8 ᠰᠠᠷ᠎ᠠ ᠶᠢᠨ 29 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠯᠢᠦ ᠬᠤ᠋ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 16 | ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠠᠪᠤᠨ | ᠶᠡᠭᠡ ᠡᠭᠦᠷᠭᠡ︾ ᠵᠢᠴᠢ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ | ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠣᠨ ᠤ | ᠬᠠᠷᠠᠯᠲᠠ ᠪᠠᠨ ᠲᠣᠭᠲᠠᠭᠠᠵᠤ᠂ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠢᠯᠲᠠᠭᠠᠨ ᠢᠶᠠᠨ ᠨᠠᠷᠢᠨ ᠡᠷᠢᠵᠦ᠂ | ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠳᠤᠲᠠᠭᠤᠳᠠᠯ ᠢᠶᠠᠨ ᠤᠯᠠᠮ ᠴᠢᠨᠠᠭᠰᠢᠳᠠ ᠨᠥᠬᠦᠪᠥᠷᠢᠯᠡᠵᠦ᠂ | ︽ᠲᠠᠪᠤᠨ ᠶᠡᠭᠡ ᠡᠭᠦᠷᠭᠡ︾︽ᠵᠢᠷᠭᠤᠭᠠᠨ ᠢᠨᠵᠧᠨᠧᠷᠢᠩ︾ ᠢ ᠤᠳᠠ ᠲᠤᠭᠤᠷᠢᠭ ᠲᠤ ᠨᠡᠩ ᠶᠡᠭᠡ ᠰᠢᠪᠲᠤᠯᠤᠯᠲᠠ ᠲᠠᠢ | ᠪᠣᠯᠭᠠᠬᠤ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠨᠥᠭᠡᠴᠡ ᠶᠢ ᠨᠡᠮᠡᠭᠳᠡᠭᠦᠯᠵᠦ᠂ ᠨᠡᠩ ᠤᠯᠠᠨ ᠲᠤᠮᠤ ᠲᠦᠷᠦᠯ | ᠵᠦᠢᠯ ᠰᠠᠶᠢᠨ ᠲᠦᠷᠦᠯ ᠵᠦᠢᠯ ᠢ ᠳᠡᠭᠡᠳᠦ ᠱᠠᠲᠤᠨ ᠤ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ ᠲᠦᠷᠦ ᠶᠢᠨ | ᠪᠤᠳᠤᠯᠭ᠎ᠠ ᠶᠢ ︽ᠴᠠᠭᠠᠰᠤᠨ ᠳᠡᠭᠡᠷ᠎ᠡ︾ ᠠᠴᠠ ︽ᠭᠠᠵᠠᠷ ᠳᠡᠭᠡᠷᠡᠬᠢ︾ ᠶᠢ ᠪᠦᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ | ᠭᠠᠵᠠᠷ ᠣᠷᠣᠨ᠂ ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠵᠡᠷᠭᠡ ᠶᠢᠨ ᠬᠠᠮᠲᠤᠷᠠᠯᠴᠠᠭ᠎ᠠ ᠶᠢ ᠤᠨᠢᠨ ᠳᠡᠭᠡᠷ᠎ᠡ ᠨᠢ ᠵᠣᠯᠭᠠᠭᠤᠯᠬᠤ ᠶᠢ ᠴᠢᠩᠭᠠᠳᠬᠠᠬᠤ ᠶᠢ | ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ | ᠵᠣᠷᠢᠭᠵᠢᠭᠤᠯᠤᠨ ᠬᠦᠳᠦᠯᠦᠨ ᠵᠢᠯᠣᠭᠤᠳᠴᠤ᠂ ᠠᠵᠤ ᠠᠬᠤᠶᠢᠯᠠᠯ ᠢ ᠬᠠᠪᠰᠤᠷᠤᠨ ᠳᠡᠭᠡᠳᠦ ᠱᠠᠲᠤᠨ ᠤ ᠲᠦᠷᠦ ᠶᠢᠨ | ᠪᠤᠳᠤᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ᠠᠵᠤ ᠠᠬᠤᠶᠢᠯᠠᠯ ᠢ | ︽ᠨᠡᠷ᠎ᠡ ᠠᠰᠢᠭ ᠢ ᠵᠡᠷᠭᠡᠪᠡᠷ ᠨᠡᠮᠡᠭᠳᠡᠭᠦᠯᠬᠦ︾ ᠬᠡᠷᠡᠭᠲᠡᠢ ᠭᠡᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ | ᠲᠠᠯᠪᠢᠵᠤ᠂ ᠳᠠᠭᠠᠭᠠᠴᠢᠯᠠᠨ ᠬᠤᠯᠪᠣᠭᠠᠯᠠᠵᠤ ᠬᠢᠨᠠᠨ ᠵᠢᠯᠣᠭᠤᠳᠴᠤ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ | ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ | ᠲᠡᠰ ᠳᠠᠷᠠᠭᠠᠯᠠᠯ ᠢ ᠴᠢᠨᠠᠭᠰᠢᠳᠠ ᠵᠢᠷᠤᠮᠵᠢᠭᠤᠯᠵᠤ᠂ ᠠᠭᠤᠷᠬᠠᠢ ᠶᠢᠨ ᠠᠮᠤᠷ ᠲᠦᠪᠰᠢᠨ ᠢᠶᠠᠷ ᠠᠵᠢᠯᠯᠠᠬᠤ᠂ | ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠨᠢᠭᠡᠨᠲᠡ ᠪᠡᠶᠡᠯᠡᠭᠦᠯᠦᠭᠰᠡᠨ ᠪᠠᠶᠢᠪᠠᠯ ᠴᠡᠭᠴᠡᠯᠡᠨ ᠰᠠᠶᠢᠵᠢᠷᠠᠭᠤᠯᠬᠤ | ᠶᠠᠰᠤ ᠴᠢᠨᠠᠷ ᠢ ᠳᠡᠭᠡᠭᠰᠢᠯᠡᠭᠦᠯᠵᠦ᠂ ᠶᠠᠭ ᠶᠠᠪᠤᠭᠳᠠᠵᠤ ᠪᠠᠶᠢᠭ᠎ᠠ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ | ᠪᠠᠶᠢᠷᠢᠯᠠᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ᠃ ᠦᠵᠡᠰᠬᠦᠯᠡᠩᠲᠦ ᠰᠠᠶᠢᠬᠠᠨ ᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠡᠦᠷᠰᠢᠭᠦᠯᠬᠦ ᠠᠵᠤ ᠠᠬᠤᠶᠢᠯᠠᠯ ᠤᠨ ᠬᠡᠲᠦ | ᠳᠣᠤᠷ᠎ᠠ ᠭᠠᠳᠠᠭᠰᠢᠯᠠᠭᠤᠯᠤᠯᠲᠠ ᠶᠢ ᠥᠭᠡᠷᠡᠴᠢᠯᠡᠬᠦ᠂ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ᠂ ᠪᠠᠷᠢᠯᠭ᠎ᠠ ᠶᠢᠨ ᠬᠤᠭ ᠨᠣᠪᠰᠢ ᠶᠢ ᠵᠢᠷᠤᠮᠵᠢᠭᠤᠯᠤᠨ ᠴᠡᠪᠡᠷᠯᠡᠨ | ᠲᠡᠭᠡᠭᠡᠪᠦᠷᠢᠯᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠭᠠᠵᠠᠷ ᠣᠷᠣᠨ ᠤ ᠠᠮᠢ | ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠶ ᠭᠡᠵᠠᠢ᠃ | ᠬᠤᠷᠠᠯ ᠠᠴᠠ ᠪᠠᠰᠠ ︽ᠭᠤᠷᠪᠠ ᠶᠢ ᠪᠠᠲᠤᠯᠠᠬᠤ︾ ᠠᠵᠢᠯ ᠪᠠ 2024 ᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ | ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠵᠤ᠂ ︽ᠤᠳᠠ | ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠳᠡᠭᠡᠭᠰᠢᠯᠡᠭᠦᠯᠬᠦ ᠠᠵᠢᠯᠯᠠᠭ᠎ᠠ ︵2023 - 2025 ᠣᠨ︶ ᠶᠢᠨ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ | ᠨᠣᠤᠷᠠᠭ︶︾ ᠢ ᠬᠢᠨᠠᠨ ᠵᠥᠪᠯᠡᠪᠡ᠃ |