8 ᠰᠠᠷ᠎ᠠ ᠶᠢᠨ 29 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ | ᠪᠠᠶᠠᠨᠰᠠᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ | ᠠᠵᠢᠯ ᠢ ᠵᠢᠯᠣᠭᠤᠳᠤᠭᠰᠠᠨ ᠪᠥᠭᠡᠳ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠲᠣᠭᠤᠷᠢᠭ ᠤᠨ ᠤᠳᠤᠷᠢᠳᠤᠯᠭ᠎ᠠ ᠰᠢᠤᠢ ᠢ ᠱᠤ᠋ ᠣᠷᠣᠯᠴᠠᠪᠠ᠃ | | ᠪᠠᠶᠠᠨᠰᠠᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ᠂ ᠶᠠᠨ ᠸᠧᠨ ᠯᠦᠩ ᠦᠨᠳᠦᠰᠦᠨ | ᠱᠠᠲᠤᠨ ᠤ ᠨᠠᠮ ᠤᠨ ᠭᠡᠰᠢᠭᠦᠨ ᠺᠠᠲᠷ ᠤᠨ ᠲᠥᠯᠥᠭᠡᠯᠡᠭᠴᠢ ᠲᠠᠢ ᠨᠢᠭᠤᠷᠳᠠᠨ ᠣᠶᠢᠯᠠᠭᠠᠯᠲᠠ ᠪᠠᠨ ᠰᠣᠯᠢᠯᠴᠠᠪᠠ᠃ | ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠶᠠᠨ ᠸᠧᠨ ᠯᠦᠩ ᠬᠡᠯᠡᠭᠰᠡᠨ ᠨᠢ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠣᠯᠤᠨ ᠦᠨᠳᠦᠰᠦᠨ ᠱᠠᠲᠤᠨ ᠤ ᠠᠵᠢᠯ | ᠪᠣᠯᠤᠨ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠂ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ | ᠢᠨᠵᠧᠨᠧᠷᠢᠩ︾ ᠪᠣᠯᠤᠨ ᠦᠬᠠᠶ ᠬᠤᠲᠠ ᠶᠢᠨ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ︾ ᠢ ᠨᠢᠭᠲᠠ | ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ | ᠪᠣᠯᠭᠠᠬᠤ ᠠᠵᠢᠯ ᠤᠨ ᠭᠤᠤᠯ ᠱᠤᠭᠤᠮ ᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠡᠯ᠎ᠡ ᠲᠠᠯ᠎ᠠ ᠶᠢᠨ ᠪᠥᠬᠦ ᠶᠠᠪᠤᠴᠠ ᠳᠤ ᠦᠨᠡᠨᠬᠦ ᠲᠤᠤᠱᠯᠠᠭᠤᠯᠵᠤ᠂ ︽ᠨᠠᠮ ᠤᠨ ᠠᠴᠢ ᠶᠢ ᠮᠡᠳᠡᠷᠡᠵᠦ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ ᠯᠠᠪᠳᠠᠭᠤᠨ ᠪᠠᠲᠤᠲᠠᠶ | ᠰᠠᠶᠢᠲᠤᠷ ᠥᠷᠨᠢᠭᠦᠯᠵᠦ᠂ ᠣᠯᠠᠨ ᠲᠦᠮᠡᠨ ᠳᠤ ᠡᠯ᠎ᠡ ᠵᠦᠢᠯ ᠤᠨ ᠠᠵᠢᠯ ᠢ ᠨᠠᠩ ᠰᠠᠶᠢᠲᠤᠷ ᠣᠶᠢᠯᠠᠭᠠᠭᠤᠯᠤᠨ | ᠳᠡᠮᠵᠢᠭᠦᠯᠵᠦ᠂ ᠤᠳᠠ ᠲᠤᠭᠤᠷᠢᠭ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠰᠠᠶᠢᠲᠤᠷ | ᠬᠠᠮᠲᠤ ᠪᠠᠷ ᠡᠳ᠋ᠯᠡᠭᠦᠯᠬᠦ ᠬᠡᠷᠡᠭᠲᠡᠶ ᠭᠡᠵᠡᠶ᠃ | ᠶᠠᠨ ᠸᠧᠨ ᠯᠦᠩ ᠬᠡᠯᠡᠭᠰᠡᠨ ᠨᠢ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠪᠣᠯ ᠨᠠᠮ ᠪᠠ ᠣᠯᠠᠨ ᠲᠦᠮᠡᠨ ᠤ | ︽ᠰᠡᠳᠬᠢᠯ ᠬᠤᠯᠪᠣᠬᠤ ᠬᠥᠭᠦᠷᠭᠡ︾ ᠮᠥᠨ᠂ ᠪᠠᠰᠠ ᠴᠤ ᠣᠯᠠᠨ ᠲᠦᠮᠡᠨ ᠳᠤ ᠦᠢᠯᠡᠴᠢᠯᠡᠬᠦ ︽ᠬᠠᠮᠤᠭ ᠤᠨ ᠡᠮᠦᠨ᠎ᠡ | ᠹᠷᠣᠨᠲ︾ ᠮᠥᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ᠂ | ︽ᠦᠨᠡᠮᠯᠡᠯ ᠠᠪᠬᠤ ᠳᠤ ᠬᠦᠴᠢᠷ︾᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠵᠡᠷᠭᠡ ᠲᠤᠪᠤᠶᠢᠮ᠎ᠠ | ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠰᠥᠷᠭᠡᠦ ᠰᠡᠳᠬᠢᠬᠦᠢ ᠪᠠᠨ ᠳᠡᠭᠡᠭᠰᠢᠯᠡᠭᠦᠯᠵᠦ᠂ ᠬᠦᠴᠦᠯᠡᠬᠦ ᠴᠡᠭ ᠪᠠ | ᠰᠢᠪᠲᠤᠯᠤᠯᠲᠠ ᠶᠢᠨ ᠴᠡᠭ ᠢᠶᠠᠨ ᠣᠨᠣᠪᠴᠢᠲᠠᠢ ᠣᠯᠵᠤ᠂ ᠦᠨᠳᠦᠰᠦᠨ ᠱᠠᠲᠤᠨ ᠤ ᠡᠭᠦᠳᠦᠨ ᠪᠦᠲᠦᠭᠡᠬᠦ ᠪᠠ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠤᠶᠤᠨ ᠤᠬᠠᠭᠠᠨ ᠢᠶᠠᠨ ᠰᠢᠪᠬᠠᠨ | ᠠᠷᠭ᠎ᠠ ᠪᠦᠬᠦᠨ ᠢ ᠰᠦᠪᠡᠭᠴᠢᠯᠡᠨ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠬᠦᠷᠢᠶᠡᠯᠡᠯ ᠢ ᠣᠯᠵᠤ᠂ ᠤᠯᠠᠨ | ᠲᠦᠮᠡᠨ ᠳᠤ ᠲᠠᠭᠠᠰᠢᠶᠠᠭᠳᠠᠭᠰᠠᠨ ᠨᠢᠭᠡ ᠪᠦᠯᠦᠭ ᠪᠣᠳᠠᠲᠤ ᠶᠠᠪᠤᠳᠠᠯ ᠰᠠᠶᠢᠨ ᠶᠠᠪᠤᠳᠠᠯ ᠢ ᠦᠨᠡᠨ ᠪᠣᠳᠠᠲᠠᠢ ᠬᠢᠬᠦ | ᠬᠡᠷᠡᠭᠲᠡᠢ᠃ ︽ᠳᠠᠷᠤᠭᠠᠰᠤ ᠶᠢ ᠬᠥᠩᠭᠡᠷᠡᠭᠦᠯᠬᠦ︾ ᠪᠠ ︽ᠴᠢᠳᠠᠪᠤᠷᠢ ᠣᠯᠭᠤᠬᠤ︾ ᠬᠤᠣᠰ ᠴᠢᠭᠯᠡᠯ ᠢᠶᠠᠷ ᠬᠦᠴᠦᠯᠡᠬᠦ ᠶᠢ | ᠪᠠᠷᠢᠮᠲᠠᠯᠠᠵᠤ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠵᠥᠪᠳᠡᠯᠴᠡᠨ ᠬᠡᠷᠡᠭ ᠵᠥᠪᠯᠡᠬᠦ ᠪᠠ ᠤᠯᠠᠨ | ᠲᠦᠮᠡᠨ ᠤ ᠬᠢᠨᠠᠯᠲᠠ ᠲᠠᠯᠪᠢᠬᠤ ᠲᠦᠷᠢᠮ ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠤᠯᠠᠨ ᠲᠦᠮᠡᠨ ᠤ ᠰᠠᠨᠠᠭᠤᠯᠭ᠎ᠠ | ᠴᠢᠨᠠᠭᠰᠢᠯᠠᠪᠠᠯ ᠰᠢᠭᠦᠮᠵᠢᠯᠡᠬᠦ ᠳᠤᠮᠳᠠ ᠠᠴᠠ ᠬᠢᠨᠠᠨ ᠦᠵᠡᠬᠦ ᠠᠵᠢᠯ ᠳᠠᠭᠠᠨ ᠴᠢᠳᠠᠮᠠᠭᠠᠢ ᠪᠠᠶᠢᠵᠤ᠂ ᠨᠡᠩ ᠤᠯᠠᠨ ᠤᠯᠠᠨ | ᠲᠦᠮᠡᠨ ᠢ ᠦᠨᠳᠦᠰᠦᠨ ᠱᠠᠲᠤᠨ ᠤ ᠵᠠᠰᠠᠯᠲᠠ ᠶᠢ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ | ᠵᠠᠰᠠᠬᠤ ᠬᠠᠮᠲᠤ ᠪᠠᠷ ᠡᠳ᠋ᠯᠡᠬᠦ ᠪᠦᠬᠦ ᠶᠠᠪᠤᠴᠠ ᠳᠤ ᠣᠷᠣᠯᠴᠠᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠵᠢᠮ᠎ᠡ | ᠶᠣᠰᠣ ᠶᠢ ᠬᠡᠷᠡᠭᠯᠡᠬᠦ᠂ ᠵᠠᠬ᠎ᠠ ᠳᠡᠯᠭᠡᠭᠦᠷᠴᠢᠯᠡᠬᠦ ᠰᠡᠳᠬᠢᠬᠦᠶ ᠪᠠᠷ ᠠᠵᠢᠯ ᠢᠶᠠᠨ ᠠᠬᠢᠭᠤᠯᠬᠤ ᠴᠢᠳᠠᠪᠤᠷᠢ ᠪᠠᠨ | ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢᠶᠠᠨ | ᠳᠡᠭᠡᠭᠰᠢᠯᠡᠭᠦᠯᠵᠦ᠂ ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠠᠷᠢᠶ᠎ᠠ ᠣᠷᠣᠨ ᠤ | ᠰᠠᠭᠤᠭᠠᠯᠢ ᠠᠷᠠᠳ ᠲᠤ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠶ᠃ | ᠪᠠᠶᠠᠨᠰᠠᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠰᠠᠶᠢᠨ ᠶᠠᠪᠤᠳᠠᠯ ᠬᠢᠬᠦ ᠬᠠᠷᠢᠭᠤᠴᠠᠯᠭ᠎ᠠ︾ ᠶᠢ | ᠡᠭᠦᠷᠭᠡᠯᠡᠵᠦ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠤᠬᠠᠮᠰᠠᠷ ᠢ ᠪᠤᠢ ᠪᠣᠯᠭᠠᠵᠤ᠂ ᠵᠢᠱᠢᠶ᠎ᠡ ᠦᠵᠡᠭᠦᠯᠵᠦ | ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ︽ᠳᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠨᠡᠩ | ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠵᠤ᠂ ︽ᠲᠦᠷᠭᠡᠨ ᠬᠢᠬᠦ︾ ᠡᠷᠴᠢ ᠵᠣᠷᠢᠭ | ᠪᠣᠯᠤᠨ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠴᠦ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠬᠢᠬᠦ | ᠣᠪᠣᠷ ᠪᠣᠯᠤᠨ ᠠᠵᠢᠯᠯᠠᠭ᠎ᠠ ᠶᠢ ᠭᠠᠷᠭᠠᠵᠤ᠂ ᠡᠯ᠎ᠡ ᠵᠦᠢᠯ ᠤᠨ ᠠᠵᠢᠯ ᠤᠨ ᠳᠤᠮᠳᠠ ᠲᠦᠷᠦᠭᠦᠯᠡᠨ ᠦᠯᠢᠭᠡᠷ | ᠳᠠᠭᠤᠷᠢᠶᠠᠯ ᠪᠤᠯᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ | ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠠᠢ᠃ |