ᠤᠳᠠ ᠲᠣᠭᠤᠷᠢᠭ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠫᠧᠷᠮᠢ ᠶᠢᠨ ᠭᠠᠯᠪᠠ ᠶᠢᠨ ᠤᠷᠭᠤᠮᠠᠯ ᠤᠨ ᠬᠤᠴᠢᠯᠭ᠎ᠠ ᠶᠢᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠠᠵᠢᠯ ᠤᠨ ᠬᠤᠯᠪᠣᠭᠳᠠᠯ ᠪᠥᠬᠦᠶ ᠪᠠᠶᠢᠳᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/9/18
      2024 ᠣᠨ ᠤ 9 ᠰᠠᠷ᠎ᠠ ᠶᠢᠨ 14 ᠤ ᠡᠳᠦᠷ᠂ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠤᠳᠠ ᠲᠤᠭᠤᠷᠢᠭ ᠤᠨ ᠫᠧᠷᠮᠢ ᠶᠢᠨ ᠭᠠᠯᠪᠠ ᠶᠢᠨ ᠤᠷᠭᠤᠮᠠᠯ ᠤᠨ ᠬᠤᠴᠢᠯᠭ᠎ᠠ ᠶᠢᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠬᠤ᠋ ᠲᠢᠶᠠᠨ ᠸᠧᠨ᠂ ᠦᠬᠠᠢ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠤᠳᠠ ᠶᠢᠨ ᠬᠤᠪᠢᠶᠠᠷᠢ ᠲᠣᠪᠴᠢᠶᠠᠨ ᠤ ᠳᠠᠷᠤᠭ᠎ᠠ ᠵᠤᠤ ᠵᠢᠶᠠᠨ ᠵᠢᠶᠠᠩ᠂ ᠤᠳᠠ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠶᠠᠩ ᠱᠧᠩ ᠯᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠢ ᠶᠢᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠮᠤᠷ ᠲᠦᠪᠰᠢᠨ ᠤ ᠶᠡᠷᠦᠩᠬᠡᠢ ᠬᠢᠨᠠᠭᠴᠢ ᠯᠢ ᠵᠧᠨ ᠶᠠᠩ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
171.jpg   
      ᠤᠳᠠ ᠲᠣᠭᠤᠷᠢᠭ ᠤᠨ ᠫᠧᠷᠮᠢ ᠶᠢᠨ ᠭᠠᠯᠪᠠ ᠶᠢᠨ ᠤᠷᠭᠤᠮᠠᠯ ᠤᠨ ᠬᠤᠴᠢᠯᠭ᠎ᠠ ᠶᠢᠨ ᠴᠢᠯᠠᠭᠤᠵᠢᠯ ᠢ ᠬᠠᠮᠠᠭᠠᠯᠠᠬᠤ ᠠᠵᠢᠯ ᠤᠨ ᠪᠠᠶᠢᠳᠠᠯ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠬᠤ᠋ ᠲᠢᠶᠠᠨ ᠸᠧᠨ᠄      ᠣᠶᠢᠷ᠎ᠠ ᠳᠤ᠂ ︽ᠤᠳᠠ ᠲᠤᠭᠤᠷᠢᠭ ᠤᠨ ᠫᠧᠷᠮᠢ ᠶᠢᠨ ᠭᠠᠯᠪᠠ ᠶᠢᠨ ᠤᠷᠭᠤᠮᠠᠯ ᠤᠨ ᠬᠤᠴᠢᠯᠭ᠎ᠠ ᠶᠢᠨ ᠴᠢᠯᠠᠭᠤᠵᠢᠮᠠᠯ ᠤᠨ ᠭᠠᠷᠤᠯᠲᠠ ᠶᠢᠨ ᠣᠷᠣᠨ︾ ᠨᠢ ᠬᠤᠶᠠᠳᠤᠭᠠᠷ ᠪᠦᠯᠦᠭ ᠤᠨ ᠣᠯᠠᠨ ᠤᠯᠤᠰ ᠤᠨ ᠭᠠᠵᠠᠷ ᠰᠢᠨᠵᠢᠯᠡᠭᠡᠨ ᠤ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠭᠠᠵᠠᠷ ᠰᠢᠨᠵᠢᠯᠡᠭᠡᠨ ᠤ ᠥᠪ ᠤᠨ ᠨᠡᠷᠡᠰ ᠲᠤ ᠰᠣᠩᠭᠤᠭᠳᠠᠵᠤ᠂ ᠲᠤᠰᠬᠠᠶ ᠮᠡᠷᠭᠡᠵᠢᠯᠲᠡᠨ ᠡᠷᠳᠡᠮᠲᠡᠨ ᠪᠠ ᠬᠡᠰᠡᠭ ᠵᠠᠭᠤᠴᠢᠯᠠᠭᠤᠷ ᠤᠨ ᠠᠩᠬᠠᠷᠤᠯ ᠢ ᠲᠠᠲᠠᠪᠠ᠃ ᠤᠳᠠ ᠲᠣᠭᠤᠷᠢᠭ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠪᠠ ᠪᠠᠶᠢᠭᠠᠯᠢ ᠶᠢᠨ ᠥᠪ ᠢ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠨᠢ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ︽ᠡᠷᠲᠡᠨ ᠤ ᠠᠮᠢᠳᠤ ᠪᠣᠳᠠᠰ ᠤᠨ ᠴᠢᠯᠠᠭᠤᠵᠢᠯ ᠢ ᠬᠠᠮᠠᠭᠠᠯᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭ᠎ᠠ ᠪᠣᠳᠠᠲᠠᠶᠢᠵᠢᠭᠤᠯᠵᠤ᠂ ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠶ ᠶᠢᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠠᠵᠤ ᠠᠬᠤᠶᠢᠯᠠᠯ ᠤᠨ ᠰᠤᠳᠤᠯᠭᠠᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠶ᠎ᠠ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ᠡᠷᠲᠡᠨ ᠤ ᠠᠮᠢᠳᠤ ᠪᠣᠳᠠᠰ ᠤᠨ ᠴᠢᠯᠠᠭᠤᠵᠢᠯ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ ᠠᠰᠢᠭᠯᠠᠬᠤ ᠶᠢ ᠠᠬᠢᠭᠤᠯᠤᠨ᠎ᠠ᠃      ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠤᠳᠠ ᠬᠤᠪᠢᠶᠠᠷᠢ  ᠲᠣᠪᠴᠢᠶᠠᠨ ᠤ ᠳᠠᠷᠤᠭ᠎ᠠ ᠵᠣᠣ ᠵᠢᠶᠠᠨ ᠵᠢᠶᠠᠩ᠄      ᠤᠳᠠ ᠲᠣᠭᠤᠷᠢᠭ ᠤᠨ ᠫᠧᠷᠮᠢ ᠶᠢᠨ ᠭᠠᠯᠪᠠ ᠶᠢᠨ ᠤᠷᠭᠤᠮᠠᠯ ᠤᠨ ᠬᠤᠴᠢᠯᠭ᠎ᠠ ᠶᠢᠨ ᠴᠢᠯᠠᠭᠤᠵᠢᠮᠠᠯ ᠦᠬᠠᠶ ᠬᠤᠲᠠ ᠶᠢᠨ ᠤᠳᠠ ᠶᠢᠨ ᠨᠡᠭᠦᠷᠡᠰᠦᠨ ᠤ ᠠᠢ ᠰᠠᠪᠠ ᠶᠢᠨ 6 ᠳ᠋ᠤᠭᠠᠷ ᠨᠣᠮᠧᠷ ᠪᠣᠯᠤᠨ 7 ᠳ᠋ᠤᠭᠠᠷ ᠨᠣᠮᠧᠷᠲᠤ ᠨᠡᠭᠦᠷᠡᠰᠦᠨ ᠳᠠᠪᠬᠤᠷᠭ᠎ᠠ ᠶᠢᠨ ᠬᠤᠭᠤᠷᠣᠨᠳᠣ ᠪᠠᠶᠢᠷᠢᠯᠠᠵᠤ᠂ ᠨᠡᠭᠦᠷᠡᠰᠦᠨ ᠤ ᠴᠢᠨᠠᠷ ᠤᠨ ᠪᠦᠷᠢᠯᠳᠦᠬᠦᠨ ᠨᠢ ᠣᠨᠴᠠᠭᠠᠢ᠂ ᠰᠢᠲᠠᠯᠲᠠ ᠶᠢᠨ ᠴᠡᠭ ᠨᠢ ᠳᠣᠤᠷ᠎ᠠ ᠤᠴᠢᠷ ᠠᠴᠠ 1961 ᠣᠨ ᠳᠤ ᠭᠦᠢᠬᠡᠨ ᠨᠡᠭᠦᠷᠡᠰᠦᠨ ᠳᠠᠪᠬᠤᠷᠭ᠎ᠠ ᠠᠴᠠ ᠡᠬᠢᠯᠡᠨ ᠨᠣᠴᠣᠵᠤ ᠡᠬᠢᠯᠡᠪᠡ᠃ ᠨᠡᠭᠦᠷᠡᠰᠦᠨ ᠤ ᠠᠢ ᠰᠠᠪᠠ ᠶᠢᠨ ᠭᠠᠯ ᠤᠨᠲᠠᠷᠠᠭᠠᠬᠤ ᠶᠢ ᠵᠠᠰᠠᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠦᠬᠠᠶ ᠶᠢᠨ ᠡᠨᠧᠷᠭᠢ ᠶᠢᠨ ᠺᠣᠮᠫᠠᠨᠢ ᠤᠷᠢᠳ ᠬᠤᠵᠢᠳ 2006 ᠣᠨ᠂ 2018 ᠣᠨ ᠳᠤ ᠤᠳᠠ ᠶᠢᠨ ᠨᠡᠭᠦᠷᠡᠰᠦᠨ ᠠᠭᠤᠷᠬᠠᠢ ᠶᠢᠨ ᠭᠠᠯ ᠤᠨᠲᠠᠷᠠᠭᠠᠬᠤ ᠢᠨᠵᠧᠨᠧᠷᠢᠩ᠂ ᠰᠣᠬᠠᠶᠢᠲᠤ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠥᠩᠭᠡᠷᠡᠭᠰᠡᠨ ᠤ ᠠᠭᠤᠷᠬᠠᠢ ᠶᠢᠨ ᠬᠤᠳᠳᠤᠭ ᠢ ᠮᠠᠯᠲᠠᠵᠤ ᠪᠠᠶᠢᠭᠰᠠᠨ ᠠᠴᠠ ᠵᠠᠳᠠᠭᠠᠶ ᠮᠠᠯᠲᠠᠵᠦ ᠪᠠᠶᠢᠭᠰᠠᠨ ᠠᠴᠠ ᠪᠠᠨ ᠡᠷᠲᠡᠨ ᠤ ᠠᠮᠢᠳᠤ ᠪᠣᠳᠠᠰ ᠤᠨ ᠴᠢᠯᠠᠭᠤᠵᠢᠯ ᠢ ᠢᠯᠡᠷᠡᠭᠦᠯᠬᠦ ᠪᠠ ᠬᠠᠮᠠᠭᠠᠯᠠᠬᠤ ᠳᠤ ᠰᠠᠭᠤᠷᠢ ᠲᠠᠯᠪᠢᠵᠤ ᠥᠭᠴᠡᠶ᠃ ᠡᠮᠦᠨ᠎ᠡ ᠡᠷᠲᠡᠨ ᠤ ᠲᠤᠰᠬᠠᠶ ᠮᠡᠷᠭᠡᠵᠢᠯᠲᠡᠨ ᠸᠠᠩ ᠵᠢᠶᠦ᠋ᠨ 2003 ᠣᠨ ᠳᠤ ᠤᠳᠠ ᠲᠤᠭᠤᠷᠢᠭ ᠤᠨ ᠨᠡᠭᠦᠷᠡᠰᠦᠨ ᠤ ᠠᠢ ᠰᠠᠪᠠ ᠶᠢᠨ 6᠂ 7 ᠳ᠋ᠤᠭᠠᠷ ᠨᠡᠭᠦᠷᠡᠰᠦᠨ ᠳᠠᠪᠬᠤᠷᠭ᠎ᠠ ᠶᠢᠨ ᠴᠤᠬᠤᠶᠢᠯᠲᠠ ᠶᠢᠨ ᠨᠡᠭᠦᠷᠡᠰᠦᠨ ᠠᠭᠤᠷᠬᠠᠶ ᠠᠴᠠ ᠬᠤᠯᠠᠩ ᠤᠨ ᠨᠠᠪᠴᠢᠲᠤ ᠴᠢᠯᠠᠭᠤᠵᠢᠮᠠᠯ ᠢᠯᠡᠷᠡᠭᠦᠯᠵᠡᠶ᠃ 2012 ᠣᠨ ᠠᠴᠠ 2017 ᠤᠨ ᠪᠣᠯᠲᠠᠯ᠎ᠠ᠂ ᠡᠮᠦᠨ᠎ᠡ ᠡᠷᠲᠡᠨ ᠤ ᠭᠠᠵᠠᠷ ᠤᠷᠢᠳ ᠬᠤᠵᠢᠳ 4 ᠤᠳᠠᠭ᠎ᠠ ᠦᠬᠠᠶ ᠶᠢᠨ ᠡᠨᠧᠷᠭᠢ ᠶᠢᠨ ᠺᠣᠮᠫᠠᠨᠢ ᠶᠢᠨ ᠬᠤᠸᠠᠩ ᠪᠠᠶ ᠼᠢ ᠨᠡᠭᠦᠷᠡᠰᠦᠨ ᠠᠭᠤᠷᠬᠠᠶ ᠶᠢᠨ ᠬᠤᠳᠳᠤᠭ ᠤᠨ ᠲᠠᠷᠢᠶᠠᠨ ᠤ ᠬᠡᠪᠴᠢᠶᠡᠨ ᠳᠤ ᠴᠢᠯᠠᠭᠤᠵᠢᠮᠠᠯ ᠴᠤᠭᠯᠠᠭᠤᠯᠪᠠ᠃ ᠰᠤᠬᠠᠶᠢᠲᠤ ᠠᠭᠤᠷᠬᠠᠶ ᠶᠢᠨ ᠣᠷᠣᠨ ᠤ ᠣᠨᠴᠠᠭᠠᠶ ᠭᠠᠵᠠᠷ ᠰᠢᠨᠵᠢᠯᠡᠭᠡᠨ ᠤ ᠪᠠᠶᠢᠳᠠᠯ ᠪᠠ ᠴᠢᠯᠠᠭᠤᠵᠢᠮᠠᠯ ᠤᠨ ᠣᠷᠣᠰᠢᠵᠤ ᠪᠠᠶᠢᠭ᠎ᠠ ᠬᠡᠯᠪᠡᠷᠢ ᠪᠠᠶᠢᠳᠠᠯ ᠳᠤ ᠰᠠᠭᠤᠷᠢᠯᠠᠨ᠂ ᠡᠮᠦᠨᠡᠲᠦ ᠡᠷᠲᠡᠨ ᠤ ᠬᠢᠨ ᠲᠠᠢ ᠭᠦᠢᠴᠡᠳ ᠨᠡᠪᠲᠡᠷᠡᠯᠴᠡᠨ ᠨᠤᠲᠠᠯᠠᠬᠤ ᠪᠠᠷ ᠳᠡᠮᠵᠢᠨ᠂ ︽ᠣᠨᠳᠣᠤ ᠭᠠᠵᠠᠷ ᠲᠤ ᠬᠠᠮᠠᠭᠠᠯᠠᠬᠤ ᠪᠠᠷ ᠭᠤᠤᠯ ᠪᠣᠯᠭᠠᠵᠤ᠂ ᠤᠤᠯ ᠭᠠᠵᠠᠷ ᠲᠤ ᠪᠠᠭ᠎ᠠ ᠲᠠᠯᠠᠪᠠᠶ ᠶᠢᠨ ᠠᠩᠬᠠᠨ ᠤ ᠭᠠᠵᠠᠷ ᠤᠨ ᠭᠠᠳᠠᠷᠭᠤ ᠶᠢ ᠦᠯᠡᠳᠡᠭᠡᠬᠦ︾ ᠶᠡᠷᠦᠩᠬᠡᠶ ᠬᠠᠮᠠᠭᠠᠯᠠᠯᠲᠠ ᠶᠢᠨ ᠰᠡᠳᠬᠢᠮᠵᠢ ᠶᠢ ᠲᠣᠳᠣᠷᠬᠠᠶ ᠲᠣᠭᠲᠠᠭᠠᠭᠰᠠᠨ ᠪᠥᠭᠡᠳ ᠰᠤᠬᠠᠶᠢᠲᠤ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠵᠠᠰᠠᠯᠲᠠ ᠶᠢᠨ ᠲᠥᠷᠥᠯ ᠵᠦᠢᠯ ᠤᠨ ᠵᠠᠰᠠᠯᠲᠠ ᠶᠢᠨ ᠣᠷᠣᠨ ᠤ ᠬᠠᠷᠢᠴᠠᠩᠭᠤᠶ ᠠᠮᠤᠷ ᠲᠦᠪᠰᠢᠨ ᠤ ᠣᠷᠣᠨ ᠪᠦᠰᠡ ᠳᠤ ᠪᠠᠷᠤᠭ 3 ᠲᠦᠮᠡᠨ ᠲᠡᠭᠰᠢ ᠳᠥᠷᠪᠡᠯᠵᠢᠨ ᠮᠧᠳ᠋ᠷ ᠤᠨ ᠬᠠᠮᠠᠭᠠᠯᠠᠯᠲᠠ ᠶᠢᠨ ᠣᠷᠣᠨ ᠪᠠᠶᠢᠭᠤᠯᠵᠤ᠂ ᠨᠢᠭᠡᠨᠲᠡ ᠰᠡᠷᠭᠡᠶᠢᠯᠡᠯᠲᠡ ᠶᠢᠨ ᠱᠤᠭᠤᠮ ᠪᠠ ᠲᠡᠮᠳᠡᠭ ᠫᠠᠶᠢᠰᠠ ᠶᠢ ᠳᠣᠭᠢᠷᠠᠭᠤᠯᠪᠠ᠃      ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠤᠳᠠ ᠬᠤᠪᠢᠶᠠᠷᠢ  ᠲᠣᠪᠴᠢᠶᠠᠨ ᠤ ᠳᠠᠷᠤᠭ᠎ᠠ ᠵᠣᠣ ᠵᠢᠶᠠᠨ ᠵᠢᠶᠠᠩ᠄      ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠤᠳᠠ ᠲᠤᠭᠤᠷᠢᠭ ᠤᠨ ᠬᠤᠪᠢᠶᠠᠷᠢ ᠲᠣᠪᠴᠢᠶ᠎ᠠ ᠪᠣᠯᠤᠨ ᠤᠯᠤᠰ ᠤᠨ ᠡᠨᠧᠷᠭᠢ ᠶᠢᠨ ᠺᠣᠮᠫᠠᠨᠢ ᠶᠢᠨ ᠦᠬᠠᠶ ᠶᠢᠨ ᠡᠨᠧᠷᠭᠢ ᠶᠢᠨ ᠺᠣᠮᠫᠠᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠮᠦᠨ᠎ᠡ ᠡᠷᠲᠡᠨ ᠤ ᠠᠭᠤᠷᠬᠠᠢ ᠶᠢᠨ ᠭᠠᠵᠠᠷ ᠰᠢᠨᠵᠢᠯᠡᠭᠡᠨ ᠤ ᠮᠠᠲ᠋ᠧᠷᠢᠶᠠᠯ ᠲᠠᠢ ᠢᠳᠡᠪᠬᠢᠲᠡᠶ ᠬᠠᠮᠵᠢᠯᠴᠠᠵᠤ᠂ ᠲᠡᠭᠦᠨ ᠳᠤ ᠮᠠᠰᠢᠨ ᠲᠥᠬᠦᠭᠡᠷᠦᠮᠵᠢ᠂ ᠠᠵᠢᠯᠲᠠᠨ ᠤ ᠬᠦᠴᠦᠨ ᠪᠠ ᠪᠡᠯᠡ ᠮᠥᠩᠭᠦ ᠶᠢᠨ ᠪᠠᠲᠤᠯᠠᠭ᠎ᠠ ᠬᠠᠩᠭᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠮᠦᠨᠡᠲᠦ ᠡᠷᠲᠡᠨ ᠤ ᠭᠠᠵᠠᠷ ᠲᠠᠢ ᠬᠠᠮᠵᠢᠯᠴᠠᠨ ᠲᠤᠬᠠᠶ ᠶᠢᠨ ᠲᠠᠯᠠᠪᠠᠢ ᠶᠢᠨ ᠬᠠᠶᠢᠨ ᠪᠠᠶᠢᠴᠠᠭᠠᠯᠲᠠ ᠪᠠ ᠬᠠᠮᠠᠭᠠᠯᠠᠯᠲᠠ ᠶᠢᠨ ᠴᠢᠨᠠᠷᠲᠠᠶ ᠴᠤᠭᠯᠠᠭᠤᠯᠭ᠎ᠠ ᠬᠢᠵᠦ᠂ ᠰᠤᠬᠠᠶᠢᠲᠤ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠵᠠᠰᠠᠯᠲᠠ ᠶᠢᠨ ᠣᠷᠣᠨ ᠤ ᠬᠡᠪᠴᠢᠶᠡᠨ ᠳᠤ ᠨᠡᠶᠢᠲᠡ 4200 ᠲᠡᠭᠰᠢ ᠳᠥᠷᠪᠡᠯᠵᠢᠨ ᠮᠧᠲᠷ ᠤᠨ ᠴᠢᠯᠠᠭᠤᠵᠢᠮᠠᠯ ᠤᠨ ᠡᠬᠢ ᠪᠠᠶᠠᠯᠢᠭ ᠢ ᠴᠤᠭᠯᠠᠭᠤᠯᠵᠤ᠂ ᠨᠡᠶᠢᠲᠡ 10000 ᠭᠠᠷᠤᠶ ᠴᠢᠯᠠᠭᠤᠵᠢᠮᠠᠯ ᠤᠨ ᠬᠡᠪ ᠵᠠᠭᠪᠤᠷ ᠢ ᠴᠤᠭᠯᠠᠭᠤᠯᠪᠠ᠂ ᠡᠭᠦᠨ ᠳᠤ ᠬᠡᠯᠪᠡᠷᠢᠵᠢᠭᠰᠡᠨ ᠲᠣᠭᠲᠠᠮᠠᠯ ᠬᠠᠳᠠᠭᠠᠯᠠᠯᠲᠠ ᠶᠢᠨ ᠴᠢᠯᠠᠭᠤᠵᠢᠮᠠᠯ 5 ᠪᠣᠶ᠃ ᠡᠭᠦᠨ ᠤ ᠬᠠᠮᠲᠤ᠂ ᠰᠤᠬᠠᠶᠢᠲᠤ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠲᠥᠷᠥᠯ ᠵᠦᠢᠯ ᠤᠨ ᠵᠠᠰᠠᠯᠲᠠ ᠶᠢᠨ ᠣᠷᠣᠨ ᠳᠤ ᠪᠠᠷᠤᠭ 3 ᠲᠦᠮᠡᠨ ᠲᠡᠭᠰᠢ ᠳᠥᠷᠪᠡᠯᠵᠢᠨ ᠮᠧᠲᠷ ᠤᠨ ᠬᠠᠮᠠᠭᠠᠯᠠᠯᠲᠠ ᠶᠢᠨ ᠣᠷᠣᠨ ᠪᠠᠶᠢᠭᠤᠯᠵᠤ᠂ ᠨᠢᠭᠡᠨᠲᠡ ᠰᠡᠷᠭᠡᠶᠢᠯᠡᠯᠲᠡ ᠶᠢᠨ ᠱᠤᠭᠤᠮ ᠪᠠ ᠲᠡᠮᠳᠡᠭ ᠫᠠᠶᠢᠰᠠ ᠭᠠᠷᠭᠠᠵᠤ᠂ ᠬᠠᠤᠯᠢ ᠲᠣᠭᠲᠠᠭᠠᠯ ᠳᠤ ᠨᠡᠶᠢᠴᠡᠭᠦᠯᠦᠨ ᠬᠠᠮᠠᠭᠠᠯᠠᠬᠤ ᠶᠢ ᠪᠡᠶᠡᠯᠡᠭᠦᠯᠪᠡ᠃ ᠬᠤᠯᠪᠣᠭᠳᠠᠯ ᠪᠦᠬᠦᠢ ᠮᠦᠽᠧᠶ ᠶᠢᠨ ᠬᠠᠳᠠᠭᠠᠯᠠᠯᠲᠠ᠂ ᠳᠡᠯᠭᠡᠨ ᠦᠵᠡᠭᠦᠯᠦᠯᠭᠡ ᠵᠡᠷᠭᠡ ᠠᠵᠢᠯ ᠨᠢᠭᠡᠨᠲᠡ ᠶᠠᠪᠤᠭᠳᠠᠵᠤ᠂ ᠴᠤᠭᠯᠠᠭᠤᠯᠤᠭᠰᠠᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠨᠢᠭᠡᠨᠲᠡ ᠬᠠᠶᠢᠷᠤᠪ ᠤᠨ ᠲᠣᠬᠤᠢ ᠲᠣᠭᠤᠷᠢᠭ ᠤᠨ ᠦᠵᠡᠮᠦᠷᠢ ᠶᠢᠨ ᠴᠢᠯᠠᠭᠤᠨ ᠲᠠᠭᠲᠤ ᠵᠡᠷᠭᠡ ᠭᠠᠵᠠᠷ ᠲᠤ ᠠᠮᠤᠷ ᠲᠦᠪᠰᠢᠨ ᠢ ᠬᠠᠳᠠᠭᠠᠯᠠᠵᠤ᠂ ᠳᠠᠩ ᠬᠡᠰᠡᠭ ᠴᠢᠯᠠᠭᠤᠵᠢᠮᠠᠯ ᠤᠨ ᠦᠯᠢᠭᠡᠷ ᠬᠡᠪ ᠢ 74 ᠬᠠᠳᠠᠭᠠᠯᠠᠵᠤ᠂ ᠡᠭᠦᠨ ᠤ ᠬᠠᠮᠲᠤ ᠪᠠᠷᠤᠭ 65 ᠪᠣᠰᠤᠭ᠎ᠠ ᠳᠥᠷᠪᠡᠯᠵᠢᠨ ᠮᠧᠲᠷ ᠤᠨ ᠵᠠᠳᠠᠭᠠᠢ ᠴᠢᠯᠠᠭᠤᠵᠢᠮᠠᠯ ᠤᠨ ᠵᠠᠭᠪᠤᠷ ᠢ ᠴᠤᠭᠯᠠᠭᠤᠯᠬᠤ ᠶᠢᠨ ᠬᠠᠮᠲᠤ 10 ᠪᠦᠷᠢᠨ ᠪᠦᠲᠦᠨ ᠢᠶᠠᠷ ᠨᠡᠯᠢᠶᠡᠳ ᠥᠨᠳᠥᠷ ᠴᠢᠯᠠᠭᠤᠵᠢᠮᠠᠯ ᠨᠢᠭᠡᠨᠲᠡ ᠬᠠᠶᠢᠷᠤᠪ ᠤᠨ ᠲᠣᠬᠤᠢ ᠲᠣᠭᠤᠷᠢᠭ ᠤᠨ ᠨᠡᠭᠦᠷᠡᠰᠦᠨ ᠤ ᠮᠦᠽᠧᠶ ᠳᠤ ᠳᠡᠯᠭᠡᠨ ᠦᠵᠡᠭᠦᠯᠪᠡ᠃      ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠤᠳᠠ ᠬᠤᠪᠢᠶᠠᠷᠢ  ᠲᠣᠪᠴᠢᠶᠠᠨ ᠤ ᠳᠠᠷᠤᠭ᠎ᠠ ᠵᠣᠣ ᠵᠢᠶᠠᠨ ᠵᠢᠶᠠᠩ᠄      ᠣᠳᠣᠬᠠᠨ ᠳᠤ᠂ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠢ ᠨᠡᠢᠳᠡᠮ ᠪᠠᠢᠴᠠᠭᠠᠬᠤ ᠠᠵᠢᠯ ᠨᠢᠭᠡᠨᠲᠡ ᠳᠠᠭᠤᠰᠬᠤ ᠱᠠᠲᠤᠨ ᠳᠤ ᠬᠦᠷᠴᠦ᠂ ᠦᠷ᠎ᠡ ᠪᠦᠲᠦᠭᠡᠯ ᠢ ᠨᠡᠶᠢᠳᠡᠯᠡᠬᠦ ᠶᠢ ᠬᠦᠯᠢᠶᠡᠵᠦ᠂ ︽ᠤᠷᠭᠤᠮᠠᠯ ᠤᠨ ᠫᠣᠮᠫᠸᠢ ᠬᠤᠲᠠ︾ ᠶᠢ ᠬᠠᠮᠠᠭᠠᠯᠠᠬᠤ᠂ ᠨᠡᠭᠡᠭᠡᠨ ᠠᠰᠢᠭᠯᠠᠬᠤ ᠪᠠ ᠠᠰᠢᠭᠯᠠᠬᠤ ᠲᠥᠰᠦᠯ︾ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠣᠯᠤᠨ᠎ᠠ᠃ ᠲᠤᠬᠠᠶ ᠶᠢᠨ ᠦᠶ᠎ᠡ ᠳᠤ ᠪᠢᠳᠡ ︽ᠲᠥᠰᠦᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠬᠠᠮᠲᠤᠷᠠᠨ ᠬᠠᠮᠠᠭᠠᠯᠠᠬᠤ ᠲᠠᠯ᠎ᠠ ᠪᠠᠷ᠂ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ︽︿ᠤᠷᠭᠤᠮᠠᠯ ᠤᠨ ᠫᠣᠮᠫᠸᠢ ᠬᠤᠲᠠ﹀ ᠶᠢᠨ ᠬᠠᠮᠠᠭᠠᠯᠠᠯᠲᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠠᠮᠠᠭᠠᠯᠠᠬᠤ ᠠᠵᠢᠯ ᠢ ᠡᠷᠡᠰ ᠲᠡᠷᠢᠭᠦᠨ ᠳᠤ ᠲᠠᠯᠪᠢᠨ᠎ᠠ᠃ ᠬᠤᠷᠢᠶᠠᠨ ᠬᠠᠳᠠᠭᠠᠯᠠᠵᠤ ᠬᠠᠮᠠᠭᠠᠯᠠᠬᠤ ᠲᠠᠯ᠎ᠠ ᠪᠠᠷ᠂ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠮᠡᠷᠭᠡᠵᠢᠯ ᠤᠨ ᠪᠠᠷᠢᠮᠵᠢᠶ᠎ᠠ ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠵᠡᠰᠬᠦᠯᠡᠩ ᠤᠨ ᠲᠠᠯᠠᠪᠤᠷ ᠭᠠᠵᠠᠷ ᠢ ᠲᠦᠷᠭᠡᠪᠴᠢᠯᠡᠨ ᠪᠠᠶᠢᠭᠤᠯᠵᠤ᠂ ᠨᠢᠭᠡᠨᠲᠡ ᠣᠨᠳᠣᠤ ᠭᠠᠵᠠᠷ ᠲᠤ ᠬᠠᠮᠠᠭᠠᠯᠠᠭᠰᠠᠨ ᠴᠢᠯᠠᠭᠤᠵᠢᠮᠠᠯ ᠢ ᠳᠡᠩᠰᠡᠯᠡᠨ ᠲᠡᠮᠳᠡᠭᠯᠡᠵᠦ᠂ ᠠᠯᠢ ᠲᠦᠷᠭᠡᠨ ᠢᠶᠠᠷ ᠳᠡᠯᠭᠡᠨ ᠦᠵᠡᠭᠦᠯᠬᠦ ᠶᠢ ᠥᠷᠨᠢᠭᠦᠯᠵᠦ᠂ ᠴᠢᠯᠠᠭᠤᠵᠢᠮᠠᠯ ᠤᠨ ᠰᠣᠶᠣᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠨ᠎ᠡ ᠥᠷᠲᠡᠭ ᠢ ᠰᠠᠶᠢᠲᠤᠷ ᠪᠠᠳᠠᠷᠠᠭᠤᠯᠤᠨ᠎ᠠ᠃ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ᠂ ᠨᠢᠭᠡᠨᠲᠡ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠢ ᠬᠤᠯᠠᠭᠠᠶᠢᠯᠠᠨ ᠮᠠᠯᠲᠠᠬᠤ᠂ ᠫᠠᠨᠽᠠᠯᠠᠬᠤ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠪᠣᠯᠤᠨ᠎ᠠ᠃ ᠡᠭᠦᠨ ᠤ ᠬᠠᠮᠲᠤ᠂ ᠲᠤᠰᠬᠠᠶ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠢ ᠬᠠᠮᠠᠭᠠᠯᠠᠬᠤ ᠬᠠᠤᠯᠢ ᠪᠠᠷ ᠵᠠᠰᠠᠬᠤ ᠬᠥᠮᠦᠵᠢᠯ ᠢ ᠴᠢᠩᠭᠠᠳᠬᠠᠵᠤ᠂ ᠣᠯᠠᠨ ᠨᠡᠶᠢᠲᠡ ᠶᠢᠨ ᠡᠷᠲᠡᠨ ᠤ ᠠᠮᠢᠳᠤ ᠪᠣᠳᠠᠰ ᠤᠨ ᠴᠢᠯᠠᠭᠤᠵᠢᠯ ᠢ ᠬᠠᠮᠠᠭᠠᠯᠠᠬᠤ ᠤᠬᠠᠮᠰᠠᠷ ᠢ ᠴᠢᠩᠭᠠᠳᠬᠠᠨ᠎ᠠ᠃      ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠶ ᠶᠢᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠮᠤᠷ ᠲᠦᠪᠰᠢᠨ ᠤ ᠶᠡᠷᠦᠩᠬᠡᠶ ᠬᠢᠨᠠᠭᠴᠢ ᠯᠢ ᠵᠧᠨ ᠶᠠᠩ᠄      ᠦᠬᠠᠶ ᠶᠢᠨ ᠡᠨᠧᠷᠭᠢ ᠶᠢᠨ ᠺᠣᠮᠫᠠᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠪᠣᠯᠤᠨ ᠤᠳᠠ ᠲᠣᠭᠤᠷᠢᠭ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠦᠬᠠᠶ ᠬᠤᠲᠠ ᠶᠢᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠰᠣᠶᠣᠯ ᠪᠣᠯᠤᠨ ᠵᠢᠭᠤᠯᠴᠢᠯᠠᠯ ᠤᠨ ᠲᠢᠩᠬᠢᠮ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠮᠦᠨ᠎ᠡ ᠡᠷᠲᠡᠨ ᠤ ᠭᠠᠵᠠᠷ ᠯᠤᠭ᠎ᠠ ︽︿ᠤᠷᠭᠤᠮᠠᠯ ᠤᠨ ᠫᠣᠮᠫᠸᠢ ᠬᠤᠲᠠ﹀ ᠶᠢᠨ ᠬᠠᠮᠠᠭᠠᠯᠠᠯᠲᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠣᠭᠲᠠᠵᠤ᠂ ᠨᠠᠨᠵᠢᠩ ᠤᠨ ᠡᠷᠲᠡᠨ ᠤ ᠠᠮᠢᠳᠤ ᠪᠣᠳᠠᠰ ᠤᠨ ᠰᠤᠳᠤᠯᠭᠠᠨ ᠤ ᠭᠠᠵᠠᠷ ᠤᠨ ᠪᠦᠯᠬᠦᠮ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ ᠡᠷᠲᠡᠨ ᠤ ᠠᠮᠢᠳᠤ ᠪᠣᠳᠠᠰ ᠤᠨ ᠬᠠᠶᠢᠨ ᠪᠠᠶᠢᠴᠠᠭᠠᠯᠲᠠ ᠶᠢᠨ ᠠᠵᠢᠯ ᠢ ᠬᠢᠵᠦ ᠪᠠᠶᠢᠨ᠎ᠠ᠃ ᠡᠭᠦᠨ ᠤ ᠬᠠᠮᠲᠤ᠂ ᠺᠣᠮᠫᠠᠨᠢ ᠠᠴᠠ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ ᠪᠣᠯᠤᠨ ᠬᠠᠮᠠᠭᠠᠯᠠᠯᠲᠠ ᠶᠢᠨ ᠲᠤᠰᠬᠠᠢ ᠬᠠᠭᠤᠳᠠᠰᠤ ᠶᠢ ᠲᠣᠭᠲᠠᠭᠠᠵᠤ᠂ ᠲᠤᠰᠬᠠᠢ ᠬᠥᠮᠦᠨ ᠲᠤᠬᠢᠷᠠᠭᠤᠯᠤᠨ ᠵᠠᠰᠠᠯᠲᠠ ᠶᠢᠨ ᠲᠤᠬᠠᠢ ᠶᠢᠨ ᠲᠠᠯᠠᠪᠠᠢ ᠳᠤ ᠴᠢᠯᠠᠭᠤᠵᠢᠮᠠᠯ ᠤᠨ ᠣᠷᠣᠨ ᠪᠠᠶᠢᠬᠤ ᠡᠰᠡᠬᠦ ᠶᠢ ᠪᠠᠶᠢᠴᠠᠭᠠᠵᠤ᠂ ᠲᠤᠬᠠᠢ ᠶᠢᠨ ᠲᠠᠯᠠᠪᠠᠢ ᠶᠢᠨ ᠪᠠᠶᠢᠳᠠᠯ ᠢ ᠨᠠᠷᠢᠨ ᠡᠵᠡᠮᠰᠢᠵᠦ᠂ ᠴᠠᠭ ᠲᠤᠬᠠᠢ ᠳᠤᠨᠢ ᠬᠠᠷᠢᠭᠤ ᠲᠤᠰᠬᠠᠵᠤ᠂ ᠲᠤᠬᠠᠢ ᠶᠢᠨ ᠲᠠᠯᠠᠪᠠᠢ ᠳᠤ ᠣᠯᠵᠤ ᠮᠡᠳᠡᠪᠡᠯ ᠳᠠᠷᠤᠢ ᠲᠦᠷᠭᠡᠨ ᠬᠠᠮᠠᠭᠠᠯᠠᠬᠤ ᠶᠢ ᠪᠡᠶᠡᠯᠡᠭᠦᠯᠪᠡ᠃ ᠳᠠᠷᠠᠭᠠᠴᠢ ᠶᠢᠨ ᠠᠯᠬᠤᠮ ᠳᠤ᠂ ᠦᠬᠠᠶ ᠶᠢᠨ ᠡᠨᠧᠷᠭᠢ ᠶᠢᠨ ᠺᠣᠮᠫᠠᠨᠢ ᠬᠠᠮᠠᠭᠠᠯᠠᠬᠤ ᠠᠵᠢᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠢᠭᠡ ᠳᠤ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ ᠪᠣᠯᠤᠨ ᠬᠠᠮᠠᠭᠠᠯᠠᠯᠲᠠ ᠶᠢᠨ ᠲᠤᠰᠬᠠᠶ ᠬᠠᠭᠤᠳᠠᠰᠤ ᠶᠢ ᠴᠢᠩᠭ᠎ᠠ ᠵᠢᠷᠤᠮᠯᠠᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠦᠨ᠎ᠡ︔ ᠬᠤᠶᠠᠷ ᠲᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠲᠠᠯᠠᠪᠤᠷ ᠣᠷᠳᠣᠨ ᠤ ᠪᠦᠲᠦᠭᠡᠨ ᠪᠠᠶᠢᠭᠤᠯᠤᠯᠲᠠ ᠪᠣᠯᠤᠨ ᠳᠡᠯᠭᠡᠨ ᠦᠵᠡᠭᠦᠯᠬᠦ ᠠᠵᠢᠯ ᠢ ᠳᠡᠮᠵᠢᠨ᠎ᠡ︔ ᠭᠤᠷᠪᠠ ᠳᠤ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠢ ᠦᠨᠡᠨ ᠬᠦ ᠴᠢᠩᠭᠠᠳᠬᠠᠵᠤ᠂ ᠠᠵᠢᠯᠲᠠᠨ ᠠᠵᠢᠯᠴᠢᠨ ᠤ ᠴᠢᠯᠠᠭᠤᠵᠢᠮᠠᠯ ᠤᠨ ᠬᠠᠮᠠᠭᠠᠯᠠᠯᠲᠠ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠵᠢᠯᠴᠠᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠪᠣᠯᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠴᠢᠩᠭᠠᠳᠬᠠᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号