤᠨ᠎ᠠ︶᠂ ᠳᠠᠬᠢᠨ ᠡᠯ᠎ᠡ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠠᠴᠠ ᠰᠠᠭᠤᠭᠠᠯᠢ ᠡᠷᠦᠬᠡ ᠶᠢᠨ ᠮᠡᠳᠡᠭᠡ ᠵᠠᠩᠭᠢ ︵ᠰᠠᠭᠤᠭᠠᠯᠢ ᠡᠷᠦᠬᠡ ᠶᠢᠨ ᠮᠠᠲ᠋ᠧᠷᠢᠶᠠᠯ ᠢ | ᠴᠤᠭᠯᠠᠭᠤᠯᠬᠤ ᠶᠢᠨ ᠬᠠᠮᠲᠤ ᠦᠯᠡᠳᠡᠭᠡᠨ ᠬᠠᠳᠠᠭᠠᠯᠠᠨ᠎ᠠ︶ ᠶᠢ ᠬᠢᠨᠠᠨ ᠬᠠᠷᠭᠤᠭᠤᠯᠵᠤ᠂ ᠥᠭᠡᠷᠡᠴᠢᠯᠡᠬᠦ ᠲᠥᠯᠥᠪᠯᠡᠭᠡ ᠶᠢ | ᠬᠤᠷᠢᠶᠠᠩᠭᠤᠶᠢᠯᠠᠭᠠᠳ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠦᠨ ᠬᠢᠨᠠᠨ ᠬᠠᠷᠭᠤᠭᠤᠯᠵᠤ᠂ ᠲᠣᠭᠤᠷᠢᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠬᠠᠮᠤᠭ ᠡᠴᠦᠰ ᠤᠨ ᠥᠭᠡᠷᠡᠴᠢᠯᠡᠨ | ᠰᠢᠨᠡᠳᠬᠡᠬᠦ ᠨᠡᠷᠡᠰ ᠢ ᠬᠢᠨᠠᠨ ᠬᠠᠷᠭᠤᠭᠤᠯᠵᠤ ᠨᠤᠲᠠᠯᠠᠨ᠎ᠠ᠃ ᠵᠢᠷᠤᠭ ᠲᠥᠯᠥᠪᠯᠡᠭᠡ ᠶᠢᠨ ᠨᠢᠭᠡᠴᠡ ᠪᠠᠷᠢᠯᠭ᠎ᠠ ᠪᠠᠷᠢᠬᠤ | ᠵᠢᠷᠤᠭ ᠤᠨ ᠵᠢᠷᠤᠭ ᠲᠥᠯᠥᠪᠯᠡᠭᠡ ᠬᠢᠵᠦ᠂ ᠲᠣᠬᠢᠷᠠᠮᠵᠢᠲᠠᠶ ᠦᠵᠦᠭᠦᠷ ᠤᠨ ᠲᠥᠬᠦᠭᠡᠷᠦᠮᠵᠢ ᠶᠢ ᠰᠣᠩᠭᠤᠨ ᠬᠡᠷᠡᠭᠯᠡᠪᠡ︔ | ᠪᠠᠷᠢᠯᠭ᠎ᠠ ᠪᠠᠷᠢᠬᠤ ᠨᠢᠭᠡᠴᠡ ᠵᠢᠷᠤᠭ ᠲᠥᠯᠥᠪᠯᠡᠭᠡ ᠶᠢᠨ ᠵᠢᠷᠤᠭ ᠢ ᠦᠨᠳᠦᠰᠦᠯᠡᠨ ᠠᠵᠢᠯᠲᠠᠨ ᠵᠢᠴᠢ ᠮᠠᠲ᠋ᠧᠷᠢᠶᠠᠯ ᠢ | ᠲᠠᠯᠠᠪᠠᠶ ᠳᠤ ᠣᠷᠣᠭᠤᠯᠬᠤ ᠪᠠᠷᠢᠯᠭ᠎ᠠ ᠶᠢᠨ ᠠᠵᠢᠯ ᠢ ᠥᠷᠨᠢᠭᠦᠯᠦᠨ᠎ᠡ︔ ᠴᠠᠬᠢᠯᠭᠠᠨ ᠤ ᠦᠢᠯᠡᠰ ᠤᠨ ᠰᠠᠯᠠᠭ᠎ᠠ ᠮᠥᠴᠢᠷ | ᠰᠠᠭᠤᠭᠠᠯᠢ ᠡᠷᠦᠬᠡ ᠶᠢᠨ ᠴᠠᠬᠢᠯᠭᠠᠨ ᠬᠦᠴᠦᠨ ᠤ ᠭᠠᠳᠠᠷ ᠲᠣᠣᠷ ᠢ ᠥᠭᠡᠷᠡᠴᠢᠯᠡᠬᠦ ᠬᠠᠮᠢᠶ᠎ᠠ ᠪᠦᠬᠦᠢ ᠠᠵᠢᠯ ᠢ ᠵᠡᠷᠭᠡᠪᠡᠷ | ᠬᠢᠨ᠎ᠡ᠃ | ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠪᠠᠶᠠᠨᠰᠠᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠦ᠋ ᠬᠤ᠋ ᠱᠠᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠣᠬᠠᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠠᠨ | ᠳ᠋ᠤᠤ ᠺᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠨᠳᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠠᠭᠤᠷᠬᠠᠢ ᠶᠢᠨ ᠣᠷᠣᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠤᠳᠠ ᠴᠠᠬᠢᠯᠭᠠᠨ ᠬᠠᠩᠭᠠᠬᠤ | ᠬᠤᠪᠢᠶᠠᠷᠢ ᠺᠣᠮᠫᠠᠨᠢ᠃ | ᠪᠡᠶᠡᠯᠡᠬᠦᠯᠬᠦ ᠴᠠᠭ ᠬᠤᠭᠤᠴᠠᠭ᠎ᠠ᠄ 2025 ᠣᠨ ᠤ 10 ᠰᠠᠷ᠎ᠠ ᠶᠢᠨ 15 ᠤ ᠡᠳᠦᠷ ᠠᠴᠠ ᠡᠮᠦᠨ᠎ᠡ | 4.ᠳᠥᠷᠪᠡᠳᠦᠭᠡᠷ ᠱᠠᠲᠤᠨ ᠤ ᠬᠢᠨᠠᠯᠲᠠ ᠲᠠᠯᠪᠢᠬᠤ ᠪᠠ ᠰᠢᠯᠭᠠᠨ ᠠᠪᠬᠤ | ᠠᠵᠢᠯ ᠤᠨ ᠠᠷᠭ᠎ᠠ ᠬᠡᠮᠵᠢᠶ᠎ᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠠᠴᠠ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠢᠷᠤᠵᠤ ᠲᠥᠯᠥᠪᠯᠡᠨ | ᠪᠠᠷᠢᠯᠭ᠎ᠠ ᠪᠠᠷᠢᠬᠤ ᠨᠢᠭᠡᠴᠡ᠂ ᠬᠢᠨᠠᠨ ᠬᠠᠮᠢᠶᠠᠷᠬᠤ ᠨᠢᠭᠡᠴᠡ᠂ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠠᠮᠲᠤᠷᠠᠨ ᠰᠢᠯᠭᠠᠨ | ᠠᠪᠤᠨ᠎ᠠ᠃ | ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠂ ᠪᠠᠶᠠᠨᠰᠠᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠤ ᠬᠤ᠋ ᠱᠠᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠬᠠᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠠᠨ ᠳ᠋ᠤᠤ | ᠺᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠨᠳᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ | ᠪᠡᠶᠡᠯᠡᠬᠦᠯᠬᠦ ᠴᠠᠭ ᠬᠤᠭᠤᠴᠠᠭ᠎ᠠ᠄ 2025 ᠣᠨ ᠤ 11 ᠰᠠᠷ᠎ᠠ ᠶᠢᠨ ᠰᠡᠭᠦᠯᠴᠢ ᠠᠴᠠ ᠡᠮᠦᠨ᠎ᠡ | 5.ᠲᠠᠪᠤᠳᠤᠭᠠᠷ ᠱᠠᠲᠤᠨ ᠤ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ | ᠠᠵᠢᠯ ᠤᠨ ᠠᠷᠭ᠎ᠠ ᠬᠡᠮᠵᠢᠶ᠎ᠡ᠄ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢᠭᠡ ᠡᠷᠦᠬᠡ ᠳᠤ ᠨᠢᠭᠡ | ᠳᠠᠩᠰᠠ ᠡᠪᠬᠡᠮᠡᠯ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠳᠠᠩᠰᠠ ᠡᠪᠬᠡᠮᠡᠯ ᠳᠤ ᠥᠭᠡᠷᠡᠴᠢᠯᠡᠬᠦ ᠭᠤᠶᠤᠴᠢᠯᠠᠯ ᠤᠨ | ᠪᠢᠴᠢᠭ᠂ ᠥᠭᠡᠷᠡᠴᠢᠯᠡᠬᠦ ᠠᠮᠠᠯᠠᠯᠲᠠ ᠶᠢᠨ ᠪᠢᠴᠢᠭ᠂ ᠰᠠᠭᠤᠭᠠᠯᠢ ᠡᠷᠦᠬᠡ ᠶᠢᠨ ᠮᠡᠳᠡᠭᠡ ᠵᠠᠩᠭᠢ᠂ ᠥᠭᠡᠷᠡᠴᠢᠯᠡᠬᠦ ᠶᠢᠨ | ᠡᠮᠦᠨ᠎ᠡ ᠬᠤᠶᠢᠨᠠᠬᠢ ᠬᠠᠷᠢᠴᠠᠭᠤᠯᠭ᠎ᠠ ᠶᠢᠨ ᠵᠢᠷᠤᠭ᠂ ᠲᠥᠬᠦᠭᠡᠷᠦᠮᠵᠢ ᠤᠭᠰᠠᠷᠠᠬᠤ ᠳᠤ ᠬᠢᠷᠢ ᠲᠡᠩᠴᠡᠭᠰᠡᠨ ᠨᠤᠲᠠᠯᠠᠯ ᠤᠨ | ᠪᠢᠴᠢᠭ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠪᠠᠭᠲᠠᠭᠠᠵᠤ᠂ ᠰᠢᠯᠭᠠᠨ ᠠᠪᠬᠤ ᠪᠠᠷ ᠳᠠᠮᠵᠢᠭᠠᠳ ᠬᠢᠷᠢ ᠲᠡᠩᠴᠡᠭᠰᠡᠨ ᠤ | ᠳᠠᠷᠠᠭ᠎ᠠ᠂ ᠥᠭᠡᠷᠡᠴᠢᠯᠡᠨ ᠰᠢᠨᠡᠳᠬᠡᠬᠦ ᠨᠠᠷᠢᠨ ᠲᠣᠳᠣᠷᠬᠠᠶ ᠪᠥᠭᠡᠳ ᠬᠠᠮᠢᠶ᠎ᠠ ᠪᠦᠬᠦᠢ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠭᠤᠣᠯ ᠬᠠᠷᠢᠭᠤᠴᠠᠯᠭᠠᠲᠠᠨ ᠢᠶᠠᠷ ᠬᠢᠨᠠᠨ ᠬᠠᠷᠭᠤᠭᠤᠯᠤᠨ᠎ᠠ ︵ᠭᠠᠷ ᠤᠨ ᠦᠰᠦᠭ ᠵᠢᠷᠤᠭᠤᠯᠵᠤ᠂ | ᠲᠠᠮᠠᠭ᠎ᠠ ᠳᠠᠷᠤᠭᠤᠯᠤᠨ᠎ᠠ︶᠂ ᠳᠠᠷᠠᠭ᠎ᠠ ᠨᠢ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠪᠠᠶᠠᠨᠰᠠᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠤ ᠬᠤ᠋ ᠱᠠᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠣᠬᠠᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠠᠨ | ᠳ᠋ᠤᠤ ᠺᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠨᠳᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠳᠠᠭᠠᠭᠠᠴᠢᠯᠠᠯᠲᠠ ᠣᠯᠵᠤ ᠪᠠᠷᠢᠯᠭ᠎ᠠ ᠪᠠᠷᠢᠬᠤ ᠨᠢᠭᠡᠴᠡ᠃ | ᠪᠡᠶᠡᠯᠡᠬᠦᠯᠬᠦ ᠴᠠᠭ ᠬᠤᠭᠤᠴᠠᠭ᠎ᠠ᠄ 2025 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠳᠣᠯᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠦᠬᠦ ᠲᠠᠯ᠎ᠠ ᠶᠢᠨ ᠠᠵᠢᠯ ᠢ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰ | ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠬᠤ | ᠬᠡᠷᠡᠭᠲᠡᠢ︔ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯ ᠡᠪᠦᠯ ᠤᠨ ᠤᠯᠠᠷᠢᠯ ᠤᠨ ᠴᠡᠪᠡᠷ | ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ | ᠡᠷᠲᠡ ᠪᠡᠯᠡᠳᠬᠡᠯ ᠬᠢᠵᠦ᠂ ᠡᠯ᠎ᠡ ᠵᠦᠢᠯ ᠤᠨ ᠠᠵᠢᠯ ᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ | ᠬᠡᠷᠡᠭᠲᠡᠢ᠃ | ︵ᠬᠤᠶᠠᠷ︶ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠨ᠎ᠡ᠃ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠥᠷᠭᠡᠨ ᠣᠯᠠᠨ ᠲᠦᠮᠡᠨ ᠢ ᠬᠥᠲᠥᠯᠦᠨ | ᠵᠢᠯᠣᠭᠤᠳᠴᠤ ᠪᠠᠶᠢᠭᠠᠳ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠳᠡᠮᠵᠢᠨ | ᠣᠷᠣᠯᠴᠠᠭᠤᠯᠵᠤ᠂ ᠥᠭᠡᠷᠡᠴᠢᠯᠡᠬᠦ ᠡᠭᠦᠷᠭᠡ ᠶᠢ ᠢᠳᠡᠪᠬᠢᠲᠡᠶ ᠬᠠᠮᠵᠢᠯᠴᠠᠨ ᠪᠡᠶᠡᠯᠡᠭᠦᠯᠦᠨ᠎ᠡ᠃ | ︵ᠭᠤᠷᠪᠠ︶ ᠬᠢᠨᠠᠯᠲᠠ ᠲᠠᠯᠪᠢᠨ ᠪᠠᠶᠢᠴᠠᠭᠠᠬᠤ ᠪᠠᠨ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠨᠡᠭᠦᠷᠡᠰᠦ ᠰᠢᠲᠠᠭᠠᠬᠤ | ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ᠂ ᠬᠡᠷᠡᠭᠯᠡᠬᠦ ᠡᠯ᠎ᠡ ᠵᠠᠩᠭᠢᠯᠠᠭ᠎ᠠ ᠶᠢᠨ ᠶᠠᠰᠤ ᠴᠢᠨᠠᠷ ᠢ ᠪᠠᠶᠢᠴᠠᠭᠠᠨ | ᠰᠢᠯᠭᠠᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠣᠷᠣᠨ ᠤ ᠳᠣᠲᠣᠷᠠᠬᠢ ᠨᠡᠭᠦᠷᠡᠰᠦ ᠰᠢᠲᠠᠭᠠᠬᠤ | ᠠᠵᠤ ᠠᠬᠤᠶᠢᠯᠠᠯ ᠤᠨ ᠦᠢᠯᠡᠳᠪᠦᠷᠢᠯᠡᠵᠦ ᠡᠳ᠋ᠰᠢᠭᠦᠯᠬᠦ᠂ ᠲᠣᠭᠲᠠᠮᠠᠯ ᠲᠠᠯᠠᠪᠤᠷ ᠭᠠᠵᠠᠷ ᠤᠨ ᠦᠨᠡᠮᠯᠡᠯ ᠥᠬᠡᠶ ᠪᠠᠷ | ᠡᠵᠡᠩᠨᠡᠬᠦ᠂ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠨᠡᠭᠦᠳᠡᠯ ᠬᠤᠳᠠᠯᠳᠤᠭᠠᠴᠢᠨ ᠴᠢᠨᠠᠷ ᠮᠠᠭᠤ ᠨᠡᠭᠦᠷᠡᠰᠦ | ᠪᠣᠷᠣᠯᠠᠭᠤᠯᠬᠤ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ︔ ᠡᠯ᠎ᠡ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠨᠢ ᠬᠠᠷᠢᠶ᠎ᠠ ᠣᠷᠣᠨ ᠤ ᠳᠣᠲᠣᠷᠠᠬᠢ ᠬᠢᠷᠢ ᠲᠡᠩᠴᠡᠬᠦ ᠥᠬᠡᠶ ᠨᠡᠭᠦᠷᠡᠰᠦ ᠪᠣᠷᠣᠯᠠᠭᠤᠯᠬᠤ ᠦᠢᠯᠡ | ᠠᠵᠢᠯᠯᠠᠭ᠎ᠠ ᠳᠤ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠬᠢᠵᠦ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ | ᠨᠢᠭᠲᠠ ᠬᠠᠮᠵᠢᠯᠴᠠᠨ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ | ᠲᠣᠰ ᠲᠥᠰᠦᠯ ᠨᠢ ᠵᠥᠪᠬᠡᠨ ᠤᠳᠠ ᠲᠣᠭᠤᠷᠢᠭ ᠤᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ | ᠲᠥᠷᠥᠯ ᠵᠦᠢᠯ ᠤᠨ ᠬᠤᠶᠠᠳᠤᠭᠠᠷ ᠬᠤᠭᠤᠴᠠᠭ᠎ᠠ ︵ᠭᠤᠷᠪᠠᠳᠤᠭᠠᠷ ᠲᠠᠭᠠᠭᠠᠴᠢᠯᠠᠯᠳᠠ ᠶᠢᠨ ᠬᠡᠰᠡᠭ᠂ ᠳᠥᠷᠪᠡᠳᠦᠭᠡᠷ | ᠲᠠᠭᠠᠭᠠᠴᠢᠯᠠᠯᠳᠠ ᠶᠢᠨ ᠬᠡᠰᠡᠭ᠂ ᠲᠠᠪᠤᠨ ᠲᠠᠭᠠᠭᠠᠴᠢᠯᠠᠯᠳᠠ ᠶᠢᠨ ᠬᠡᠰᠡᠭ᠂ ᠵᠢᠷᠭᠤᠳᠤᠭᠠᠷ ᠲᠠᠭᠠᠭᠠᠴᠢᠯᠠᠯᠳᠠ ᠶᠢᠨ ᠬᠡᠰᠡᠭ︶ | ᠶᠢᠨ ︽ᠨᠡᠭᠦᠷᠡᠰᠦ ᠶᠢ ᠴᠠᠬᠢᠯᠭᠠᠨ ᠪᠤᠯᠭᠠᠨ ᠦᠬᠡᠷᠡᠴᠢᠯᠡᠬᠦ︾ ᠥᠭᠡᠷᠡᠴᠢᠯᠡᠯᠲᠡ ᠶᠢᠨ ᠠᠵᠢᠯ ᠳᠤ ᠲᠤᠬᠢᠷᠠᠨ᠎ᠠ᠃ | | | | |