ᠤᠳᠠ ᠲᠣᠭᠤᠷᠢᠭ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/9/23
      ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠲᠤᠭᠤᠰᠢᠯᠠᠭᠤᠯᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 9 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠤᠳᠠ ᠲᠣᠭᠤᠷᠢᠭ ︽ᠬᠠᠤᠯᠢ ᠶᠣᠰᠣᠭᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠥᠷᠨᠢᠭᠦᠯᠵᠦ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ︾ ᠪᠠᠷ ᠭᠤᠤᠯ ᠰᠡᠳᠦᠪ ᠪᠣᠯᠭᠠᠭᠰᠠᠨ 2024 ᠣᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢ ᠤᠳᠠ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠠᠮᠲᠤᠷᠠᠨ ᠡᠷᠭᠢᠯᠡᠵᠦ᠂ ᠪᠥᠬᠦ ᠲᠣᠭᠤᠷᠢᠭ ᠤᠨ ᠡᠯ᠎ᠡ ᠪᠠᠶᠢᠭᠤᠯᠭ᠎ᠠ ᠨᠢᠭᠡᠴᠡ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠢᠷᠡᠭᠰᠡᠨ 60 ᠭᠠᠷᠤᠶ ᠲᠥᠯᠥᠭᠡᠯᠡᠭᠴᠢ ᠣᠷᠣᠯᠴᠠᠵᠠᠶ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠭᠤᠯᠭ᠎ᠠ ᠨᠢ ᠪᠠᠶᠠᠯᠢᠭ᠂ ᠬᠡᠯᠪᠡᠷᠢ ᠨᠢ ᠤᠯᠠᠨ ᠶᠠᠩᠵᠤ ᠶᠢᠨ ᠪᠠᠶᠢᠯ᠎ᠠ᠃ ᠡᠩ ᠲᠡᠷᠢᠭᠦᠨ ᠳᠤ᠂ ᠬᠤᠷᠠᠯ ᠳᠤ ᠣᠷᠣᠯᠴᠠᠭᠰᠠᠳ ᠬᠠᠮᠲᠤ ᠪᠠᠷ ᠤᠳᠠ ᠲᠣᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠷᠲᠤ ᠬᠤᠩᠭᠢᠯ ᠢ ᠲᠣᠭᠤᠷᠢᠨ ᠦᠵᠡᠵᠦ᠂ ᠤᠯᠠᠭᠠᠨ ᠪᠤᠷᠭᠠᠰᠤ ᠪᠢᠴᠢᠯ ᠬᠡᠯᠪᠡᠷᠢ ᠶᠢᠨ ᠬᠠᠮ ᠵᠠᠭᠤᠴᠢ ᠶᠢᠨ ᠥᠷᠲᠡᠭᠡ ᠶᠢᠨ ᠪᠢᠴᠢᠬᠠᠨ ᠰᠤᠷᠪᠤᠯᠵᠢᠯᠠᠭᠴᠢ ᠲᠠᠶᠢᠯᠪᠤᠷᠢᠯᠠᠭᠴᠢ ᠶᠢᠨ ᠲᠤᠰᠢᠶᠠᠯ ᠢ ᠡᠭᠦᠷᠭᠡᠯᠡᠵᠦ᠂ ᠮᠠᠨ ᠤ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠡᠦᠬᠡ ᠶᠢᠨ ᠤᠯᠠᠷᠢᠯ ᠬᠤᠪᠢᠰᠤᠯ ᠪᠠ ᠭᠡᠷᠡᠯ ᠰᠠᠴᠤᠷᠠᠩᠭᠤᠶ ᠠᠮᠵᠢᠯᠲᠠ ᠶᠢ ᠠᠮᠢᠳᠤᠯᠢᠭ ᠢᠶᠠᠷ ᠶᠠᠷᠢᠵᠤ᠂ ᠣᠯᠠᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠴᠦᠨ ᠤ ᠬᠦᠴᠦᠷᠬᠡᠭ ᠶᠡᠭᠡ ᠪᠠ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠠᠶ᠃ ᠵᠠᠯᠭᠠᠭᠠᠳ ᠤᠳᠠ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠴᠡᠷᠢᠭ ᠠᠴᠠ ᠬᠠᠯᠠᠭᠳᠠᠭᠰᠠᠳ ᠯᠢ ᠱᠤᠸᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠥᠪᠡᠷ ᠤᠨ ᠪᠡᠶ᠎ᠡ ᠶᠢᠨ ᠥᠩᠭᠡᠷᠡᠯᠲᠡ ᠪᠠ ᠲᠤᠰᠬᠠᠶ ᠮᠡᠷᠭᠡᠵᠢᠯ ᠤᠨ ᠮᠡᠳᠡᠯᠭᠡ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠣᠯᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠠ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠪᠡ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠪᠠᠰᠠ ᠳᠥᠷᠪᠡᠳᠦᠭᠡᠷ ᠳᠠᠪᠬᠤᠷ ᠲᠤ ᠪᠠᠶᠢᠭ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠡᠯᠪᠡᠭ ᠪᠠᠶᠠᠯᠢᠭ ᠵᠢᠷᠤᠭ ᠪᠢᠴᠢᠭ ᠮᠠᠲ᠋ᠧᠷᠢᠶᠠᠯ ᠪᠠ ᠪᠣᠳᠠᠲᠤ ᠪᠣᠳᠠᠰ ᠤᠨ ᠦᠵᠡᠭᠦᠯᠦᠯᠭᠡ ᠪᠠᠷ ᠳᠠᠮᠵᠢᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠶ ᠣᠶᠢᠯᠠᠭᠠᠯᠲᠠ ᠪᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃      ᠲᠣᠰ ᠤᠳᠠᠭᠠᠨ ᠤ ᠠᠵᠢᠯᠯᠠᠭ᠎ᠠ ᠶᠢ ᠡᠷᠬᠢᠯᠡᠭᠰᠡᠨ ᠨᠢ ᠨᠢᠭᠡ ᠤᠳᠠᠭᠠᠨ ᠤ ᠠᠮᠢᠳᠤᠯᠢᠭ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠢᠴᠢᠶᠡᠯ ᠪᠣᠯᠬᠤ ᠪᠠᠷ ᠪᠠᠷᠠᠬᠤ ᠥᠬᠡᠶ᠂ ᠨᠠᠩ ᠴᠤ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠦᠪᠡᠳᠡᠭᠰᠢ ᠬᠤᠷᠠᠯ ᠪᠣᠯᠤᠨ᠎ᠠ᠃ ᠢᠷᠡᠭᠡᠳᠦᠢ ᠳᠤ᠂ ᠤᠳᠠ ᠲᠣᠭᠤᠷᠢᠭ ᠦᠷᠭᠦᠯᠵᠢᠯᠡᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠪᠦᠬᠦ ᠨᠡᠶᠢᠭᠡᠮ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠬᠢᠵᠢᠭᠦᠯᠦᠨ᠎ᠡ᠃   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号