ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠣᠯ ᠵᠠᠰᠠᠭ ᠤᠨ ᠣᠷᠳᠣᠨ ᠤ | ᠠᠵᠢᠯ ᠤᠨ ᠰᠠᠯᠠᠭ᠎ᠠ ᠮᠥᠴᠢᠷ ᠪᠣᠯᠤᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠪᠦᠬᠦ | ᠲᠣᠭᠤᠷᠢᠭ ᠤᠨ ᠠᠵᠢᠯ ᠤᠨ ᠪᠠᠶᠢᠳᠠᠯ ᠢ ᠣᠶᠢᠯᠭᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ | ᠮᠥᠴᠢᠷ᠂ ᠨᠢᠭᠡᠴᠡ ᠶᠢᠨ ᠬᠤᠭᠤᠷᠣᠨᠳᠣᠬᠢ ᠮᠠᠷᠭᠤᠯᠳᠤᠭᠠᠨ ᠲᠠᠢ ᠴᠢᠬᠤᠯᠠ ᠠᠰᠠᠭᠤᠳᠠᠯ ᠢ ᠪᠠᠶᠢᠴᠠᠭᠠᠨ ᠰᠤᠳᠤᠯᠬᠤ ᠪᠠ | ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ | ︵ᠬᠤᠶᠠᠷ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠪᠰᠤᠷᠤᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠲᠤᠭᠤᠷᠪᠢᠨ ᠪᠢᠴᠢᠬᠦ ᠪᠤᠶᠤ ᠬᠢᠨᠠᠨ ᠬᠠᠷᠭᠤᠭᠤᠯᠤᠨ᠎ᠠ᠃ ᠵᠠᠰᠠᠭ ᠤᠨ | ᠣᠷᠳᠣᠨ ᠤ ᠠᠵᠢᠯ ᠤᠨ ᠢᠯᠡᠳᠬᠡᠯ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ | ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ | ︵ᠭᠤᠷᠪᠠ︶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ | ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ | ᠶᠠᠪᠤᠳᠠᠯ ᠤᠨ ᠠᠵᠢᠯ ᠢ ᠬᠠᠷᠢᠭᠤᠴᠠᠵᠤ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ | ᠨᠥᠬᠦᠳ ᠢ ᠬᠠᠪᠰᠤᠷᠤᠨ ᠬᠤᠷᠠᠯ ᠤᠨ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠲᠦᠷᠪᠡ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ | ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠨᠠᠯ ᠪᠠ ᠰᠠᠨᠠᠭᠤᠯᠭ᠎ᠠ ᠳᠤᠷᠠᠳᠴᠤ᠂ | ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠠᠵᠢᠯ ᠢ | ᠵᠢᠯᠣᠭᠤᠳᠬᠤ ᠳᠤ ᠦᠨᠳᠦᠰᠦ ᠪᠠᠷᠢᠮᠲᠠ ᠬᠠᠩᠭᠠᠨ᠎ᠠ᠃ | ︵ᠲᠠᠪᠤ︶ ᠤᠯᠠᠭᠠᠨᠨᠠᠭᠤᠷ ᠪᠠᠯᠭᠠᠰᠤ᠂ ᠡᠯ᠎ᠡ ᠬᠡᠷᠡᠭ ᠡᠷᠬᠢᠯᠡᠬᠦ ᠭᠠᠵᠠᠷ ᠪᠣᠯᠤᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ | ᠵᠢᠭᠠᠪᠤᠷᠢ ᠠᠪᠬᠤ ᠵᠦᠢᠯᠡᠰ ᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠰᠢᠢᠳᠪᠦᠷᠢᠯᠡᠬᠦ ᠰᠠᠨᠠᠯ ᠳᠤᠷᠠᠳᠴᠤ᠂ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ | ᠵᠥᠪᠰᠢᠶᠡᠷᠡᠭᠦᠯᠦᠨ᠎ᠡ᠃ | ︵ᠵᠢᠷᠭᠤᠭ᠎ᠠ︶ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ ᠵᠠᠰᠠᠭ ᠤᠨ ᠤᠷᠳᠤᠨ ᠤ ᠠᠯᠪᠠᠨ | ᠭᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠭᠦᠢᠴᠡᠳᠭᠡᠬᠦ ᠠᠵᠢᠯ ᠢ ᠬᠠᠷᠢᠭᠤᠴᠠᠨ᠎ᠠ᠃ | ︵ᠳᠤᠯᠤᠭ᠎ᠠ︶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠲᠥᠷᠥ ᠶᠢᠨ | ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠪᠣᠯᠤᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ | ᠤᠴᠢᠷ ᠶᠠᠪᠤᠳᠠᠯ ᠵᠢᠴᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ | ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠶ ᠳᠤᠨᠢ ᠮᠡᠳᠡᠭᠦᠯᠬᠦ | ᠬᠡᠷᠡᠭᠲᠡᠶ᠃ | ︵ᠨᠠᠢᠮᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ | ᠵᠡᠷᠭᠡ ᠠᠵᠢᠯ ᠢ ᠬᠠᠷᠢᠭᠤᠴᠠᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃ | ︵ᠶᠢᠰᠦ︶ ᠠᠵᠤ ᠠᠬᠤᠶ ᠠᠮᠢ ᠠᠬᠤᠶ ᠶᠢᠨ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢᠨ ᠴᠢᠬᠤᠯᠠ ᠶᠡᠭᠡ | ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ | ᠲᠤᠭᠤᠷᠢᠭ ᠤᠨ ᠠᠵᠤ ᠠᠬᠤᠶ ᠶᠢᠨ ᠠᠮᠢ ᠠᠬᠤᠶ ᠶᠢᠨ ᠣᠷᠣᠨ ᠪᠦᠰᠡ ᠶᠢᠨ ᠥᠭᠡᠷᠡᠴᠢᠯᠡᠯᠲᠡ ᠶᠢᠨ ᠬᠠᠮᠢᠶ᠎ᠠ ᠪᠥᠬᠦᠶ | ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠲᠤᠭᠤᠷᠢᠭ ᠤᠨ ᠠᠵᠤ ᠠᠬᠤᠶ ᠶᠢᠨ ᠠᠮᠢ | ᠠᠬᠤᠶ ᠶᠢᠨ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ᠂ ᠦᠨᠡᠯᠡᠨ | ᠵᠢᠱᠢᠬᠦ ᠪᠠ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ | ︵ᠠᠷᠪᠠ︶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠡᠷᠦᠩᠬᠡᠶ ᠥᠷᠲᠡᠭ ᠤᠨ ᠠᠩᠭᠢ ᠶᠢᠨ | ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠲᠤᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠰᠢᠮᠳᠠᠭᠤᠯᠤᠨ | ᠨᠠᠶᠢᠳᠠᠪᠤᠷᠢᠵᠢᠭᠤᠯᠤᠨ᠎ᠠ᠃ | ︵ᠠᠷᠪᠠᠨ ᠨᠢᠭᠡ︶ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠠᠵᠢᠯ ᠤᠨ | ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢ ᠨᠢᠭᠡᠳᠦᠯᠲᠡᠶ ᠬᠠᠮᠢᠶᠠᠷᠬᠤ ᠪᠠ ᠵᠣᠬᠢᠴᠠᠭᠤᠯᠤᠨ᠎ᠠ᠃ | ︵ᠠᠷᠪᠠᠨ ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ | ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃ | ︵ᠠᠷᠪᠠᠨ ᠳᠥᠷᠪᠡᠳᠦᠭᠡᠷ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠢ ᠪᠣᠯᠭᠠᠬᠤ ᠶᠢ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯ ᠤᠨ | ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠬᠤᠷᠠᠯ ᠡᠷᠬᠢᠯᠡᠬᠦ᠂ | ᠱᠠᠯᠠᠪᠳᠠᠭᠤᠯᠤᠨ ᠪᠠᠶᠢᠴᠠᠭᠠᠬᠤ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ | ᠲᠤᠤᠱᠯᠠᠭᠤᠯᠤᠨ᠎ᠠ᠃ | ︵ᠠᠷᠪᠠᠨ ᠲᠠᠪᠤ︶ ᠲᠤᠭᠤᠷᠢᠭ ᠤᠨ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ︵ᠨᠢᠭᠡ︶ ᠵᠠᠰᠠᠭ ᠤᠨ ᠣᠷᠳᠣᠨ ᠤ ᠠᠯᠪᠠᠨ ᠭᠡᠷ ᠤᠨ ᠳᠣᠣᠷ᠎ᠠ ᠬᠤᠶᠠᠳᠤᠭᠠᠷ ᠳᠡᠰ ᠤᠨ ᠠᠵᠢᠯ ᠦᠢᠯᠡᠰ ᠤᠨ | ᠨᠢᠭᠡᠴᠢ 1 ᠲᠣᠬᠢᠷᠠᠭᠤᠯᠪᠠ᠄ ᠵᠠᠰᠠᠭ ᠤᠨ ᠣᠷᠳᠣᠨ ᠤ ᠬᠥᠭᠵᠢᠯᠲᠡ ᠶᠢᠨ ᠰᠤᠳᠤᠯᠭᠠᠨ ᠤ ᠲᠥᠪ᠃ | ︵ᠬᠤᠶᠠᠷ︶ ᠤᠳᠠ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠲᠤ ᠲᠤᠳᠤᠭᠠᠳᠤ ᠪᠠᠶᠢᠭᠤᠯᠤᠮᠵᠢ | ᠦᠭᠡᠢ᠃ | ᠭᠤᠷᠪᠠ᠂ ᠠᠵᠢᠯᠲᠠᠨ ᠤ ᠣᠷᠣᠨ ᠲᠤᠭ᠎ᠠ | ︵ᠨᠢᠭᠡ︶ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠵᠠᠬᠢᠷᠭᠠᠨ ᠤ | ᠣᠷᠣᠨ ᠲᠤᠭ᠎ᠠ 16᠂ ᠦᠢᠯᠡᠴᠢᠯᠡᠭᠡᠨ ᠤ ᠣᠷᠣᠨ ᠲᠤᠭ᠎ᠠ 3᠂ ᠡᠷᠭᠢᠯᠡᠭᠴᠢ 1᠂ ᠳᠡᠳ᠋ ᠡᠷᠭᠢᠯᠡᠭᠴᠢ 4 ᠪᠠᠶᠢᠨ᠎ᠠ᠃ | ︵ᠬᠤᠶᠠᠷ︶ ᠵᠠᠰᠠᠭ ᠤᠨ ᠣᠷᠳᠣᠨ ᠤ ᠬᠥᠭᠵᠢᠯᠲᠡ ᠶᠢᠨ ᠰᠣᠳᠤᠯᠭᠠᠨ ᠤ ᠲᠥᠪ ᠤᠨ ᠠᠵᠢᠯ ᠦᠢᠯᠡᠰ ᠤᠨ | ᠣᠷᠤᠨ ᠲᠤᠭ᠎ᠠ 26᠃ | ᠬᠠᠶ᠋ᠢᠭ᠄ ᠦᠬᠠᠶ ᠬᠤᠲᠠ ᠶᠢᠨ ᠤᠳᠠ ᠲᠣᠭᠤᠷᠢᠭ ᠤᠨ ᠵᠠᠰᠠᠭ ᠵᠠᠬᠢᠷᠭᠠᠨ ᠤ ᠲᠣᠮᠣ ᠠᠰᠠᠷ 6 ᠳ᠋ᠤᠭᠠᠷ ᠠᠰᠠᠷ | ᠰᠢᠦᠳᠠᠨ ᠨᠣᠮᠧᠷ᠄ 016040 | ᠠᠯᠪᠠᠯᠠᠬᠤ ᠴᠠᠭ᠄ ᠦᠳᠡ ᠶᠢᠨ ᠡᠮᠦᠨ᠎ᠡ 9᠄ 00 - 12᠄ 00 ᠦᠳᠡ ᠶᠢᠨ ᠬᠤᠶᠢᠨ᠎ᠠ 15᠄ | 00-1800 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠳᠡᠯ᠎ᠡ᠂ ᠬᠠᠤᠯᠢ ᠪᠠᠷ ᠲᠤᠭᠳᠠᠭᠠᠭᠰᠠᠨ ᠪᠠᠶᠠᠷ | ᠲᠤᠷᠠᠰᠬᠠᠯ ᠠᠮᠠᠷᠠᠯᠳᠠ ᠶᠢᠨ ᠡᠳᠦᠷ ᠠᠴᠠ ᠭᠠᠳᠠᠨ᠎ᠠ︶ | ᠬᠠᠷᠢᠯᠴᠠᠬᠤ ᠠᠷᠭ᠎ᠠ ᠬᠡᠯᠪᠡᠷᠢ᠄ 0473-3666789 | ᠬᠠᠷᠢᠭᠤᠴᠠᠯᠭᠠᠲᠠᠨ ᠤ ᠣᠪᠣᠭ ᠨᠡᠷ᠎ᠡ᠄ ᠢᠦᠢ ᠵᠢᠶᠧ | ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠬᠠᠷᠢᠶ᠎ᠠ ᠠᠵᠢᠯ ᠥᠢᠯᠡᠰ ᠤᠨ | ᠨᠢᠭᠡᠴᠢ | ︵ᠨᠢᠭᠡ︶ ᠵᠠᠰᠠᠭ ᠤᠨ ᠤᠷᠳᠤᠨ ᠤ ᠬᠦᠭᠵᠢᠯᠲᠡ ᠶᠢᠨ ᠰᠤᠳᠤᠯᠭᠠᠨ ᠤ ᠲᠦᠪ | 1. ᠪᠦᠬᠦ ᠲᠤᠭᠤᠷᠢᠭ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠳᠠᠬᠢ ᠪᠦᠬᠦ ᠲᠠᠯ᠎ᠠ ᠶᠢᠨ | ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠤᠷᠲᠤ ᠬᠤᠭᠤᠴᠠᠭᠠᠨ ᠤ ᠴᠢᠨᠠᠷᠲᠠᠶ | ᠠᠰᠠᠭᠤᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ | ᠠᠰᠠᠭᠤᠳᠠᠯ ᠳᠤ ᠪᠣᠯᠤᠮᠵᠢᠲᠤ ᠰᠤᠳᠤᠯᠤᠯ ᠪᠠ ᠨᠤᠲᠠᠯᠠᠯᠲᠠ ᠬᠢᠵᠦ᠂ ᠠᠷᠭᠠᠴᠠᠬᠤ ᠪᠣᠳᠣᠯᠭ᠎ᠠ ᠪᠠ ᠰᠠᠨᠠᠭᠤᠯᠭ᠎ᠠ | ᠳᠤᠷᠠᠳᠤᠨ᠎ᠠ᠃ | 2. ᠴᠢᠬᠤᠯᠠ ᠶᠡᠭᠡ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠵᠤ᠂ ᠠᠵᠤ ᠠᠬᠤᠶ ᠪᠣᠯᠤᠨ | ᠨᠡᠶᠢᠭᠡᠮ ᠤᠨ ᠬᠥᠭᠵᠢᠯᠲᠡ ᠶᠢᠨ ᠮᠡᠳᠡᠭᠡ ᠵᠠᠩᠭᠢ ᠶᠢ ᠴᠤᠭᠯᠠᠭᠤᠯᠤᠨ᠂ ᠬᠤᠯᠪᠣᠭᠳᠠᠯ ᠪᠦᠬᠦᠢ ᠬᠥᠳᠡᠯᠦᠯ ᠪᠠᠶᠢᠳᠠᠯ ᠢ | ᠡᠵᠡᠮᠰᠢᠵᠦ᠂ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠵᠠᠳᠠᠯᠤᠨ ᠲᠥᠰᠦᠭᠡᠯᠡᠵᠦ᠂ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠳᠡᠭᠡ ᠵᠠᠩᠭᠢ ᠪᠣᠯᠤᠨ ᠦᠨᠳᠦᠰᠦᠯᠡᠯ ᠬᠠᠩᠭᠠᠬᠤ ᠬᠡᠷᠡᠭᠲᠡᠶ᠃ | 3. ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠪᠠ ᠲᠤᠭᠤᠷᠢᠭ ᠤᠨ ᠵᠠᠰᠠᠭ ᠤᠨ | ᠣᠷᠳᠣᠨ ᠤ ᠤᠳᠤᠷᠢᠳᠬᠤ ᠨᠥᠬᠦᠳ ᠤᠨ ᠶᠡᠷᠦᠩᠬᠡᠶᠢᠯᠡᠭᠰᠡᠨ ᠴᠢᠨᠠᠷᠲᠠᠶ ᠬᠤᠷᠠᠯ᠂ ᠪᠢᠴᠢᠭ ᠮᠠᠲ᠋ᠧᠷᠢᠶᠠᠯ᠂ ᠲᠣᠮᠣ | ᠬᠡᠯᠪᠡᠷᠢ ᠶᠢᠨ ᠠᠵᠢᠯᠯᠠᠭ᠎ᠠ ᠶᠢᠨ ᠴᠢᠬᠤᠯᠠ ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ | 4. ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ᠂ ᠲᠣᠭᠤᠷᠢᠭ ᠤᠨ ᠵᠠᠰᠠᠭ ᠵᠠᠬᠢᠷᠭᠠᠨ ᠤ | ᠲᠥᠪ ᠤᠨ ᠬᠡᠰᠡᠭ ᠭᠠᠵᠠᠷ ᠤᠨ ᠰᠦᠯᠵᠢᠶ᠎ᠡ᠂ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ OA | ᠬᠠᠮᠵᠢᠯᠴᠠᠨ ᠠᠵᠢᠯᠯᠠᠬᠤ ᠰᠢᠰᠲ᠋ᠧᠮ ᠵᠡᠷᠭᠡ ᠶᠢᠨ ᠠᠵᠢᠯᠯᠠᠭᠠᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ | 5. ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠬᠠᠶ᠋ᠢᠭ᠄ ᠦᠬᠠᠶ ᠬᠤᠲᠠ ᠶᠢᠨ ᠤᠳᠠ ᠲᠣᠭᠤᠷᠢᠭ ᠤᠨ ᠵᠠᠰᠠᠭ ᠵᠠᠬᠢᠷᠭᠠᠨ ᠤ ᠲᠣᠮᠣ ᠠᠰᠠᠷ 6 ᠳ᠋ᠤᠭᠠᠷ ᠠᠰᠠᠷ | ᠰᠢᠦᠳᠠᠨ ᠨᠣᠮᠧᠷ᠄ 016040 | ᠠᠯᠪᠠᠯᠠᠬᠤ ᠴᠠᠭ᠄ ᠦᠳᠡ ᠶᠢᠨ ᠡᠮᠦᠨ᠎ᠡ 9᠄ 00 - 12᠄ 00 ᠦᠳᠡ ᠶᠢᠨ ᠬᠤᠶᠢᠨ᠎ᠠ 15᠄ | 00-1800 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠳᠡᠯ᠎ᠡ᠂ ᠬᠠᠤᠯᠢ ᠪᠠᠷ ᠲᠤᠭᠳᠠᠭᠠᠭᠰᠠᠨ ᠪᠠᠶᠠᠷ | ᠲᠤᠷᠠᠰᠬᠠᠯ ᠠᠮᠠᠷᠠᠯᠳᠠ ᠶᠢᠨ ᠡᠳᠦᠷ ᠠᠴᠠ ᠭᠠᠳᠠᠨ᠎ᠠ︶ | ᠬᠠᠷᠢᠯᠴᠠᠬᠤ ᠠᠷᠭ᠎ᠠ᠄ 3666727 | ᠬᠠᠷᠢᠭᠤᠴᠠᠯᠭᠠᠲᠠᠨ ᠤ ᠣᠪᠣᠭ ᠨᠡᠷ᠎ᠡ᠄ ᠵᠣᠣ ᠶᠠᠩ |