ᠤᠳᠠ ᠲᠣᠭᠤᠷᠢᠭ ᠪᠠᠯᠭᠠᠰᠤ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ︽ᠨᠠᠮ ᠤᠨ ᠪᠠᠶᠢᠭᠤᠯᠤᠯᠲᠠ ᠶᠢ ᠢᠯᠡ ᠨᠡᠶᠢᠲᠡᠯᠡᠵᠦ᠂ ᠬᠢᠷᠢ ᠪᠦᠲᠦᠮᠵᠢ ᠶᠢ ᠢᠯᠡ ᠨᠡᠶᠢᠲᠡᠯᠡᠬᠦ︾ ᠡᠨᠧᠷᠭᠢ ᠣᠯᠭᠤᠬᠤ ᠦᠷ᠎ᠡ ᠠᠰᠢᠭ ᠢ ᠨᠡᠮᠡᠭᠳᠡᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/25
      ︽ᠨᠠᠮ ᠤᠨ ᠪᠠᠶᠢᠭᠤᠯᠤᠯᠲᠠ ᠶᠢ ᠢᠯᠡ ᠪᠣᠯᠭᠠᠬᠤ᠂ ᠠᠮᠵᠢᠯᠲᠠ ᠪᠦᠲᠦᠮᠵᠢ ᠪᠠᠨ ᠢᠯᠡ ᠪᠣᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠵᠦ᠂ ᠣᠷᠳᠣ ᠬᠤᠭᠤᠴᠠᠭ᠎ᠠ ᠪᠠᠷ ᠦᠷ᠎ᠡ ᠪᠦᠲᠦᠮᠵᠢ ᠲᠠᠢ ᠪᠣᠯᠭᠠᠬᠤ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 23 ᠤ ᠡᠳᠦᠷ᠂ ᠤᠳᠠ ᠲᠣᠭᠤᠷᠢᠭ ᠪᠠᠯᠭᠠᠰᠤ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠡᠩᠨᠡᠭᠡ ᠶᠢᠨ ︽ᠨᠠᠮ ᠤᠨ ᠪᠠᠶᠢᠭᠤᠯᠤᠯᠲᠠ ᠶᠢ ᠢᠯᠡ ᠪᠣᠯᠭᠠᠬᠤ᠂ ᠠᠮᠵᠢᠯᠲᠠ ᠪᠦᠲᠦᠮᠵᠢ ᠪᠠᠨ ᠢᠯᠡ ᠪᠣᠯᠭᠠᠬᠤ︾ ᠡᠨᠧᠷᠭᠢ ᠣᠯᠭᠤᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠶ ᠶᠢᠨ ᠲᠠᠯᠠᠪᠤᠷ ᠲᠤ ᠲᠣᠭᠤᠷᠢᠨ ᠦᠵᠡᠵᠦ ᠬᠠᠷᠢᠯᠴᠠᠨ ᠦᠨᠡᠯᠡᠬᠦ ᠪᠠ ᠠᠵᠢᠯᠯᠠᠬᠤ ᠳᠤᠭᠤᠶᠢᠯᠠᠩ ᠤᠨ ᠳᠣᠷᠣᠭᠰᠢ ᠪᠠᠭᠤᠵᠤ ᠦᠨᠡᠯᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠯᠭᠠᠰᠤ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ ᠤ ︽ᠬᠤᠶᠠᠷ ᠢ ᠢᠯᠡ ᠪᠣᠯᠭᠠᠬᠤ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢᠬᠢ ︽ᠭᠤᠷᠪᠠᠨ ᠨᠢᠭᠡ︾ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠠᠵᠢᠯ ᠤᠨ ᠰᠡᠳᠬᠢᠴᠡ᠂ ᠠᠷᠭ᠎ᠠ ᠬᠡᠮᠵᠢᠶ᠎ᠡ᠂ ᠥᠪᠡᠷᠮᠢᠴᠡ ᠣᠨᠴᠠᠯᠢᠭ ᠲᠠᠢ ᠬᠢᠯᠠᠰ ᠴᠡᠭ᠂ ᠠᠷᠠᠳ ᠲᠦᠮᠡᠨ ᠳᠤ ᠦᠢᠯᠡᠴᠢᠯᠡᠵᠦ ᠪᠣᠳᠠᠲᠠᠶ ᠠᠵᠢᠯ ᠬᠢᠭᠰᠡᠨ ᠲᠤᠷᠰᠢᠯᠭ᠎ᠠ ᠪᠠ ᠠᠷᠭ᠎ᠠ ᠬᠢᠳᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠠᠷᠢᠴᠠᠯ ᠢᠶᠠᠷ ᠶᠠᠰᠤ ᠴᠢᠨᠠᠷ ᠢ ᠳᠡᠭᠡᠭᠰᠢᠯᠡᠭᠦᠯᠬᠦ᠂ ᠦᠨᠡᠯᠡᠬᠦ ᠪᠠᠷ ᠠᠵᠢᠯᠯᠠᠬᠤ ᠶᠢ ᠠᠬᠢᠭᠤᠯᠬᠤ ᠬᠠᠷᠠᠯᠲᠠ ᠳᠤ ᠬᠦᠷᠴᠡᠶ᠃
128.jpg     
      ᠰᠤᠬᠠᠶᠢᠲᠤ ᠵᠡᠭᠡᠯᠢ ᠭᠤᠳᠤᠮᠵᠢ ᠶᠢᠨ ᠬᠤᠸᠠᠩ ᠪᠠᠢ ᠽᠢ ᠨᠡᠶᠢᠭᠡᠮ ᠲᠣᠭᠤᠷᠢᠭ ᠲᠤ ᠲᠤᠬᠠᠢ ᠶᠢᠨ ᠭᠠᠵᠠᠷ ᠲᠤᠨᠢ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ︽ᠬᠤᠶᠠᠷ ᠢ ᠢᠯᠡ ᠪᠣᠯᠭᠠᠬᠤ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢᠬᠢ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠠᠵᠢᠯ ᠢ ᠵᠢᠯᠣᠭᠤᠳᠤᠨ ᠥᠷᠨᠢᠭᠦᠯᠵᠦ᠂ ︽ᠬᠤᠩᠭᠤᠷᠴᠠᠭᠲᠤ ᠰᠡᠭᠦᠳᠡᠷ ᠲᠠᠲᠠᠬᠤ︾ ᠠᠭᠤᠳᠠᠮ ᠲᠠᠯᠠᠪᠠᠢ ᠶᠢ ᠡᠭᠦᠳᠴᠦ᠂ ︽ᠤᠯᠠᠭᠠᠨ ᠪᠤᠷᠭᠠᠰᠤᠨ ᠰᠡᠳᠬᠢᠯᠭᠡ—ᠳᠤᠯᠠᠭᠠᠨ ᠬᠦᠷᠢᠶ᠎ᠡ ᠬᠠᠰᠢᠶ᠎ᠠ︾ ᠶᠢᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠦᠭᠰᠡᠨ ᠬᠠᠮᠢᠶ᠎ᠠ ᠪᠦᠬᠦᠢ ᠪᠠᠶᠢᠳᠠᠯ ᠢ ᠣᠶᠢᠯᠠᠭᠠᠪᠠ᠃
129.jpg     
      ᠰᠢᠨᠳᠠ ᠵᠡᠭᠡᠯᠢ ᠭᠤᠳᠤᠮᠵᠢ ᠶᠢᠨ ᠢ ᠵᠢᠩ ᠵᠢᠶᠠ ᠶᠤᠸᠠᠨ ᠨᠡᠶᠢᠭᠡᠮ ᠲᠣᠭᠤᠷᠢᠭ ᠲᠤ ᠲᠤᠬᠠᠢ ᠶᠢᠨ ᠭᠠᠵᠠᠷ ᠲᠤᠨᠢ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ︽ᠬᠤᠶᠠᠷ ᠢ ᠢᠯᠡ ᠪᠣᠯᠭᠠᠬᠤ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢᠬᠢ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠠᠵᠢᠯ ᠢ ᠵᠢᠯᠣᠭᠤᠳᠤᠨ ᠥᠷᠨᠢᠭᠦᠯᠵᠦ᠂ ᠠᠷᠠᠳ ᠤᠨ ᠰᠠᠨᠠᠭ᠎ᠠ ᠶᠢ ᠰᠣᠨᠣᠰᠴᠤ ᠠᠷᠠᠳ ᠤᠨ ᠵᠣᠪᠠᠨᠢᠯ ᠢ ᠰᠢᠢᠳᠪᠦᠷᠢᠯᠡᠵᠦ ᠨᠡᠶᠢᠭᠡᠮ ᠲᠣᠭᠤᠷᠢᠭ ᠤᠨ ᠵᠠᠰᠠᠯᠲᠠ ᠳᠤ ᠬᠥᠳᠡᠯᠭᠡᠬᠦ ᠬᠦᠴᠦᠨ ᠨᠡᠮᠡᠷᠢᠯᠡᠭᠰᠡᠨ ᠬᠠᠮᠢᠶ᠎ᠠ ᠪᠦᠬᠦᠢ ᠪᠠᠶᠢᠳᠠᠯ ᠢ ᠣᠶᠢᠯᠠᠭᠠᠪᠠ᠃      ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠨᠠᠮ ᠤᠨ ᠭᠡᠰᠢᠭᠦᠨ ᠺᠠᠲᠷᠴᠤᠳ ᠤᠨ ᠰᠠᠨᠠᠭᠠᠴᠢᠯᠠᠭ᠎ᠠ ᠠᠴᠠ ᠪᠠᠨ ᠠᠵᠢᠯ ᠬᠢᠬᠦ᠂ ᠲᠡᠷᠢᠭᠦᠨ ᠤ ᠬᠢ ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠬᠤ ᠢᠳᠡᠪᠬᠢᠵᠢᠯ ᠢ ᠬᠥᠭᠵᠢᠭᠡᠵᠦ᠂ ᠪᠠᠯᠭᠠᠰᠤ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠬᠤᠶᠠᠷ ᠴᠢᠳᠠᠮᠵᠢ︾ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ ᠶᠤᠮ᠃ ᠲᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ︽ᠬᠤᠶᠠᠷ ᠢ ᠢᠯᠡ ᠨᠡᠶᠢᠲᠡᠯᠡᠬᠦ︾ ᠠᠵᠢᠯᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠦᠨᠡᠨ ᠬᠦ ᠰᠠᠶᠢᠲᠤᠷ ᠵᠠᠮᠨᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠶ ᠪᠡᠶᠡᠯᠡᠭᠦᠯᠬᠦ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠤᠳᠠ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠠᠶᠠᠨ ᠵᠠᠮ ᠳᠤ ᠴᠢᠨᠠᠷ ᠰᠠᠶᠢᠲᠠᠶ ︽ᠵᠣᠬᠢᠶᠠᠨ ᠪᠠᠶᠢᠭᠤᠯᠤᠯᠲᠠ ᠶᠢᠨ ᠬᠠᠷᠢᠭᠤᠯᠲᠠ ᠶᠢᠨ ᠬᠠᠭᠤᠳᠠᠰᠤ︾ ᠶᠢ ᠪᠢᠴᠢᠭᠯᠡᠨ᠎ᠡ᠃   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号