ᠪᠦᠬᠦ ᠲᠤᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠡᠬᠢᠯᠡᠪᠡ  ᠶᠠᠨ ᠸᠧᠨ ᠯᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/9/20
      9 ᠰᠠᠷ᠎ᠠ ᠶᠢᠨ 19 ᠤ ᠦᠳᠡ ᠶᠢᠨ ᠡᠮᠦᠨ᠎ᠡ᠂ ᠤᠳᠠ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠬᠢᠴᠢᠶᠡᠯ ᠡᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠸᠧᠶ ᠳ᠋ᠦᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃
176.jpg     
      ᠶᠠᠨ ᠸᠧᠨ ᠯᠦᠩ ᠬᠡᠯᠡᠭᠰᠡᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠤᠯᠠᠨ ᠢᠶᠠᠷ ᠢᠶᠠᠨ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠱᠤᠭᠤᠮ ᠲᠠᠢ ᠣᠷᠭᠠᠨᠢᠭ ᠢᠶᠠᠷ ᠤᠶᠠᠯᠳᠤᠭᠤᠯᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠴᠢᠳᠠᠮᠠᠭᠠᠢ ᠠᠵᠢᠯᠯᠠᠵᠤ ᠴᠢᠳᠠᠮᠠᠭᠠᠢ ᠪᠠᠷ ᠪᠦᠲᠦᠭᠡᠬᠦ ᠳᠡᠭᠡᠷ᠎ᠡ ᠳᠣᠣᠷ᠎ᠠ ᠰᠢᠷᠭᠠᠭᠤ ᠬᠠᠲᠠᠭᠤᠵᠢᠯᠲᠠᠢ ᠠᠵᠢᠯᠯᠠᠵᠤ᠂ ᠤᠬᠠᠮᠰᠠᠷ ᠠᠴᠠ ᠪᠠᠨ ᠪᠦᠬᠦ ᠲᠠᠯ᠎ᠠ ᠶᠢᠨ ᠳᠣᠣᠷ᠎ᠠ ᠨᠢᠭᠡ ᠣᠷᠣᠨ ᠪᠦᠰᠡ ᠶᠢ ᠲᠥᠯᠥᠪᠵᠢᠭᠦᠯᠵᠦ᠂ ᠨᠢᠭᠡ ᠣᠷᠣᠨ ᠪᠦᠰᠡ ᠪᠠᠷ ᠪᠦᠬᠦ ᠲᠠᠯ᠎ᠠ ᠳᠤ ᠦᠢᠯᠡᠴᠢᠯᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠦᠬᠠᠢ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠨᠠᠷᠢᠨ ᠪᠣᠳᠠᠲᠠᠢ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠢ ᠨᠡᠭᠡᠭᠡᠬᠦ᠂ ᠳᠤᠮᠳᠠᠳᠤ ᠤᠷᠤᠰᠬᠠᠯ ᠤᠨ ᠤᠷᠤᠰᠬᠠᠯ ᠪᠠ ᠦᠬᠠᠢ ᠬᠤᠳᠠ ᠶᠢᠨ ︽ᠭᠤᠷᠪᠠᠨ ᠥᠨᠳᠥᠷ︾ ᠤᠨ ᠬᠠᠷᠠᠯᠲᠠ ᠶᠢ ᠪᠡᠶᠡᠯᠡᠭᠦᠯᠬᠦ ᠳᠤ ᠨᠡᠩ ᠤᠯᠠᠨ ᠤᠳᠠ ᠬᠤᠳᠠ ᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
177.jpg   
      ᠶᠠᠨ ᠸᠧᠨ ᠯᠦᠩ ᠬᠡᠯᠡᠭᠰᠡᠨ ᠨᠢ᠂ ᠥᠭᠡᠷᠡᠴᠢᠯᠡᠯᠲᠡ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠲᠤᠤᠷᠠᠳᠤ ᠱᠠᠳᠤ ᠶᠢ ᠵᠣᠯᠭᠠᠭᠤᠯᠬᠤ᠂ ᠬᠠᠷᠢᠯᠴᠠᠨ ᠨᠡᠪᠲᠡᠷᠡᠯᠴᠡᠬᠦ ᠶᠢ ᠠᠩᠬᠠᠷᠴᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠵᠠᠬ᠎ᠠ ᠳᠡᠯᠭᠡᠭᠦᠷ ᠤᠨ ᠤᠬᠠᠮᠰᠠᠷ ᠢ ᠪᠤᠢ ᠪᠣᠯᠭᠠᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ᠂ ᠨᠡᠬᠡᠬᠡᠯᠳᠡ ᠶᠢᠨ ᠦᠵᠡᠯᠲᠡ ᠶᠢ ᠴᠢᠩᠭᠠᠳᠬᠠᠬᠤ ᠵᠡᠷᠭᠡ ᠵᠠᠩᠭᠢᠯᠠᠭ᠎ᠠ ᠶᠢ ᠭᠤᠣᠯᠳᠠᠯᠭ᠎ᠠ ᠲᠠᠢ ᠰᠠᠶᠢᠲᠤᠷ ᠡᠵᠡᠮᠳᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠣᠭᠤᠷᠢᠭ ᠤᠨ ᠨᠠᠮ ᠤᠨ ᠬᠤᠷᠢᠶ᠎ᠠ ᠶᠢᠨ ᠲᠣᠭᠲᠠᠭᠠᠭᠰᠠᠨ 9 ᠲᠠᠯ᠎ᠠ ᠶᠢᠨ 95 ᠵᠣᠷᠪᠤᠰ ᠰᠠᠶᠢᠨ ᠲᠠᠯ᠎ᠠ ᠶᠢ ᠳᠠᠪᠲᠠᠨ ᠪᠣᠯᠪᠠᠰᠤᠷᠠᠭᠤᠯᠬᠤ᠂ ᠳᠤᠲᠠᠭᠤᠳᠠᠯ ᠢ ᠨᠥᠬᠦᠪᠥᠷᠢᠯᠡᠬᠦ ᠪᠣᠳᠠᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠷᠭᠡᠨ ᠣᠯᠠᠨ ᠨᠠᠮ ᠤᠨ ᠭᠡᠰᠢᠭᠦᠨ ᠺᠠᠲᠷᠴᠤᠳ ᠥᠭᠡᠷᠡᠴᠢᠯᠡᠯᠲᠡ ᠶᠢᠨ ᠰᠡᠳᠬᠢᠬᠦᠶ᠂ ᠰᠢᠨ᠎ᠡ ᠶᠢ ᠡᠭᠦᠳᠬᠦ ᠠᠷᠭ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠵᠠᠪᠠᠯ ᠲᠡᠮᠡᠴᠡᠬᠦ︾ ᠵᠣᠷᠢᠭ ᠢᠶᠠᠨ ᠪᠠᠲᠤᠳᠬᠠᠵᠤ᠂ ︽ᠵᠣᠷᠢᠭᠲᠠᠶ ᠪᠠᠷ ᠲᠡᠮᠡᠴᠡᠬᠦ︾ ᠡᠷᠴᠢ ᠵᠣᠷᠢᠭ ᠢᠶᠠᠨ ᠬᠥᠪᠴᠢᠯᠡᠵᠦ᠂ ︽ᠴᠢᠳᠠᠮᠠᠭᠠᠶ ᠲᠡᠮᠡᠴᠡᠬᠦ︾ ᠴᠢᠳᠠᠪᠤᠷᠢ ᠶᠢ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠪᠡᠶ᠎ᠡ ᠪᠠᠷ ᠢᠶᠠᠨ ᠰᠠᠶᠢᠲᠤᠷ ᠠᠳᠬᠤᠨ ᠬᠡᠷᠡᠭᠵᠢᠭᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠵᠠᠢ᠃
178.jpg     
      ᠶᠠᠨ ᠸᠧᠨ ᠯᠦᠩ ᠪᠠᠰᠠ ᠪᠥᠬᠦ ᠲᠤᠭᠤᠷᠢᠭ ᠤᠨ ᠵᠠᠯᠠᠭᠤ ᠺᠠᠲᠷᠴᠤᠳ ᠤᠨ ᠴᠢᠨᠠᠷ ᠰᠠᠶᠢᠲᠠᠶ ᠬᠥᠭᠵᠢᠯᠲᠡ ᠶᠢᠨ ᠰᠤᠳᠤᠯᠤᠨ ᠶᠠᠷᠢᠯᠴᠠᠬᠤ ᠠᠩᠭᠢ ᠶᠢᠨ ᠰᠣᠷᠣᠭᠴᠢ ᠪᠠ ᠰᠢᠨ᠎ᠡ ᠪᠠᠷ ᠲᠤᠰᠢᠶᠠᠯ ᠡᠭᠦᠷᠭᠡᠯᠡᠭᠰᠡᠨ ᠠᠯᠪᠠᠲᠠᠨ ᠤ ᠪᠣᠯᠪᠠᠰᠤᠷᠠᠯ ᠤᠨ ᠠᠩᠭᠢ ᠶᠢᠨ ᠰᠤᠷᠤᠭᠴᠢᠳ ᠲᠤ ᠱᠠᠭᠠᠷᠳᠠᠯᠭ᠎ᠠ ᠪᠠ ᠬᠦᠰᠡᠯ ᠡᠷᠡᠮᠡᠯᠵᠡᠯ ᠳᠤᠷᠠᠳᠪᠠ᠃   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号