ᠶᠠᠨ ᠸᠧᠨ ᠯᠦᠩ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠ ᠢᠳᠡᠭᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/9/11
      9 ᠰᠠᠷ᠎ᠠ ᠶᠢᠨ 10 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠ ᠢᠳᠡᠭᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠰᠢᠤᠢ ᠢ ᠱᠤ᠋ ᠣᠷᠣᠯᠴᠠᠪᠠ᠃
167.jpg     
      ᠸᠧᠢ ᠪᠠᠩ ᠵᠠᠬ᠎ᠠ ᠳᠡᠯᠭᠡᠭᠦᠷ ᠲᠤ᠂ ᠶᠠᠨ ᠸᠧᠨ ᠯᠦᠩ ᠮᠢᠬ᠎ᠠ ᠥᠨᠳᠡᠭᠡ ᠢᠳᠡᠰᠢᠨ ᠨᠣᠭᠤᠭ᠎ᠠ ᠵᠡᠷᠭᠡ ᠲᠠᠸᠠᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ᠂ ᠪᠠᠷᠠᠭ᠎ᠠ ᠣᠷᠣᠭᠤᠯᠬᠤ ᠠᠷᠭ᠎ᠠ ᠵᠠᠮ᠂ ᠪᠣᠷᠣᠯᠠᠭᠤᠯᠬᠤ ᠦᠨ᠎ᠡ ᠬᠠᠩᠰᠢ ᠪᠣᠯᠤᠨ ᠢᠳᠡᠭᠡᠨ ᠤ ᠪᠠᠶᠢᠴᠠᠭᠠᠨ ᠬᠡᠮᠵᠢᠯᠲᠡ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠷᠠᠭᠠᠨ ᠤ ᠢᠷᠡᠯᠲᠡ ᠶᠢ ᠵᠣᠬᠢᠶᠠᠨ ᠪᠠᠶᠢᠭᠤᠯᠬᠤ ᠪᠠ ᠬᠠᠩᠭᠠᠯᠭ᠎ᠠ ᠶᠢ ᠲᠣᠬᠢᠷᠠᠭᠤᠯᠬᠤ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠠᠭᠠᠨ ᠤ ᠢᠷᠡᠯᠳᠡ ᠪᠠᠶᠠᠯᠢᠭ᠂ ᠦᠨ᠎ᠡ ᠬᠠᠩᠰᠢ ᠲᠣᠭᠲᠠᠭᠤᠨ᠂ ᠬᠠᠩᠭᠠᠯᠭ᠎ᠠ ᠴᠠᠭ ᠲᠤᠬᠠᠶ ᠳᠤᠨᠢ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠣᠯᠠᠨ ᠡᠰᠢᠵᠢᠭᠰᠡᠨ ᠬᠡᠷᠡᠭᠴᠡᠭᠡ ᠶᠢ ᠬᠠᠩᠭᠠᠵᠤ᠂ ᠠᠮᠤᠷ ᠲᠦᠪᠰᠢᠨ᠂ ᠡᠮᠬᠢ ᠵᠢᠷᠤᠮ ᠲᠠᠢ ᠪᠠᠶᠠᠷ ᠤᠨ ᠡᠳᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠠᠢ᠃
168.jpg     
      ᠥᠪᠥᠷ ᠮᠣᠩᠭᠤᠯ ᠤᠨ ᠵᠢᠶᠠ ᠷᠦᠢ ᠮᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠾᠧᠩ ᠶᠧ ᠴᠧᠩ ᠣᠷᠭᠠᠨᠢᠭ ᠴᠠᠬᠢᠭᠤᠷ ᠤᠨ ᠬᠢᠵᠠᠭᠠᠷᠲᠤ ᠺᠣᠮᠫᠠᠨᠢ ᠳᠤ᠂ ᠶᠠᠨ ᠸᠧᠨ ᠯᠦᠩ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭ᠎ᠠ᠂ ᠡᠵᠡᠩᠨᠡᠯᠲᠡ ᠶᠢᠨ ᠣᠳᠣᠬᠢ ᠪᠠᠶᠢᠳᠠᠯ᠂ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ ᠠᠵᠤ ᠠᠬᠤᠢ ᠶᠢᠨ ᠦᠶᠡᠯᠡᠯ ᠤᠨ ᠴᠢᠨᠠᠷᠲᠠᠢ ᠵᠢᠮ᠎ᠡ ᠶᠣᠰᠣ ᠪᠣᠯᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠤᠷ᠎ᠠ ᠮᠡᠷᠭᠡᠵᠢᠯ ᠤᠨ ᠮᠡᠷᠭᠡᠵᠢᠯ ᠢ ᠲᠠᠰᠤᠷᠠᠯᠲᠠ ᠦᠭᠡᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠭᠤᠣᠯ ᠦᠢᠯᠡᠰ ᠢ ᠬᠦᠴᠦᠷᠬᠡᠭᠵᠢᠭᠦᠯᠵᠦ᠂ ᠪᠦᠲᠦᠭᠡᠭᠳᠡᠬᠦᠨ ᠢ ᠰᠢᠯᠢᠳᠡᠭᠵᠢᠭᠦᠯᠵᠦ᠂ ᠦᠢᠯᠡᠳᠬᠦᠨ ᠪᠣᠯᠤᠨ ᠵᠠᠬ᠎ᠠ ᠳᠡᠯᠭᠡᠭᠦᠷ ᠤᠨ ᠪᠦᠲᠦᠮᠵᠢᠲᠡᠢ ᠵᠣᠯᠭᠠᠯᠴᠠᠭ᠎ᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠪᠣᠯᠤᠨ ᠡᠵᠡᠯᠡᠬᠦ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠭᠤᠭᠴᠤᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠢ ᠢᠳᠡᠪᠬᠢᠲᠡᠢ ᠠᠷᠭᠠᠴᠠᠵᠤ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠲᠤᠬᠠᠢ ᠶᠢᠨ ᠲᠠᠯᠠᠪᠠᠢ ᠶᠢᠨ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠪᠣᠯᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠤᠳᠤᠷᠢᠳᠬᠤ ᠺᠠᠲᠷ ᠤᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠳᠠᠷᠠᠭᠤᠯᠵᠤ᠂ ᠠᠵᠤ ᠠᠬᠤᠶᠢᠯᠠᠯ ᠳᠤ ᠤᠨᠢᠨ ᠳᠡᠭᠡᠷ᠎ᠡ ᠨᠢ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠨᠠᠷᠢᠨ ᠲᠠᠩᠰᠠᠴᠢᠯᠠᠵᠤ᠂ ᠪᠢᠲᠡᠭᠦᠮᠵᠢᠯᠡᠭᠰᠡᠨ ᠬᠡᠯᠪᠡᠷᠢ ᠪᠠᠷ ᠠᠵᠤ ᠠᠬᠤᠶᠢᠯᠠᠯ ᠤᠨ ᠲᠤᠰᠬᠠᠭᠰᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠠᠢ᠃   
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号