ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠦᠬᠠᠶ ᠬᠤᠲᠠ ᠶᠢᠨ ᠤᠳᠠ ᠲᠣᠭᠤᠷᠢᠭ ᠤᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/9/10
ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠦᠬᠠᠶ ᠬᠤᠲᠠ ᠶᠢᠨ ᠤᠳᠠ ᠲᠣᠭᠤᠷᠢᠭ ᠤᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ      ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ ᠨᠢᠭᠡᠴᠡ ᠳᠤ᠄      ︽ᠦᠬᠠᠶ ᠬᠤᠲᠠ ᠶᠢᠨ ᠤᠳᠠ ᠲᠣᠭᠤᠷᠢᠭ ᠤᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠰᠦᠯ︾ ᠢ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                          2024 ᠣᠨ ᠤ 9 ᠰᠠᠷ᠎ᠠ ᠶᠢᠨ 10 ᠤ ᠡᠳᠦᠷᠦᠬᠠᠶ ᠬᠤᠲᠠ ᠶᠢᠨ ᠤᠳᠠ ᠲᠣᠭᠤᠷᠢᠭ ᠤᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠰᠦᠯ      1 ᠶᠡᠷᠦᠩᠭᠡᠢ ᠳᠥᠷᠢᠮ      1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ      ᠶᠡᠷᠦᠩᠬᠡᠢ ᠱᠦᠵᠢ ᠰᠢ ᠶᠢᠨ ᠫᠢᠩ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠳᠠ ᠲᠣᠭᠤᠷᠢᠭ ᠤᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠵᠢᠷᠤᠮᠵᠢᠭᠤᠯᠵᠤ᠂ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠤᠮᠳᠠᠬᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠥᠷᠨᠢᠭᠦᠯᠵᠦ᠂ ᠠᠳᠡᠯ ᠠᠴᠠ ᠪᠣᠯᠤᠭᠰᠠᠨ ᠬᠥᠮᠦᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃      1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ︽ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠮᠡᠳᠡᠭᠦᠯᠦᠯᠲᠡ ᠪᠠ ᠪᠠᠶᠢᠴᠠᠭᠠᠨ ᠰᠢᠢᠳᠪᠦᠷᠢᠯᠡᠬᠦ ᠳᠦᠷᠢᠮ︾︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠳᠦᠷᠢᠮ︾︽ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠪᠠ ᠰᠢᠢᠳᠪᠦᠷᠢᠯᠡᠬᠦ ᠠᠷᠭ᠎ᠠ︾︽ᠤᠯᠤᠰ ᠤᠨ ᠠᠶᠤᠯᠭᠦᠶ ᠦᠢᠯᠡᠳᠪᠦᠷᠢᠯᠡᠯ ᠤᠨ ᠡ᠊ᠨᠳᠡᠯ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾︽ᠤᠯᠤᠰ ᠤᠨ ᠠᠶᠤᠯᠭᠦᠶ ᠦᠢᠯᠡᠳᠪᠦᠷᠢᠯᠡᠯ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾︽ᠤᠯᠤᠰ ᠤᠨ ᠤᠯᠠᠨ ᠨᠡᠶᠢᠲᠡ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾︽ᠤᠯᠤᠰ ᠤᠨ ᠤᠯᠠᠨ ᠨᠡᠶᠢᠲᠡ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠲᠤᠰ ᠪᠡᠯᠡᠳᠬᠡᠯ ᠲᠥᠰᠦᠯ ᠢ ᠲᠣᠭᠲᠠᠭᠠᠪᠠ᠃      1.3 ᠬᠡᠷᠡᠭᠯᠡᠬᠦ ᠬᠡᠪᠴᠢᠶ᠎ᠡ      ᠲᠣᠰ ᠪᠡᠯᠡᠳᠬᠡᠯ ᠲᠥᠰᠦᠯ ᠨᠢ ᠤᠳᠠ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠭᠠᠷᠤᠭᠰᠠᠨ ᠣᠷᠣᠨ ᠨᠤᠲᠤᠭ ᠤᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ︵ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠲᠦᠷᠦᠯ ᠵᠦᠢᠯ᠂ ᠳᠣᠷᠣᠭᠰᠢ ᠨᠡᠭᠦᠷᠡᠰᠦᠨ ᠠᠭᠤᠷᠬᠠᠢ ᠶᠢᠨ ᠡ᠊ᠨᠳᠡᠯ ᠭᠡᠵᠦ ᠲᠣᠪᠴᠢᠯᠠᠨ᠎ᠠ︶ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠲᠣᠬᠢᠷᠠᠨ᠎ᠠ᠃      1.4 ᠠᠵᠢᠯ ᠤᠨ ᠵᠠᠷᠴᠢᠮ      ︵1︶ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠎ᠠ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠡᠭᠦᠷᠡᠰᠦᠨ ᠠᠭᠤᠷᠬᠠᠶ ᠶᠢᠨ ᠠᠳᠡᠯ ᠠᠴᠠ ᠪᠣᠯᠤᠭᠰᠠᠨ ᠬᠥᠮᠦᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠬᠤᠬᠢᠷᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃      ︵2︶ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦ ᠶᠢᠨ ᠪᠠ ᠳᠠᠶᠢᠨ ᠤ ᠦᠶ᠎ᠡ ᠶᠢᠨ ᠤᠶᠠᠯᠳᠤᠯ ᠢ ᠪᠠᠷᠢᠮᠲᠠᠯᠠᠨ᠎ᠠ᠃ ︽ᠠᠮᠤᠷ ᠲᠦᠪᠰᠢᠨ ᠢ ᠲᠡᠷᠢᠭᠦᠨ ᠳᠤ ᠪᠠᠶᠢᠯᠭᠠᠬᠤ᠂ ᠰᠡᠷᠭᠡᠶᠢᠯᠡᠬᠦ ᠪᠠᠷ ᠭᠤᠤᠯ ᠪᠣᠯᠭᠠᠬᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠳᠡᠯ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠬᠠᠷᠢᠯᠴᠠᠨ ᠤᠶᠠᠯᠳᠤᠭᠤᠯᠬᠤ᠂ ᠡᠳᠦᠷ ᠲᠤᠲᠤᠮ ᠤᠨ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠵᠤ ᠬᠠᠮᠢᠶᠠᠷᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠶ᠃ ᠤᠷᠢᠳᠴᠢᠯᠠᠨ ᠰᠡᠷᠭᠡᠶᠢᠯᠡᠬᠦ᠂ ᠲᠥᠰᠦᠭᠡᠯᠡᠬᠦ᠂ ᠰᠡᠷᠡᠮᠵᠢᠯᠡᠭᠦᠯᠬᠦ᠂ ᠤᠷᠢᠳᠴᠢᠯᠠᠨ ᠮᠡᠳᠡᠭᠡᠯᠡᠬᠦ ᠠᠵᠢᠯ ᠵᠢᠴᠢ ᠬᠡᠪ ᠤᠨ ᠪᠠᠶᠢᠳᠠᠯ ᠳᠣᠤᠷᠠᠬᠢ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠡᠳ᠋ ᠪᠣᠳᠠᠰ ᠨᠥᠭᠡᠴᠡᠯᠡᠬᠦ᠂ ᠡᠩᠨᠡᠭᠡᠨ ᠤ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃      ︵3︶ ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠮᠢᠶᠠᠷᠤᠨ᠎ᠠ᠃ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠪᠥᠬᠦ ᠲᠤᠭᠤᠷᠢᠭ ᠤᠨ ᠨᠡᠭᠦᠷᠡᠰᠦᠨ ᠠᠭᠤᠷᠬᠠᠶ ᠳᠤ ᠨᠡᠯᠢᠶᠡᠳ ᠶᠡᠭᠡ ᠠᠴᠠ ᠳᠣᠷᠣᠭᠰᠢᠬᠢ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠤᠳᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠬᠦᠴᠦᠨ ᠢᠶᠠᠨ ᠵᠣᠬᠢᠶᠠᠨ ᠪᠠᠶᠢᠭᠤᠯᠤᠨ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠳᠣᠲᠣᠷᠠᠬᠢ ᠵᠣᠬᠢᠴᠠᠩᠭᠤᠶ ᠠᠵᠢᠯ ᠢ ᠬᠠᠷᠢᠭᠤᠴᠠᠨ ᠪᠡᠶᠡᠯᠡᠭᠦᠯᠦᠨ᠎ᠡ᠃ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠠᠶᠤᠯ ᠦᠭᠡᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃      ︵4︶ ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠬᠠᠮᠵᠢᠯᠴᠠᠨ ᠬᠠᠮᠵᠢᠯᠴᠠᠬᠤ ᠶᠢ ᠪᠠᠷᠢᠮᠲᠠᠯᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠨᠢᠭᠡᠳᠦᠯᠲᠡᠶ ᠵᠣᠬᠢᠴᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠵᠤ᠂ ᠵᠢᠯᠣᠭᠤᠳᠬᠤ ᠪᠠ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠶ᠃ ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠶ ᠶᠢᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠪᠤᠷᠠᠨ ᠲᠤᠰᠠᠯᠠᠬᠤ ᠠᠩᠭᠢ ᠲᠣᠰ ᠪᠡᠯᠡᠳᠬᠡᠯ ᠲᠥᠰᠦᠯ ᠳᠤ ᠲᠣᠳᠣᠷᠬᠠᠶᠢᠯᠠᠭᠰᠠᠨ ᠬᠠᠷᠢᠭᠤᠴᠠᠯᠭ᠎ᠠ᠂ ᠡᠭᠦᠷᠭᠡ ᠶᠢᠨ ᠶᠣᠰᠣᠭᠠᠷ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠮᠵᠢᠯᠴᠠᠨ ᠥᠷᠨᠢᠭᠦᠯᠦᠨ᠎ᠡ᠃      ︵5︶ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠤᠯᠵᠤ᠂ ᠬᠠᠤᠯᠢ ᠶᠣᠰᠣᠭᠠᠷ ᠵᠢᠷᠤᠮᠵᠢᠭᠤᠯᠬᠤ ᠶᠢ ᠪᠠᠷᠢᠮᠲᠠᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠳᠤ ᠲᠦᠰᠢᠭᠯᠡᠨ᠂ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ᠂ ᠪᠡᠯᠡᠳᠬᠡᠮᠵᠢ ᠪᠠ ᠠᠷᠭ᠎ᠠ ᠪᠠᠷᠢᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠤᠨ ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠤᠯᠢ ᠶᠣᠰᠣᠭᠠᠷ ᠵᠢᠷᠤᠮᠵᠢᠭᠤᠯᠵᠤ᠂ ᠲᠤᠰᠬᠠᠶ ᠮᠡᠷᠭᠡᠵᠢᠯᠲᠡᠨ ᠤ ᠡᠩᠨᠡᠭᠡ ᠪᠣᠯᠤᠨ ᠲᠤᠰᠬᠠᠶ ᠮᠡᠷᠭᠡᠵᠢᠯᠲᠡᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠤᠷᠢᠳᠴᠢᠯᠠᠭᠰᠠᠨ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ᠂ ᠡᠷᠬᠡ ᠰᠦᠷᠲᠦ ᠴᠢᠨᠠᠷ ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃      2.ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠵᠢᠯᠣᠭᠤᠳᠬᠤ ᠰᠢᠰᠲ᠋ᠧᠮᠵᠢ ᠪᠣᠯᠤᠨ ᠡᠭᠦᠷᠭᠡ ᠬᠠᠷᠢᠭᠤᠴᠠᠯᠭ᠎ᠠ      2.1ᠣᠳᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ      2.1.1ᠤᠳᠠ ᠲᠣᠭᠤᠷᠢᠭ ᠤᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠭᠠᠵᠠᠷ      ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠭᠤᠷᠢᠭ ᠤᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠭᠠᠵᠠᠷ ︵ᠳᠣᠷᠣᠭᠰᠢ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠪᠠᠶᠢᠭᠤᠯᠵᠤ᠂ ᠶᠡᠷᠦᠩᠬᠡᠢ ᠵᠢᠯᠤᠭᠤᠳᠤᠭᠴᠢ ᠶᠢᠨ ᠲᠤᠰᠢᠶᠠᠯ ᠢ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠡᠭᠦᠷᠭᠡᠯᠡᠵᠦ᠂ ᠬᠡᠷᠪᠡ ᠶᠡᠷᠦᠩᠬᠡᠢ ᠵᠢᠯᠤᠭᠤᠳᠤᠭᠴᠢ ᠠᠯᠪᠠᠨ ᠶᠠᠪᠤᠳᠠᠯ ᠢᠶᠠᠷ ᠭᠠᠳᠠᠭᠰᠢ ᠭᠠᠷᠪᠠᠯ᠂ ᠠᠶᠤᠯᠭᠦᠢ ᠦᠢᠯᠡᠳᠪᠦᠷᠢᠯᠡᠯ ᠢ ᠬᠤᠪᠢᠳᠠᠨ ᠬᠠᠮᠢᠶᠠᠷᠴᠤ ᠪᠠᠶᠢᠭ᠎ᠠ ᠪᠠᠶᠢᠩᠭᠤ ᠶᠢᠨ ᠳᠡᠳ᠋ ᠲᠣᠭᠤᠷᠢᠭ ᠤᠨ ᠳᠠᠷᠤᠭ᠎ᠠ ᠲᠦᠷ ᠴᠠᠭ ᠶᠡᠷᠦᠩᠬᠡᠢ ᠵᠢᠯᠤᠭᠤᠳᠤᠭᠴᠢ ᠶᠢᠨ ᠡᠭᠦᠷᠭᠡ ᠬᠠᠷᠢᠭᠤᠴᠠᠯᠭ᠎ᠠ ᠲᠠᠢ᠂ ᠪᠠᠶᠢᠩᠭᠤ ᠶᠢᠨ ᠳᠡᠳ᠋ ᠶᠡᠷᠦᠩᠬᠡᠢ ᠵᠢᠯᠤᠭᠤᠳᠤᠭᠴᠢ ᠶᠢᠨ ᠲᠤᠰᠢᠶᠠᠯ ᠢ ᠡᠭᠦᠷᠭᠡᠯᠡᠵᠦ᠂ ᠲᠣᠭᠤᠷᠢᠭ ᠤᠨ ᠵᠠᠰᠠᠭ ᠤᠨ ᠣᠷᠳᠣᠨ ᠤ ᠲᠣᠮᠢᠯᠠᠭᠰᠠᠨ ᠬᠤᠯᠪᠣᠭᠳᠠᠯ ᠪᠦᠬᠦᠢ ᠤᠳᠤᠷᠢᠳᠤᠯᠭ᠎ᠠ ᠡᠭᠦᠷᠭᠡᠯᠡᠨ᠎ᠡ᠃ ᠭᠡᠰᠢᠭᠦᠳ ᠲᠤ ᠣᠷᠣᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠᠭᠲᠠᠨ᠎ᠠ᠃ ᠲᠣᠭᠤᠷᠢᠭ ᠤᠨ ᠵᠢᠯᠣᠭᠤᠳᠬᠤ ᠭᠠᠵᠠᠷ ᠪᠠᠶᠢᠳᠠᠯ ᠢ ᠦᠵᠡᠵᠦ ᠬᠥᠮᠦᠨ ᠲᠣᠮᠢᠯᠠᠨ ᠲᠤᠬᠠᠶ ᠶᠢᠨ ᠲᠠᠯᠠᠪᠤᠷ ᠲᠤ ᠣᠴᠢᠭᠤᠯᠤᠨ ᠵᠣᠬᠢᠴᠠᠭᠤᠯᠤᠨ ᠵᠢᠯᠣᠭᠤᠳᠴᠤ᠂ ᠴᠢᠬᠤᠯᠠᠲᠠᠶ ᠦᠶ᠎ᠡ ᠳᠤ᠂ ᠤᠳᠠ ᠲᠣᠭᠤᠷᠢᠭ ᠤᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ᠂ ᠲᠤᠰᠬᠠᠶ ᠮᠡᠷᠭᠡᠵᠢᠯᠲᠡᠨ ᠪᠠ ᠲᠣᠨᠤᠭ ᠲᠥᠬᠦᠭᠡᠷᠦᠮᠵᠢ᠂ ᠡᠳ᠋ ᠪᠣᠳᠠᠰ ᠵᠡᠷᠭᠡ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠢ ᠵᠣᠬᠢᠴᠠᠭᠤᠯᠵᠤ ᠳᠡᠮᠵᠢᠯᠭᠡ ᠦᠵᠡᠭᠦᠯᠦᠨ᠎ᠡ᠃      ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠵᠢᠯᠣᠭᠤᠳᠬᠤ ᠭᠠᠵᠠᠷ ᠨᠢ ᠵᠣᠬᠢᠴᠠᠩᠭᠤᠶ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠬᠤ ᠬᠡᠷᠡᠭᠲᠡᠶ︔ ᠵᠣᠬᠢᠴᠠᠩᠭᠤᠶ ᠪᠦᠬᠦᠢ ᠲᠠᠰ ᠤᠨ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠬᠤ ᠦᠶ᠎ᠡ ᠳᠤ᠂ ᠠᠪᠤᠷᠠᠨ ᠲᠤᠰᠠᠯᠠᠬᠤ ᠳᠤ ᠬᠦᠴᠢᠷᠲᠡᠶ ᠦᠶ᠎ᠡ ᠳᠤ᠂ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠪᠠᠶᠢᠭᠤᠯᠬᠤ ᠬᠡᠷᠡᠭᠲᠡᠶ᠃      ᠭᠤᠣᠯ ᠡᠭᠦᠷᠭᠡ ᠬᠠᠷᠢᠭᠤᠴᠠᠯᠭ᠎ᠠ᠄      ︵1︶ ᠤᠳᠠ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠤᠳᠠ ᠲᠣᠭᠤᠷᠢᠭ ᠤᠨ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠤᠯᠪᠣᠭᠳᠠᠯ ᠪᠥᠬᠦᠶ ᠠᠵᠢᠯ ᠢ ᠬᠠᠷᠢᠭᠤᠴᠠᠨ᠎ᠠ᠃      ︵2︶ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃      ︵3︶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠡᠭᠦᠷᠡᠰᠦᠨ ᠠᠭᠤᠷᠬᠠᠶ ᠶᠢ ᠵᠢᠯᠣᠭᠤᠳᠤᠨ ᠡᠩ ᠤᠨ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ︵4︶ ᠦᠬᠠᠶ ᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠤ ᠠᠳᠡᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ᠂ ᠦᠬᠠᠶ ᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢ ᠬᠦᠯᠢᠶᠡᠨ ᠠᠪᠴᠤ ᠤᠯᠠᠮᠵᠢᠯᠠᠬᠤ ᠶᠢᠨ ᠬᠠᠮᠲᠤ ᠰᠢᠮᠳᠠᠭᠤᠯᠤᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠬᠡᠷᠡᠭᠲᠡᠶ᠃      ︵5︶ ᠦᠬᠠᠶ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠥᠷᠰᠢ ᠵᠡᠷᠭᠡᠯᠡᠳᠡᠭᠡ ᠠᠶᠢᠮᠠᠭ ᠬᠤᠲᠠ᠂ ᠲᠣᠭᠤᠷᠢᠭ ᠰᠢᠶᠠᠨ ᠠᠴᠠ ᠲᠤᠰᠠᠯᠠᠮᠵᠢ ᠭᠤᠶᠤᠴᠢᠯᠠᠨ᠎ᠠ᠃      ︵6︶ ᠦᠬᠠᠶ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠬᠢᠷᠠᠭᠤᠯᠤᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠲᠣᠰ ᠪᠡᠯᠡᠳᠬᠡᠯ ᠲᠥᠰᠦᠯ ᠳᠤ ᠵᠢᠭᠰᠠᠭᠠᠭᠰᠠᠨ ᠥᠬᠡᠶ ᠰᠠᠯᠠᠭ᠎ᠠ ᠮᠥᠴᠢᠷ ᠨᠢᠭᠡᠴᠡ ᠨᠦᠭᠦᠳ ᠣᠷᠣᠨ ᠤ ᠵᠢᠯᠣᠭᠤᠳᠬᠤ ᠭᠠᠵᠠᠷ ᠤᠨ ᠵᠠᠷᠯᠢᠭ ᠢ ᠦᠨᠳᠦᠰᠦᠯᠡᠨ᠂ ᠲᠣᠰ ᠰᠠᠯᠠᠭ᠎ᠠ ᠮᠥᠴᠢᠷ᠂ ᠲᠣᠰ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠬᠡᠷᠡᠭᠴᠡᠭᠡ ᠶᠣᠰᠣᠭᠠᠷ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠢᠶ᠎ᠠ ᠪᠥᠬᠦᠶ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ︵ᠤᠳᠠ ᠲᠣᠭᠤᠷᠢᠭ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠳᠠᠭᠠᠯᠳᠤᠭᠤᠯᠤᠯ 1 ᠳᠤ ᠦᠵᠡ︶      2.1.2 ᠲᠣᠭᠤᠷᠢᠭ ᠤᠨ ᠵᠢᠯᠣᠭᠤᠳᠬᠤ ᠭᠠᠵᠠᠷ ᠤᠨ ᠠᠯᠪᠠᠨ ᠭᠡᠷ      ᠲᠣᠭᠤᠷᠢᠭ ᠤᠨ ᠵᠢᠯᠣᠭᠤᠳᠬᠤ ᠭᠠᠵᠠᠷ ᠤᠨ ᠠᠯᠪᠠᠨ ᠬᠡᠷ ᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠬᠤ ᠶᠢᠨ ᠬᠠᠮᠲᠤ ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠶᠢᠨ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠨᠢᠭᠡᠳᠦᠭᠡᠷ ᠭᠠᠵᠠᠷ ᠲᠠᠢ ᠬᠠᠮᠵᠢᠯᠴᠠᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ ᠳᠡᠳ᠋ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠡᠨᠧᠷᠭᠢ ᠶᠢᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠬᠠᠪᠰᠤᠷᠭᠠᠨ ᠬᠠᠷᠢᠭᠤᠴᠠᠨ᠎ᠠ᠃       ᠭᠤᠣᠯ ᠡᠭᠦᠷᠭᠡ ᠬᠠᠷᠢᠭᠤᠴᠠᠯᠭ᠎ᠠ᠄    ︵1︶ ᠤᠳᠠ ᠲᠣᠭᠤᠷᠢᠭ ᠤᠨ ᠵᠠᠰᠠᠭ ᠤᠨ ᠣᠷᠳᠣᠨ ᠲᠠᠢ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠶ᠃      ︵2︶ ᠨᠡᠭᠦᠷᠡᠰᠦᠨ ᠠᠭᠤᠷᠬᠠᠢ ᠶᠢᠨ ᠠᠳᠡᠯ ᠤᠨ ᠮᠡᠳᠡᠭᠡ ᠵᠠᠩᠭᠢ ᠶᠢ ᠴᠤᠭᠯᠠᠭᠤᠯᠤᠨ ᠮᠡᠳᠡᠭᠦᠯᠬᠦ ᠶᠢᠨ ᠬᠠᠮᠲᠤ ᠤᠳᠠ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠪᠣᠯᠤᠨ ᠤᠳᠠ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃      ︵3︶ ᠤᠳᠠ ᠲᠣᠭᠤᠷᠢᠭ ᠤᠨ ᠵᠢᠯᠣᠭᠤᠳᠬᠤ ᠭᠠᠵᠠᠷ ᠤᠨ ᠵᠢᠭᠠᠪᠤᠷᠢ ᠪᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃      ︵4︶ ᠳᠠᠭᠠᠭᠠᠴᠠ ᠶᠢᠨ ᠣᠷᠣᠨ ᠤ ᠵᠢᠯᠣᠭᠤᠳᠬᠤ ᠭᠠᠵᠠᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠮᠠᠲ᠋ᠧᠷᠢᠶᠠᠯ ᠢ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ᠃      ︵5︶ ᠤᠳᠠ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠲᠣᠬᠢᠷᠠᠭᠤᠯᠤᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      2.1.3 ᠲᠣᠭᠤᠷᠢᠭ ᠤᠨ ᠵᠢᠯᠣᠭᠤᠳᠬᠤ ᠭᠠᠵᠠᠷ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ      ᠲᠤᠭᠤᠷᠢᠭ ᠤᠨ ᠵᠢᠯᠣᠭᠤᠳᠬᠤ ᠭᠠᠵᠠᠷ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠬᠠᠮᠢᠶ᠎ᠠ ᠪᠦᠬᠦᠢ ᠬᠦᠷᠢᠶᠡᠨ ᠤ ᠮᠡᠷᠭᠡᠵᠢᠯ ᠪᠠ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠵᠦ᠂ ᠲᠤᠭᠤᠷᠢᠭ ᠤᠨ ᠵᠢᠯᠣᠭᠤᠳᠬᠤ ᠭᠠᠵᠠᠷ ᠤᠨ ᠠᠯᠪᠠᠨ ᠭᠡᠷ ᠲᠦᠷᠦᠭᠦᠯᠡᠨ ᠵᠣᠬᠢᠶᠠᠨ ᠪᠠᠶᠢᠭᠤᠯᠵᠤ ᠬᠠᠮᠢᠶᠠᠷᠤᠨ᠎ᠠ᠃      ᠭᠤᠣᠯ ᠡᠭᠦᠷᠭᠡ ᠬᠠᠷᠢᠭᠤᠴᠠᠯᠭ᠎ᠠ᠄      ︵1︶ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠳᠤ ᠲᠥᠷᠥ ᠶᠢᠨ ᠪᠣᠳᠣᠯᠭ᠎ᠠ ᠪᠣᠯᠤᠨ ᠮᠡᠷᠭᠡᠵᠢᠯ ᠤᠨ ᠳᠡᠮᠵᠢᠯᠭᠡ ᠬᠠᠩᠭᠠᠨ᠎ᠠ᠃      ︵2︶ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ᠂ ᠰᠣᠷᠢᠯᠲᠠ ᠬᠢᠬᠦ ᠵᠢᠴᠢ ᠵᠠᠰᠠᠪᠤᠷᠢ ᠣᠷᠣᠭᠤᠯᠬᠤ ᠳᠤ ᠣᠷᠣᠯᠴᠠᠨ᠎ᠠ᠃      ︵3︶ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠣᠷᠣᠯᠴᠠᠨ᠎ᠠ᠃      2.1.4 ᠲᠣᠬᠠᠢ ᠶᠢᠨ ᠳᠡᠯᠡᠪᠡᠢ ᠶᠢᠨ ᠵᠢᠯᠥᠭᠤᠳᠬᠤ      ᠠᠳᠠᠯ ᠤᠨ ᠠᠪᠤᠷᠠᠨ ᠲᠤᠰᠠᠯᠠᠬᠤ ᠳᠤ ᠬᠦᠴᠢᠷᠳᠡᠯ ᠶᠡᠭᠡ ᠪᠣᠯᠬᠤᠷ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ︵ᠳᠣᠷᠣᠭᠰᠢ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠬᠤ ᠬᠡᠷᠡᠭᠲᠡᠶ᠃ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠶᠢ ᠲᠣᠭᠤᠷᠢᠭ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠪᠤᠶᠤ ᠶᠡᠷᠦᠩᠬᠡᠶ ᠵᠢᠯᠣᠭᠤᠳᠤᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ᠂ ᠳᠡᠳ᠋ ᠶᠡᠷᠦᠩᠬᠡᠶ ᠵᠢᠯᠣᠭᠤᠳᠣᠭᠴᠢ ᠶᠢᠨ ᠲᠤᠰᠢᠶᠠᠯ ᠢ ᠲᠣᠭᠤᠷᠢᠭ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠪᠠ ᠠᠳᠡᠯ ᠭᠠᠷᠤᠭᠰᠠᠨ ᠭᠠᠵᠠᠷ ᠤᠨ ᠳᠠᠷᠤᠭ᠎ᠠ ᠪᠤᠶᠤ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ᠃      ᠵᠢᠯᠣᠭᠤᠳᠬᠤ ᠭᠠᠵᠠᠷ ᠤᠨ ᠳᠣᠤᠷ᠎ᠠ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠠᠶᠤᠯ ᠠᠴᠠ ᠠᠪᠤᠷᠠᠨ ᠲᠤᠰᠠᠯᠠᠬᠤ ᠳᠤᠭᠤᠶᠢᠯᠠᠩ᠂ ᠮᠡᠷᠭᠡᠵᠢᠯ ᠤᠨ ᠪᠠᠲᠤᠯᠠᠭ᠎ᠠ ᠶᠢᠨ ᠳᠤᠭᠤᠶᠢᠯᠠᠩ᠂ ᠡᠮᠴᠢᠯᠡᠭᠡᠨ ᠤ ᠠᠪᠤᠷᠠᠨ ᠲᠤᠰᠠᠯᠠᠬᠤ ᠳᠤᠭᠤᠶᠢᠯᠠᠩ᠂ ᠠᠮᠤᠷ ᠲᠦᠪᠰᠢᠨ ᠢ ᠵᠠᠰᠠᠵᠤ ᠲᠣᠭᠲᠠᠭᠤᠨ ᠪᠠᠶᠢᠳᠠᠯ ᠢ ᠬᠠᠮᠠᠭᠠᠯᠠᠬᠤ ᠳᠤᠭᠤᠶᠢᠯᠠᠩ᠂ ᠶᠠᠷᠢᠶ᠎ᠠ ᠬᠡᠯᠡᠯᠴᠡᠭᠡ ᠤᠬᠠᠭᠤᠯᠬᠤ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ᠂ ᠬᠤᠶᠢᠨᠠᠬᠢ ᠶᠠᠪᠤᠳᠠᠯ ᠢ ᠰᠢᠢᠳᠪᠦᠷᠢᠯᠡᠬᠦ ᠳᠤᠭᠤᠶᠢᠯᠠᠩ ᠪᠠ ᠠᠳᠡᠯ ᠢ ᠪᠠᠶᠢᠴᠠᠭᠠᠬᠤ ᠳᠤᠭᠤᠶᠢᠯᠠᠩ ᠵᠡᠷᠭᠡ 9 ᠠᠵᠢᠯᠯᠠᠬᠤ ᠳᠤᠭᠤᠶᠢᠯᠠᠩ ᠪᠠᠶᠢᠭᠤᠯᠪᠠ᠃ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠡᠷᠡᠭᠴᠡᠭᠡ ᠶᠢ ᠦᠨᠳᠦᠰᠦᠯᠡᠨ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠪᠠᠶᠢᠳᠠᠯ ᠢᠶᠠᠨ ᠦᠵᠡᠵᠦ ᠪᠠᠶᠢᠭᠠᠳ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠵᠢᠴᠢ ᠡᠭᠦᠷᠭᠡ ᠬᠠᠷᠢᠭᠤᠴᠠᠯᠭ᠎ᠠ ᠶᠢ ᠨᠢ ᠳᠣᠭᠢᠷᠠᠭᠤᠯᠵᠤ᠂ ᠤᠳᠠ ᠲᠣᠭᠤᠷᠢᠭ ᠤᠨ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠶᠢ ᠰᠢᠯᠵᠢᠭᠦᠯᠦᠨ ᠴᠤᠭᠯᠠᠭᠤᠯᠵᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃      2.2 ᠨᠡᠬᠦᠷᠡᠰᠣᠨ ᠠᠭᠤᠷᠬᠠᠢ ᠶᠢᠨ ᠠᠵᠦ ᠠᠬᠤᠶᠢᠯᠠᠯ ᠤᠨ ᠪᠠᠴᠢᠮ ᠪᠠᠶᠢᠳᠡᠯ ᠢ ᠠᠷᠭᠠᠴᠠᠵᠦ ᠠᠪᠤᠷᠡᠨ ᠲᠣᠰᠠᠯᠠᠬᠤ ᠵᠢᠯᠥᠭᠤᠳᠬᠤ ᠪᠠᠶᠢᠭᠤᠯᠥᠮᠵᠢ      ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠶᠢ ᠵᠢᠯᠣᠭᠤᠳᠬᠤ ᠪᠠᠶᠢᠭᠤᠯᠤᠮᠵᠢ ᠪᠠᠶᠢᠭᠤᠯᠵᠤ᠂ ᠨᠡᠭᠦᠷᠡᠰᠦᠨ ᠠᠭᠤᠷᠬᠠᠶ ᠶᠢᠨ ᠠᠳᠡᠯ ᠤᠨ ᠨᠢᠭᠡᠳᠦᠭᠡᠷ ᠳᠠᠭᠠᠵᠤ ᠬᠢᠬᠦ ᠬᠥᠮᠦᠨ ᠪᠣᠯᠤᠭᠰᠠᠨ ᠤ ᠬᠤᠪᠢ ᠳᠤ᠂ ᠡᠯ᠎ᠡ ᠵᠦᠢᠯ ᠤᠨ ᠠᠷᠭᠠᠴᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠭᠤᠣᠯ ᠡᠭᠦᠷᠭᠡ ᠬᠠᠷᠢᠭᠤᠴᠠᠯᠭ᠎ᠠ᠄      ︵1︶ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠶ᠃      ︵2︶ ᠲᠦᠭᠰᠢᠭᠦᠷᠢ ᠶᠢ ᠦᠨᠡᠯᠡᠨ ᠵᠢᠱᠢᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠵᠦ᠂ ᠠᠮᠤᠷ ᠲᠦᠪᠰᠢᠨ ᠪᠤᠰᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃      ︵3︶ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵4︶ ᠨᠡᠭᠦᠷᠡᠰᠦᠨ ᠠᠭᠤᠷᠬᠠᠢ ᠶᠢᠨ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠤᠷᠢᠳᠠᠪᠠᠷ  ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃      ︵5︶ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠪᠠᠶᠢᠭᠤᠯᠤᠮᠵᠢ ᠲᠠᠢ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号