ᠪᠠᠶᠠᠷ ᠤᠨ ᠮᠡᠳᠡᠭᠡ︕ ᠦᠬᠠᠶ ᠬᠤᠲᠠ ᠪᠥᠬᠦ ᠣᠷᠣᠨ ᠤ ᠦᠨᠳᠦᠰᠦᠨ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠢ ᠬᠦᠷᠲᠡᠪᠡ︕
ᠨᠡᠶᠢᠲᠡᠯᠡᠭᠰᠡᠨ ᠴᠠᠭ᠄
2024/9/27
      ᠪᠥᠬᠦ ᠣᠷᠣᠨ ᠤ ᠡᠯ᠎ᠡ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ 9 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠠᠴᠠ ᠭᠤᠤᠯᠯᠠᠨ ᠡᠷᠭᠢᠯᠡᠭᠰᠡᠨ ᠪᠥᠬᠦ ᠤᠯᠤᠰ ᠤᠨ ᠦᠨᠳᠦᠰᠦᠨ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠤᠨ ᠰᠢᠯᠭᠠᠷᠠᠭᠤᠯᠬᠤ ᠤᠷᠤᠯᠳᠤᠭᠠᠨ ᠬᠥᠬᠡᠬᠤᠲᠠ ᠳᠤ ᠡᠬᠢᠯᠡᠪᠡ᠃ ᠤᠳᠠ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ 3 ᠲᠠᠮᠢᠷᠴᠢᠨ ᠡᠮᠦᠨᠡᠬᠢ ᠬᠤᠭᠤᠴᠠᠭᠠᠨ ᠳᠤ ᠬᠤᠲᠠ ᠶᠢᠨ ᠳᠣᠲᠣᠷᠠᠬᠢ ᠰᠢᠯᠭᠠᠷᠠᠭᠤᠯᠬᠤ ᠤᠷᠤᠯᠳᠤᠭᠠᠨ ᠤ ᠳᠠᠷᠠᠭ᠎ᠠ ᠴᠣᠯᠭᠤᠷᠠᠨ ᠭᠠᠷᠴᠤ᠂ ᠦᠬᠠᠶ ᠬᠤᠲᠠ ᠶᠢ ᠲᠥᠯᠥᠭᠡᠯᠡᠨ ᠬᠥᠬᠡᠬᠤᠲᠠ ᠳᠤ ᠤᠷᠤᠯᠳᠤᠭᠠᠨ ᠳᠤ ᠣᠷᠣᠯᠴᠠᠪᠠ᠂ ᠡᠯ᠎ᠡ ᠠᠶᠢᠮᠠᠭ ᠬᠤᠲᠠ ᠶᠢᠨ ᠨᠡᠶᠢᠲᠡ 14 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠪᠠ᠃      ᠲᠤᠰ ᠤᠳᠠᠭᠠᠨ ᠤ ᠤᠷᠤᠯᠳᠤᠭᠠᠨ ᠨᠢ ︽ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯ ᠢᠶᠠᠷ ᠦᠢᠯᠡᠴᠢᠯᠡᠬᠦ ᠶᠢ ᠦᠢᠯᠡᠳᠦᠯᠭᠡᠵᠢᠭᠦᠯᠬᠦ︾ ᠪᠠᠷ ᠭᠤᠣᠯ ᠰᠡᠳᠦᠪ ᠪᠣᠯᠭᠠᠵᠤ᠂ ᠴᠤᠭ ᠵᠢᠪᠬᠤᠭ᠎ᠠ ᠶᠢ ᠳᠡᠯᠭᠡᠨ ᠦᠵᠡᠭᠦᠯᠬᠦ᠂ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ ᠪᠦᠯᠬᠦᠮ ᠨᠡᠶᠢᠲᠡ ᠶᠢᠨ ᠰᠡᠳᠦᠪ ᠬᠠᠷᠢᠭᠤᠯᠬᠤ᠂ ᠵᠠᠪᠳᠤᠨ ᠬᠠᠷᠢᠭᠤᠯᠬᠤ ᠰᠡᠳᠦᠪ᠂ ᠲᠦᠭᠰᠢᠭᠦᠷᠢ ᠶᠢᠨ ᠰᠡᠳᠦᠪ᠂ ᠨᠡᠮᠡᠵᠦ ᠤᠷᠤᠯᠳᠤᠬᠤ ᠰᠡᠳᠦᠪ ᠪᠠ ᠦᠢᠯᠡᠳᠦᠯᠴᠡᠬᠦ ᠰᠡᠳᠦᠪ ᠵᠡᠷᠭᠡ ᠲᠤᠯᠤᠭᠠᠨ ᠬᠡᠰᠡᠭ ᠢ ᠲᠤᠬᠢᠷᠠᠭᠤᠯᠵᠤ᠂ ᠠᠭᠤᠯᠭ᠎ᠠ ᠨᠢ ᠠᠵᠢᠯ ᠣᠯᠭᠤᠯᠲᠠ ᠦᠢᠯᠡᠰ ᠪᠤᠰᠬᠠᠬᠤ ᠶᠢ ᠲᠡᠳᠬᠦᠬᠦ᠂ ᠡᠷᠬᠢᠨ ᠦᠵᠡᠵᠦ ᠲᠣᠬᠤᠨᠢᠭᠤᠯᠬᠤ᠂ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠡᠷᠬᠡ ᠠᠰᠢᠭ ᠢ ᠬᠠᠮᠠᠭᠠᠯᠠᠬᠤ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠵᠡᠷᠭᠡ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠲᠠᠢ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ ᠬᠠᠮᠤᠷᠴᠤ᠂ ᠦᠨᠳᠦᠰᠦᠨ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠦᠷᠳᠡᠭᠡ︶ ᠤᠨ ᠠᠵᠢᠯᠳᠠᠨ ᠤ ᠤᠨᠤᠯ ᠤᠨ ᠮᠡᠳᠡᠯᠭᠡ ᠶᠢᠨ ᠨᠥᠭᠡᠴᠡ ᠪᠠ ᠦᠢᠯᠡᠳᠦᠯᠭᠡ ᠶᠢᠨ ᠬᠡᠷᠡᠭᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ᠂ ᠤᠯᠠᠨ ᠲᠠᠯ᠎ᠠ ᠠᠴᠠ ᠰᠢᠯᠭᠠᠨ ᠪᠠᠶᠢᠴᠠᠭᠠᠨ᠎ᠠ᠃ ᠤᠷᠤᠯᠳᠤᠭᠠᠨ ᠤ ᠳᠤᠮᠳᠠ᠂ ᠤᠷᠤᠯᠳᠤᠭᠠᠨ ᠳᠤ ᠣᠷᠣᠯᠴᠠᠭᠰᠠᠳ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠯᠠᠪᠳᠠᠭᠤᠨ ᠪᠠᠲᠤᠲᠠᠶ ᠪᠠᠶᠢᠯᠳᠤᠵᠤ᠂ ᠨᠠᠷᠢᠨ ᠬᠢᠨᠠᠮᠠᠭᠠᠶ ᠰᠡᠳᠬᠢᠵᠦ᠂ ᠪᠣᠯᠭᠤᠮᠵᠢᠲᠠᠶ ᠬᠠᠷᠢᠭᠤᠯᠵᠤ᠂ ᠯᠠᠪᠳᠠᠭᠤᠨ ᠪᠠᠲᠤᠲᠠᠶ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠰᠠᠶᠢᠨ ᠰᠠᠶᠢᠬᠠᠨ ᠪᠦᠯᠬᠦᠮ ᠤᠨ ᠳᠦᠷᠰᠦ ᠪᠠᠶᠢᠳᠠᠯ ᠢ ᠢᠯᠡᠷᠡᠭᠦᠯᠪᠡ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠡᠴᠦᠰ ᠲᠡᠭᠡᠨ ᠦᠬᠠᠢ ᠬᠤᠳᠠ ᠶᠢᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠲᠣᠰ ᠤᠳᠠᠭᠠᠨ ᠤ ᠤᠷᠤᠯᠳᠤᠭᠠᠨ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠤᠷᠤᠯᠳᠤᠭᠠᠨ ᠢᠶᠠᠷ ᠳᠡᠮᠵᠢᠨ᠂ ᠥᠪᠡᠷ ᠤᠨ ᠲᠤᠬᠠᠶᠢᠯᠠᠭᠰᠠᠨ ᠠᠵᠢᠯ ᠤᠨ ᠮᠡᠳᠡᠯᠭᠡ ᠪᠠᠨ ᠨᠠᠩ ᠯᠠᠪᠳᠠᠭᠤᠨ ᠪᠠᠲᠤᠲᠠᠶ ᠡᠵᠡᠮᠰᠢᠵᠦ᠂ ᠲᠥᠷᠥ ᠶᠢᠨ ᠪᠣᠳᠣᠯᠭ᠎ᠠ ᠶᠢᠨ ᠣᠶᠢᠯᠠᠭᠠᠯᠲᠠ ᠪᠠᠨ ᠨᠠᠩ ᠭᠦᠨᠵᠡᠭᠡᠶᠢᠷᠡᠭᠦᠯᠦᠨ᠂ ᠠᠵᠢᠯ ᠤᠨ ᠰᠡᠳᠬᠢᠴᠡ ᠪᠠᠨ ᠨᠠᠩ ᠲᠣᠳᠣᠷᠬᠠᠶ ᠪᠣᠯᠭᠠᠨ᠎ᠠ ᠭᠡᠵᠡᠶ᠃ ᠬᠤᠶᠢᠰᠢᠳᠠ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠷ ᠴᠡᠷᠢᠭ ᠠᠴᠠ ᠬᠠᠯᠠᠭᠳᠠᠭᠰᠠᠳ ᠲᠤ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠪᠣᠯᠤᠨ᠎ᠠ᠃ ᠴᠡᠷᠢᠭ ᠠᠴᠠ ᠬᠠᠯᠠᠭᠳᠠᠭᠰᠠᠳ ᠢ ᠦᠨᠡᠨ ᠬᠦ ᠰᠠᠶᠢᠲᠤᠷ ᠬᠦᠯᠢᠶᠡᠨ ᠠᠪᠴᠤ ᠲᠥᠪᠬᠢᠨᠡᠭᠦᠯᠵᠦ᠂ ᠰᠠᠶᠢᠲᠤᠷ ᠦᠢᠯᠡᠴᠢᠯᠡᠵᠦ᠂ ᠰᠠᠶᠢᠲᠤᠷ ᠬᠥᠮᠦᠵᠢᠭᠦᠯᠦᠨ ᠬᠠᠮᠢᠶᠠᠷᠴᠤ᠂ ᠰᠠᠶᠢᠲᠤᠷ ᠦᠢᠯᠡᠳᠦᠯ ᠢ ᠨᠢ ᠰᠠᠶᠢᠲᠤᠷ ᠪᠠᠳᠠᠷᠠᠭᠤᠯᠵᠤ᠂ ᠡᠷᠬᠡ ᠠᠰᠢᠭ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠴᠡᠷᠢᠭ ᠠᠴᠠ ᠬᠠᠯᠠᠭᠳᠠᠭᠰᠠᠳ ᠢ ᠪᠦᠬᠦ ᠨᠡᠶᠢᠭᠡᠮ ᠢᠶᠠᠷ ᠢᠶᠠᠨ ᠬᠦᠨᠳᠦᠳᠭᠡᠬᠦ ᠠᠵᠢᠯ ᠪᠤᠯᠭᠠᠵᠤ᠂ ᠴᠡᠷᠢᠭ ᠠᠴᠠ ᠬᠠᠯᠠᠭᠳᠠᠭᠰᠠᠳ ᠢ ᠪᠦᠬᠦ ᠨᠡᠶᠢᠭᠡᠮ ᠢᠶᠠᠷ ᠢᠶᠠᠨ ᠬᠦᠨᠳᠦᠳᠭᠡᠬᠦ ᠬᠦᠮᠦᠨ ᠪᠤᠯᠭᠠᠬᠤ ᠪᠠᠷ ᠴᠢᠷᠮᠠᠶᠢᠬᠤ ᠬᠡᠷᠡᠭᠲᠡᠢ ᠭᠡᠵᠠᠢ᠃
274.jpg     
      ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠣᠰ ᠤᠳᠠᠭᠠᠨ ᠤ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠡᠯ᠎ᠡ ᠱᠠᠲᠤᠨ ᠤ ᠦᠢᠯᠡᠴᠢᠯᠡᠭᠡᠨ ᠤ ᠲᠥᠪ ︵ᠥᠷᠲᠡᠭᠡ︶ ᠤᠨ ᠠᠵᠢᠯᠲᠠᠨ ᠤ ᠰᠤᠷᠤᠯᠴᠠᠯᠭ᠎ᠠ ᠪᠣᠯᠪᠠᠰᠤᠷᠠᠭᠤᠯᠤᠯ ᠪᠠ ᠮᠡᠷᠭᠡᠵᠢᠯ ᠤᠨ ᠪᠣᠯᠪᠠᠰᠤᠷᠠᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠯᠠᠪᠳᠠᠭᠤᠨ ᠪᠠᠲᠤᠲᠠᠶ ᠲᠤᠬᠠᠶᠢᠯᠠᠭᠰᠠᠨ ᠠᠵᠢᠯ ᠤᠨ ᠴᠢᠳᠠᠪᠤᠷᠢ᠂ ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ ᠣᠪᠣᠷ ᠢᠶᠠᠷ ᠮᠠᠨ ᠤ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃   
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号