ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠵᠢᠯ ᠢ ᠰᠢᠯᠭᠠᠨ ᠠᠪᠤᠭᠠᠳᠤᠢ ᠴᠡᠭᠴᠡᠯᠡᠨ | ᠰᠠᠶᠢᠵᠢᠷᠠᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠢᠨᠵᠧᠨᠧᠷᠢᠩ ᠢ ᠠᠬᠢᠭᠤᠯᠬᠤ ᠠᠬᠢᠴᠠ ᠶᠢ ᠪᠦᠬᠦ | ᠲᠠᠯ᠎ᠠ ᠪᠠᠷ ᠲᠤᠬᠢᠷᠠᠭᠤᠯᠤᠨ ᠡᠵᠡᠮᠰᠢᠵᠦ᠂ ᠪᠠᠷᠢᠯᠭ᠎ᠠ ᠪᠠᠷᠢᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ | ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠤᠳᠠ ᠲᠣᠭᠤᠷᠢᠭ ᠤᠨ ᠣᠨᠴᠠᠭᠠᠢ ᠴᠠᠭ ᠠᠭᠤᠷ ᠢ ᠰᠡᠷᠭᠡᠶᠢᠯᠡᠨ | ᠠᠷᠭᠠᠴᠠᠬᠤ ᠲᠤᠬᠠᠢ ᠪᠠᠶᠢᠷᠢᠯᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠪᠠᠶᠢᠷᠢᠯᠠᠭᠤᠯᠤᠨ | ᠨᠠᠶᠢᠳᠠᠪᠤᠷᠢᠵᠢᠭᠤᠯᠪᠠ᠃ 8 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠤᠳᠠ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠵᠢᠯ ᠢ ᠰᠢᠯᠭᠠᠨ ᠠᠪᠤᠭᠠᠳᠤᠢ | ᠴᠡᠭᠴᠡᠯᠡᠨ ᠰᠠᠶᠢᠵᠢᠷᠠᠭᠤᠯᠬᠤ ᠢᠨᠵᠧᠨᠧᠷᠢᠩ ᠢ ᠲᠤᠬᠢᠷᠠᠭᠤᠯᠤᠨ ᠪᠠᠶᠢᠷᠢᠯᠠᠭᠤᠯᠬᠤ ᠬᠤᠷᠠᠯ ᠢ ᠵᠣᠬᠢᠶᠠᠨ ᠪᠠᠶᠢᠭᠤᠯᠵᠤ | ᠬᠤᠷᠠᠯᠳᠤᠭᠤᠯᠪᠠ᠃ | ᠬᠤᠷᠠᠯ ᠠᠴᠠ ᠡᠯ᠎ᠡ ᠰᠤᠷᠭᠠᠭᠤᠯᠢ ᠬᠡᠤᠬᠡᠳ ᠤᠨ ᠴᠡᠴᠡᠷᠯᠢᠭ ᠤᠨ ᠭᠠᠯ ᠤᠨᠲᠠᠷᠠᠭᠠᠬᠤ ᠠᠵᠢᠯ ᠢ ᠰᠢᠯᠭᠠᠨ | ᠠᠪᠤᠭᠠᠳᠤᠢ ᠴᠡᠭᠴᠡᠯᠡᠨ ᠰᠠᠶᠢᠵᠢᠷᠠᠭᠤᠯᠬᠤ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠲᠣᠬᠢᠷᠠᠭᠤᠯᠵᠤ᠂ ᠤᠳᠠ | ᠲᠣᠭᠤᠷᠢᠭ ᠤᠨ ᠣᠨᠴᠠᠭᠠᠢ ᠴᠠᠭ ᠠᠭᠤᠷ ᠢ ᠰᠡᠷᠭᠡᠶᠢᠯᠡᠨ ᠠᠷᠭᠠᠴᠠᠬᠤ ᠲᠤᠬᠠᠢ ᠪᠠᠶᠢᠷᠢᠯᠠᠭᠤᠯᠤᠯᠲᠠ ᠬᠢᠬᠦ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠰᠢᠷᠦᠭᠦᠨ ᠪᠣᠷᠣᠭᠠᠨ ᠣᠷᠣᠬᠤ ᠶᠢ ᠰᠡᠷᠭᠡᠶᠢᠯᠡᠬᠦ ᠠᠵᠢᠯ ᠢ ᠰᠠᠶᠢᠲᠤᠷ | ᠬᠢᠬᠦ ᠲᠤᠬᠠᠢ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠷᠭᠠᠭᠤᠯᠢ ᠬᠡᠤᠬᠡᠳ ᠤᠨ ᠴᠡᠴᠡᠷᠯᠢᠭ᠂ ᠡᠯ᠎ᠡ ᠪᠠᠷᠢᠯᠭ᠎ᠠ ᠪᠠᠷᠢᠬᠤ | ᠨᠢᠭᠡᠴᠡ ᠭᠠᠯ ᠤᠨᠲᠠᠷᠠᠭᠠᠬᠤ ᠠᠵᠢᠯ ᠤᠨ ᠰᠢᠯᠭᠠᠨ ᠠᠪᠤᠭᠠᠳᠤᠢ ᠴᠡᠭᠴᠡᠯᠡᠨ ᠰᠠᠶᠢᠵᠢᠷᠠᠭᠤᠯᠬᠤ ᠢᠨᠵᠧᠨᠧᠷᠢᠩ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ | ᠪᠠᠷᠢᠯᠭ᠎ᠠ ᠶᠢᠨ ᠠᠵᠢᠯ ᠤᠨ ᠭᠤᠭᠴᠤᠭ᠎ᠠ ᠶᠢ ᠰᠢᠯᠢᠳᠡᠭᠵᠢᠭᠦᠯᠦᠨ᠂ ᠪᠠᠷᠢᠯᠭ᠎ᠠ ᠶᠢᠨ ᠠᠮᠤᠷ ᠲᠦᠪᠰᠢᠨ ᠤ ᠪᠣᠭᠤᠮᠲᠠ ᠪᠠ | ᠶᠠᠰᠤ ᠴᠢᠨᠠᠷ ᠢ ᠰᠠᠶᠢᠲᠤᠷ ᠠᠳᠬᠤᠵᠤ᠂ ᠲᠤᠬᠠᠶ ᠶᠢᠨ ᠡᠳᠦᠷ ᠤᠨ ᠪᠠᠷᠢᠯᠭ᠎ᠠ ᠶᠢᠨ ᠠᠬᠢᠴᠠ ᠶᠢ ᠪᠡᠶᠡᠯᠡᠭᠦᠯᠦᠭᠰᠡᠨ | ᠪᠠᠶᠢᠳᠠᠯ ᠢ ᠡᠳᠦᠷ ᠪᠦᠷᠢ ᠲᠣᠬᠢᠷᠠᠭᠤᠯᠤᠭᠰᠠᠨ ᠰᠠᠭᠤᠷᠢᠨ ᠳᠡᠭᠡᠷ᠎ᠡ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠨ | ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠢᠨᠵᠧᠨᠧᠷᠢᠩ ᠤᠨ ᠠᠬᠢᠴᠠ ᠶᠢ ᠪᠥᠬᠦ ᠬᠦᠴᠦᠨ ᠢᠶᠠᠷ ᠢᠶᠠᠨ | ᠲᠦᠷᠭᠡᠳᠬᠡᠨ᠎ᠡ᠃ ᠰᠢᠷᠦᠭᠦᠨ ᠪᠣᠷᠣᠭᠠᠨ ᠣᠷᠣᠬᠤ ᠶᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠵᠦ᠂ | ᠰᠤᠷᠭᠠᠭᠤᠯᠢ ᠬᠡᠤᠬᠡᠳ ᠤᠨ ᠴᠡᠴᠡᠷᠯᠢᠭ ᠤᠳ 24 ᠴᠠᠭ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ | ᠲᠦᠷᠢᠮ ᠢ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ ᠬᠡᠮ ᠰᠣᠭᠤᠭ ᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠡᠷ ᠤᠨ ᠭᠠᠳᠠᠨ᠎ᠠ ᠪᠠᠷᠢᠯᠭ᠎ᠠ ᠪᠠᠷᠢᠬᠤ ᠶᠢ ᠵᠣᠭᠰᠣᠭᠠᠵᠤ᠂ ᠬᠦᠨᠳᠦ ᠨᠣᠴᠢᠲᠠᠶ | ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ ᠲᠥᠬᠦᠭᠡᠷᠦᠮᠵᠢ ᠶᠢ ᠲᠡᠷᠡ ᠳᠠᠷᠤᠶ ᠳᠤᠨᠢ ᠬᠡᠷᠡᠭᠯᠡᠬᠦ ᠶᠢ | ᠵᠣᠭᠰᠣᠭᠠᠬᠤ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠲᠦᠭᠰᠢᠭᠦᠷᠢᠲᠦ ᠪᠠᠶᠢᠳᠠᠯ ᠲᠣᠬᠢᠶᠠᠯᠳᠤᠪᠠᠯ | ᠴᠠᠭ ᠲᠤᠬᠠᠶ ᠳᠤᠨᠢ ᠠᠷᠭᠠᠴᠠᠨ ᠰᠢᠢᠳᠪᠦᠷᠢᠯᠡᠵᠦ᠂ ᠰᠢᠷᠦᠭᠦᠨ ᠪᠣᠷᠣᠭᠠᠨ ᠣᠷᠣᠬᠤ ᠶᠢ ᠰᠡᠷᠭᠡᠶᠢᠯᠡᠨ ᠠᠷᠭᠠᠴᠠᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠠᠢ᠃ | |