ᠪᠠᠶᠢᠭᠤᠯᠤᠮᠵᠢ ᠶᠢᠨ ᠡᠭᠦᠷᠭᠡ ᠴᠢᠳᠠᠪᠤᠷᠢ | ᠨᠢᠭᠡᠳᠦᠭᠡᠷ ᠵᠦᠢᠯ᠄ ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ | ᠠᠵᠢᠯᠲᠠᠨ ᠤ ᠣᠷᠣᠨ ᠲᠤᠭ᠎ᠠ ᠶᠢ ᠵᠢᠷᠤᠮᠵᠢᠭᠤᠯᠵᠤ᠂ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ ᠤᠨ ᠬᠡᠪᠴᠢᠶ᠎ᠡ᠂ | ᠳᠡᠰ ᠳᠠᠷᠠᠭᠠᠯᠠᠯ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ ᠠᠬᠢᠭᠤᠯᠬᠤ ᠶᠢᠨ ᠲᠤᠰᠠᠳᠠ᠂ ᠦᠬᠠᠶ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠤᠳᠠ ᠲᠣᠭᠤᠷᠢᠭ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠠ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠳᠠᠷᠤᠮᠠᠯᠯᠠᠨ ᠲᠠᠷᠬᠠᠭᠠᠭᠰᠠᠨ ︽ᠤᠳᠠ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ᠄ ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠪᠣᠯ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠲᠠᠰ᠂ ᠨᠡᠮᠡᠵᠦ ᠡᠯᠭᠦᠭᠰᠡᠨ ᠤᠳᠠ ᠲᠣᠭᠤᠷᠢᠭ ᠤᠨ ᠵᠠᠮ | ᠬᠠᠷᠢᠯᠴᠠᠭᠠᠨ ᠤ ᠲᠣᠪᠴᠢᠶ᠎ᠠ ᠶᠢᠨ ᠫᠠᠶᠢᠰᠠ ᠶᠢ ᠨᠡᠮᠡᠨ᠎ᠡ᠃ | ᠭᠤᠷᠪᠠᠳᠤᠭᠠᠷ ᠵᠦᠢᠯ᠄ ᠲᠣᠰ ᠲᠣᠭᠲᠠᠭᠠᠯ ᠳᠤ ᠲᠣᠭᠲᠠᠭᠠᠭᠰᠠᠨ ᠭᠤᠤᠯ ᠡᠭᠦᠷᠭᠡ ᠬᠠᠷᠢᠭᠤᠴᠠᠯᠭ᠎ᠠ᠂ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠣᠷᠣᠨ ᠲᠤᠭ᠎ᠠ ᠵᠡᠷᠭᠡ ᠪᠣᠯ ᠤᠳᠠ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠪᠠᠶᠢᠭᠤᠯᠤᠮᠵᠢ ᠶᠢᠨ ᠡᠭᠦᠷᠭᠡ | ᠬᠠᠷᠢᠭᠤᠴᠠᠯᠭ᠎ᠠ ᠡᠷᠬᠡ ᠮᠡᠳᠡᠯ᠂ ᠠᠵᠢᠯᠲᠠᠨ ᠤ ᠲᠣᠬᠢᠷᠠᠭᠤᠯᠤᠯᠲᠠ ᠪᠠ ᠠᠵᠢᠯ ᠤᠨ ᠠᠵᠢᠯᠯᠠᠭᠠᠨ ᠤ ᠦᠨᠳᠦᠰᠦᠨ | ᠦᠨᠳᠦᠰᠦᠯᠡᠯ ᠪᠣᠯᠤᠨ᠎ᠠ᠃ | ᠳᠥᠷᠪᠡᠳᠦᠭᠡᠷ ᠵᠦᠢᠯ᠄ ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠬᠢᠭᠡᠳ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ᠂ ᠦᠬᠠᠶ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠪᠠ ᠤᠳᠠ | ᠲᠣᠭᠤᠷᠢᠭ ᠤᠨ ᠨᠠᠮ ᠤᠨ ᠬᠤᠷᠢᠶᠠᠨ ᠤ ᠪᠣᠳᠠᠲᠠᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ | ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ | ᠬᠡᠷᠡᠭ ᠤᠨ ᠳᠤᠮᠳᠠ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠦᠢᠯᠡᠳᠦᠯ ᠢ ᠰᠠᠶᠢᠲᠤᠷ ᠪᠡᠶᠡᠯᠡᠭᠦᠯᠦᠨ᠎ᠡ᠃ | ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ᠂ ᠣᠷᠣᠨ ᠰᠠᠭᠤᠴᠠ ᠶᠢᠨ ᠪᠠᠲᠤᠯᠠᠭ᠎ᠠ ᠪᠠ ᠭᠡᠷ ᠪᠠᠶᠢᠰᠢᠩ ᠭᠠᠵᠠᠷ ᠬᠦᠷᠦᠩᠭᠡ ᠶᠢᠨ ᠬᠢᠨᠠᠯᠲᠠ | ᠬᠠᠮᠢᠶᠠᠷᠤᠯᠲᠠ᠂ ᠪᠠᠷᠢᠯᠭ᠎ᠠ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠪᠠ ᠬᠥᠭᠵᠢᠯᠲᠡ᠂ ᠠᠳᠠᠯ ᠠᠬᠤᠢ ᠶᠢᠨ | ᠬᠠᠮᠢᠶᠠᠷᠤᠯᠲᠠ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ | ᠲᠤᠤᠱᠯᠠᠭᠤᠯᠤᠨ᠎ᠠ᠃ | ︵ᠬᠤᠶᠠᠷ︶ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠵᠤ᠂ ᠪᠦᠬᠦ | ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ | ᠠᠰᠠᠭᠤᠳᠠᠯ ᠤᠨ ᠰᠠᠨᠠᠭᠤᠯᠭ᠎ᠠ ᠶᠢ ᠳᠤᠷᠠᠳᠤᠨ᠎ᠠ᠃ ᠪᠦᠬᠦ ᠲᠤᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ | ︵ᠭᠤᠷᠪᠠ︶ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠯᠠᠨ | ᠭᠤᠤᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ | ᠠᠪᠬᠤ ᠶᠢ ᠵᠡᠷᠭᠡ ᠳᠤᠨᠢ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠤᠨ᠎ᠠ᠃ ᠬᠤᠲᠠ ᠪᠠᠯᠭᠠᠰᠤᠨ ᠤ | ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠡᠭᠦᠷᠭᠡᠯᠡᠵᠦ᠂ ᠬᠤᠲᠠ ᠪᠠᠯᠭᠠᠰᠤᠨ ᠤ ᠣᠷᠣᠨ ᠰᠠᠭᠤᠴᠠ ᠶᠢᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠲᠤᠭᠤᠷᠢᠭ ᠤᠨ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠶᠢᠨ ᠠᠵᠢᠯ ᠢ ᠬᠠᠷᠢᠭᠤᠴᠠᠵᠤ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠳᠥᠭᠦᠮ | ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠬᠠᠮᠢᠶ᠎ᠠ | ᠪᠦᠬᠦᠢ ᠲᠤᠭ᠎ᠠ ᠪᠠᠷᠢᠮᠲᠠ ᠶᠢ ᠪᠦᠷᠢᠳᠬᠡᠨ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠪᠦᠬᠦ ᠲᠤᠭᠤᠷᠢᠭ ᠤᠨ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠲᠥᠯᠥᠪᠯᠡᠭᠡ ᠶᠢ | ᠲᠤᠭᠤᠷᠪᠢᠨ ᠲᠣᠭᠲᠠᠭᠠᠨ᠎ᠠ᠃ ᠤᠳᠠ ᠲᠣᠭᠤᠷᠢᠭ ᠤᠨ ᠣᠷᠣᠨ ᠰᠠᠭᠤᠴᠠ ᠶᠢᠨ ᠥᠭᠡᠷᠡᠴᠢᠯᠡᠯᠲᠡ ᠪᠠ ᠬᠥᠭᠵᠢᠯᠲᠡ ᠶᠢᠨ | ᠴᠢᠬᠤᠯᠠ ᠶᠡᠭᠡ ᠠᠰᠠᠭᠤᠳᠠᠯ ᠢ ᠰᠤᠳᠤᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ︵ᠲᠦᠷᠪᠡ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠡᠷ | ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠲᠣᠬᠢᠷᠠᠭᠤᠯᠤᠯ ᠡᠵᠡᠮᠳᠡᠯ ᠤᠨ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠤᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠬᠠᠮᠢᠶᠠᠷᠤᠯᠲᠠ᠂ ᠭᠡᠷ ᠪᠠᠶᠢᠰᠢᠩ | ᠲᠦᠷᠢᠶᠡᠰᠦᠯᠡᠬᠦ᠂ ᠭᠡᠷ ᠪᠠᠶᠢᠰᠢᠩ ᠤᠨ ᠲᠠᠯᠠᠪᠠᠶ ᠶᠢᠨ ᠬᠠᠮᠢᠶᠠᠷᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ | ᠪᠠᠷᠤᠭᠯᠠᠭᠰᠠᠨ ᠦᠨ᠎ᠡ ᠬᠢᠭᠡᠳ ᠠᠵᠤ ᠠᠬᠤᠶ ᠶᠢᠨ ᠬᠠᠮᠢᠶᠠᠷᠤᠯᠲᠠ᠂ ᠠᠳᠠᠯ ᠠᠬᠤᠶ ᠶᠢᠨ ᠬᠠᠮᠢᠶᠠᠷᠤᠯᠲᠠ᠂ ᠭᠡᠷ | ᠪᠠᠶᠢᠰᠢᠩ ᠲᠠᠲᠠᠪᠤᠷᠢᠯᠠᠬᠤ᠂ ᠭᠡᠷ ᠪᠠᠶᠢᠰᠢᠩ ᠠᠷᠠᠯᠵᠢᠶᠠᠯᠠᠬᠤ᠂ ᠭᠡᠷ ᠪᠠᠶᠢᠰᠢᠩ ᠵᠠᠭᠤᠴᠢᠯᠠᠬᠤ ᠳᠦᠷᠢᠮ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠵᠦ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠠᠵᠢᠯ ᠢ ᠵᠣᠬᠢᠴᠠᠭᠤᠯᠵᠤ᠂ ᠭᠡᠷ | ᠪᠠᠶᠢᠰᠢᠩ ᠳᠠᠩᠰᠠᠯᠠᠬᠤ ᠠᠵᠢᠯ ᠢ ᠬᠠᠮᠵᠢᠯᠴᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ᠂ ᠭᠡᠷ | ᠪᠠᠶᠢᠰᠢᠩ ᠢ ᠤᠷᠢᠳᠴᠢᠯᠠᠨ ᠪᠣᠷᠣᠯᠠᠭᠤᠯᠤᠨ ᠬᠤᠳᠠᠯᠳᠤᠬᠤ᠂ ᠠᠰᠠᠷ ᠤᠨ ᠬᠦᠰᠦᠨᠦᠭᠲᠦ ᠶᠢ ᠪᠠᠶᠢᠭᠤᠯᠬᠤ᠂ ᠭᠡᠷ ᠪᠠᠶᠢᠰᠢᠩ | ᠬᠤᠳᠠᠯᠳᠤᠨ ᠠᠪᠬᠤ ᠬᠢᠷᠢ ᠭᠡᠮ ᠢ ᠬᠢᠨᠠᠨ ᠬᠠᠷᠭᠤᠭᠤᠯᠬᠤ᠂ ᠭᠡᠷ ᠪᠠᠶᠢᠰᠢᠩ ᠤᠨ ᠢᠷᠡᠯᠲᠡ ᠶᠢ ᠰᠢᠯᠭᠠᠨ ᠬᠢᠨᠠᠬᠤ᠂ ᠭᠡᠷ | ᠪᠠᠶᠢᠰᠢᠩ ᠠᠷᠠᠯᠵᠢᠶᠠᠯᠠᠬᠤ ᠭᠡᠷ᠎ᠡ ᠶᠢ ᠰᠦᠯᠵᠢᠶᠡᠨ ᠳᠡᠭᠡᠷ᠎ᠡ ᠳᠠᠩᠰᠠᠯᠠᠭᠤᠯᠬᠤ᠂ ᠭᠡᠷ ᠪᠠᠶᠢᠰᠢᠩ ᠠᠷᠠᠯᠵᠢᠶᠠᠯᠠᠬᠤ ᠪᠡᠯᠡ | ᠮᠥᠩᠭᠦ ᠶᠢ ᠬᠢᠨᠠᠨ ᠬᠠᠮᠢᠶᠠᠷᠬᠤ ᠵᠢᠴᠢ ᠭᠡᠷ ᠪᠠᠶᠢᠰᠢᠩ ᠪᠠᠷᠢᠴᠠᠭᠠᠯᠠᠬᠤ ᠵᠡᠷᠭᠡ ᠲᠣᠭᠲᠠᠭᠠᠯ ᠢ ᠲᠤᠤᠱᠯᠠᠭᠤᠯᠤᠨ | ᠬᠡᠷᠡᠭᠵᠢᠭᠦᠯᠦᠨ᠎ᠡ᠃ ᠪᠦᠬᠦ ᠲᠤᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠮᠡᠳᠡᠭᠡ | ᠵᠠᠩᠭᠢ ᠶᠢᠨ ᠰᠢᠰᠲ᠋ᠧᠮ ᠢ ᠬᠠᠮᠢᠶᠠᠷᠴᠤ᠂ ᠬᠤᠪᠢ ᠬᠥᠮᠦᠨ ᠤ ᠣᠷᠣᠨ ᠰᠠᠭᠤᠴᠠ ᠶᠢᠨ ᠮᠡᠳᠡᠭᠡ ᠵᠠᠩᠭᠢ ᠶᠢᠨ ᠰᠢᠰᠲ᠋ᠧᠮ ᠢ | ᠵᠣᠬᠢᠴᠠᠭᠤᠯᠤᠨ ᠬᠠᠮᠠᠭᠠᠯᠠᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠵᠦ᠂ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢ | ᠲᠤᠰᠢᠶᠠᠨ ᠬᠠᠳᠠᠭᠠᠯᠠᠬᠤ᠂ ᠬᠠᠮᠢᠶᠠᠷᠬᠤ ᠪᠠ ᠬᠡᠷᠡᠭᠯᠡᠬᠦ ᠶᠢ ᠵᠢᠯᠣᠭᠤᠳᠤᠨ᠎ᠠ᠃ | ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠬᠤ ᠪᠠᠷᠢᠮᠵᠢᠶ᠎ᠠ ᠪᠣᠯᠤᠨ ᠬᠤᠯᠪᠣᠭᠳᠠᠯ ᠪᠦᠬᠦᠢ | ᠠᠵᠢᠯ ᠲᠥᠷᠥᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠣᠯᠤᠮᠵᠢᠲᠤ ᠰᠤᠳᠤᠯᠤᠯ ᠢ ᠦᠨᠡᠯᠡᠬᠦ ᠠᠷᠭ᠎ᠠ᠂ ᠠᠵᠤ ᠠᠬᠤᠶ ᠶᠢᠨ ᠪᠣᠯᠵᠣᠯᠲᠤ ᠲᠤᠭ᠎ᠠ᠂ ᠪᠦᠲᠦᠭᠡᠨ | ᠪᠠᠶᠢᠭᠤᠯᠬᠤ ᠪᠠᠷᠢᠮᠵᠢᠶ᠎ᠠ ᠪᠣᠯᠤᠨ ᠪᠠᠷᠢᠯᠭ᠎ᠠ ᠶᠢᠨ ᠪᠠᠶᠢᠭᠤᠯᠬᠤ ᠦᠨ᠎ᠡ ᠶᠢᠨ ᠬᠠᠮᠢᠶᠠᠷᠤᠯᠲᠠ ᠶᠢᠨ ᠳᠦᠷᠢᠮ ᠢ | ᠲᠤᠤᠱᠯᠠᠭᠤᠯᠤᠨ ᠬᠡᠷᠡᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ︵ᠴᠢᠮᠡᠭᠡ ᠬᠤᠯᠪᠣᠭᠠᠨ ᠤ | ᠪᠡᠯᠡᠳᠬᠡᠮᠵᠢ ᠪᠠᠭᠲᠠᠬᠤ ᠦᠭᠡᠶ︶ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ | ︵ᠵᠢᠷᠭᠤᠭ᠎ᠠ︶ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠦᠢᠯᠡ ᠠᠵᠢᠯᠯᠠᠭ᠎ᠠ ᠶᠢ ᠵᠢᠷᠦᠮᠵᠢᠭᠤᠯᠤᠨ᠎ᠠ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ | ᠵᠢᠷᠤᠭᠯᠠᠨ ᠲᠥᠯᠥᠪᠯᠡᠬᠦ ᠦᠢᠯᠡᠰ᠂ ᠪᠠᠷᠢᠯᠭ᠎ᠠ ᠶᠢᠨ ᠬᠢᠨᠠᠨ ᠬᠠᠮᠢᠶᠠᠷᠬᠤ ᠵᠥᠪᠯᠡᠯᠭᠡ ᠥᠭᠬᠦ ᠦᠢᠯᠡᠰ ᠤᠨ ᠠᠵᠢᠯ | ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠵᠤ | ᠠᠬᠤᠶᠢᠯᠠᠯ᠂ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ᠂ ᠭᠡᠷ ᠳᠣᠲᠣᠷᠠᠬᠢ ᠵᠠᠰᠠᠯ ᠴᠢᠮᠡᠭᠯᠡᠯ ᠤᠨ ᠠᠵᠤ ᠠᠬᠤᠶᠢᠯᠠᠯ᠂ ᠬᠠᠶᠢᠨ ᠪᠠᠶᠢᠴᠠᠭᠠᠬᠤ ᠵᠢᠷᠤᠭ | ᠲᠥᠯᠥᠪᠯᠡᠭᠡ ᠶᠢᠨ ᠯᠠᠪᠯᠠᠯᠭ᠎ᠠ ᠥᠭᠬᠦ ᠨᠢᠭᠡᠴᠢ᠂ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ ᠨᠢᠭᠡᠴᠢ ᠳᠤ | ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠠᠷᠢᠯᠭ᠎ᠠ ᠶᠢᠨ | ᠵᠣᠭᠤᠰ᠂ ᠪᠠᠷᠢᠯᠭ᠎ᠠ ᠶᠢᠨ ᠦᠨᠡᠨ ᠨᠡᠷ᠎ᠡ ᠶᠢᠨ ᠲᠦᠷᠢᠮ ᠵᠢᠴᠢ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ | ᠪᠠᠶᠢᠭ᠎ᠠ ᠠᠵᠢᠯ ᠢ ᠲᠦᠷᠦᠭᠦᠯᠡᠨ ᠰᠢᠮᠳᠠᠭᠤᠯᠤᠨ ᠪᠠᠶᠢᠴᠠᠭᠠᠵᠤ ᠴᠡᠭᠴᠡᠯᠡᠨ᠎ᠡ᠃ ᠭᠡᠷ ᠳᠣᠲᠣᠷᠠᠬᠢ ᠵᠠᠰᠠᠯ ᠴᠢᠮᠡᠭᠯᠡᠯ ᠤᠨ | ᠦᠢᠯᠡᠰ ᠢ ᠬᠠᠮᠢᠶᠠᠷᠴᠤ ᠵᠢᠯᠣᠭᠤᠳᠤᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ | ᠭᠠᠳᠠᠭᠰᠢ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠤᠷᠰᠢᠯᠴᠠᠭ᠎ᠠ ᠳᠤ | ᠣᠷᠤᠯᠴᠠᠭᠤᠯᠤᠨ᠎ᠠ᠃ | ︵ᠲᠤᠯᠤᠭ᠎ᠠ︶ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠡᠭᠦᠷᠭᠡᠯᠡᠨ᠎ᠡ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠵᠢᠯ ᠤᠨ ᠠᠶᠤᠯ ᠦᠭᠡᠶ ᠦᠢᠯᠡᠳᠪᠦᠷᠢᠯᠡᠯ | ᠪᠣᠯᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠭᠤᠯᠬᠤ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠦᠨ᠎ᠡ᠃ ᠠᠭᠤᠷᠬᠠᠶ ᠪᠠ ᠦᠢᠯᠡᠳᠪᠦᠷᠢ ᠶᠢᠨ ᠦᠢᠯᠡᠳᠪᠦᠷᠢᠯᠡᠯ ᠤᠨ ᠪᠡᠯᠡᠳᠬᠡᠮᠵᠢ᠂ | ᠲᠥᠬᠦᠭᠡᠷᠦᠮᠵᠢ ᠶᠢᠨ ᠪᠠᠷᠢᠯᠭ᠎ᠠ ᠪᠠ ᠤᠭᠰᠠᠷᠠᠯᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠭᠠᠷᠭᠠᠪᠠᠯ᠂ | ᠡᠯ᠎ᠡ ᠲᠥᠷᠥᠯ ᠤᠨ ᠪᠠᠷᠢᠯᠭ᠎ᠠ ᠵᠢᠴᠢ ᠲᠡᠭᠦᠨ ᠤ ᠳᠠᠭᠠᠯᠲᠠ ᠪᠡᠯᠡᠳᠬᠡᠮᠵᠢ ︵ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠪᠠᠶᠢᠭᠤᠯᠵᠤ ᠪᠠᠶᠢᠭ᠎ᠠ ᠲᠥᠷᠥᠯ ᠵᠦᠢᠯ ᠢ ᠪᠠᠭᠲᠠᠭᠠᠭᠰᠠᠨ ᠦᠢᠯᠡᠳᠪᠦᠷᠢ ᠶᠢᠨ ᠪᠠᠶᠢᠰᠢᠩ ᠤᠨ ᠬᠥᠮᠥᠷᠭᠡ᠂ | ᠠᠯᠪᠠᠨ ᠠᠰᠠᠷ ᠵᠡᠷᠭᠡ ᠶᠢ ᠬᠠᠷᠢᠭᠤᠴᠠᠨ᠎ᠠ︶᠃ ᠪᠠᠶᠢᠭᠤᠯᠬᠤ ᠪᠠ ᠲᠡᠭᠦᠨ ᠯᠦᠭᠡ ᠢᠵᠢ ᠪᠦᠷᠢᠳᠦᠭᠦᠯᠦᠭᠰᠡᠨ ᠴᠠᠬᠢᠯᠭᠠᠨ᠂ | ᠴᠢᠮᠡᠭᠡ ᠬᠤᠯᠪᠣᠭ᠎ᠠ᠂ ᠨᠡᠭᠦᠷᠡᠰᠦᠨ ᠬᠡᠢ᠂ ᠤᠰᠤ ᠬᠠᠩᠭᠠᠵᠤ ᠤᠰᠤ ᠵᠠᠯᠠᠬᠤ᠂ ᠠᠭᠠᠷ ᠢ ᠲᠣᠬᠢᠷᠠᠭᠤᠯᠬᠤ᠂ ᠴᠠᠬᠢᠯᠭᠠᠨ | ᠱᠠᠲᠤ᠂ ᠭᠠᠯ ᠤᠨᠲᠠᠷᠠᠭᠠᠬᠤ ᠵᠡᠷᠭᠡ ᠬᠡᠯᠬᠢᠶ᠎ᠡ ᠶᠢᠨ ᠬᠤᠭᠤᠯᠠᠶ ᠶᠢ ᠤᠭᠰᠠᠷᠠᠬᠤ ᠠᠶᠤᠯ ᠦᠭᠡᠶ ᠶᠢᠨ ᠬᠢᠨᠠᠯᠲᠠ | ᠬᠠᠮᠢᠶᠠᠷᠤᠯᠲᠠ ᠭᠡᠷ ᠪᠠᠶᠢᠰᠢᠩ ᠪᠣᠯᠤᠨ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠤ | ᠬᠦᠨᠳᠦ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠵᠢᠯᠣᠭᠤᠳᠤᠨ᠎ᠠ᠃ | ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠢ ᠰᠡᠷᠭᠡᠶᠢᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ ᠭᠠᠯ | ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ | ᠠᠪᠬᠤ ᠵᠢᠴᠢ ᠳᠠᠩᠰᠠᠯᠠᠭᠤᠯᠬᠤ ᠪᠠ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯ ᠢ ᠵᠢᠯᠣᠭᠤᠳᠤᠨ᠎ᠠ᠃ | ︵ᠨᠠᠢᠮᠠ︶ ᠬᠤᠲᠠ ᠶᠢᠨ ᠬᠠᠶᠢᠨ ᠪᠠᠶᠢᠴᠠᠭᠠᠯᠲᠠ᠂ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠬᠡᠮᠵᠢᠯᠲᠡ ᠪᠠ | ᠬᠤᠲᠠ ᠶᠢᠨ ᠱᠤᠭᠤᠮᠠᠯ ᠠᠵᠢᠯ ᠢ ᠵᠢᠯᠣᠭᠤᠳᠤᠨ᠎ᠠ᠃ ᠬᠤᠲᠠ ᠶᠢᠨ ᠰᠡᠯᠪᠢᠨ ᠵᠠᠰᠠᠬᠤ ᠪᠠ ᠠᠮᠢ ᠠᠬᠤᠶ ᠶᠢ ᠰᠡᠷᠭᠦᠭᠡᠬᠦ | ᠲᠥᠷᠥ ᠶᠢᠨ ᠪᠣᠳᠣᠯᠭ᠎ᠠ ᠪᠠ ᠳᠦᠷᠢᠮ ᠢ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠢ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠶᠢᠨ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶ | ᠢ ᠬᠠᠷᠢᠭᠤᠴᠠᠨ᠎ᠠ᠃ ᠬᠠᠮᠠᠭᠠᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠶᠢᠰᠦ︶ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠳᠦᠷᠢᠮ ᠢ ᠳᠣᠭᠤᠭᠰᠢᠯᠠᠭᠤᠯᠤᠨ ᠬᠡᠷᠡᠭᠵᠢᠭᠦᠯᠦᠨ᠎ᠡ᠃ ᠬᠤᠲᠠ ᠶᠢᠨ | ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠣᠨ ᠤ | ᠲᠥᠯᠥᠪᠯᠡᠭᠡ ᠶᠢ ᠲᠤᠭᠤᠷᠪᠢᠨ ᠲᠣᠭᠲᠠᠭᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠢᠰᠲ᠋ᠧᠮ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠤᠲᠠ ᠶᠢᠨ ᠵᠠᠮ ᠬᠥᠭᠦᠷᠭᠡ᠂ ᠬᠠᠮ ᠨᠦᠬᠡᠨ ᠬᠤᠩᠭᠢᠯ᠂ ᠬᠤᠲᠠ ᠶᠢᠨ ᠲᠡᠮᠦᠷ ᠵᠠᠮ ᠤᠨ ᠵᠠᠮ ᠬᠠᠷᠢᠯᠴᠠᠭᠠᠨ ᠤ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠬᠠᠷᠢᠭᠤᠴᠠᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠮᠵᠢᠨ ᠥᠷᠨᠢᠭᠦᠯᠦᠨ᠎ᠡ᠃ | ︵ᠠᠷᠪᠠ︶ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠠᠭ᠎ᠠ | ᠬᠤᠲᠠ ᠪᠠᠯᠭᠠᠰᠤ ᠪᠣᠯᠤᠨ ᠠᠶᠢᠯ ᠲᠣᠰᠬᠤᠨ ᠢ ᠪᠦᠲᠦᠭᠡᠨ ᠪᠠᠶᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠡᠷᠡᠲᠦ ᠪᠠᠯᠭᠠᠰᠤ ︵ᠲᠣᠰᠬᠤᠨ︶ ᠬᠠᠮᠠᠭᠠᠯᠠᠬᠤ ᠪᠠ ᠬᠢᠨᠠᠨ | ᠬᠠᠮᠢᠶᠠᠷᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠪᠥᠬᠦ ᠲᠤᠭᠤᠷᠢᠭ ᠤᠨ ᠲᠠᠷᠢᠶᠠᠯᠠᠬᠤ ᠣᠷᠣᠨ ᠤ ᠣᠷᠣᠨ | ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠠᠵᠢᠯ ᠢ ᠡᠭᠦᠷᠭᠡᠯᠡᠨ᠎ᠡ᠃ ᠪᠦᠬᠦ ᠲᠤᠭᠤᠷᠢᠭ ᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠣᠯᠤᠨ ᠤᠯᠠᠮᠵᠢᠯᠠᠯᠲᠤ | ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠥᠭᠵᠢᠭᠦᠯᠬᠦ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠬᠤᠲᠠ ᠪᠠᠯᠭᠠᠰᠤ ᠶᠢᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠬᠠᠷᠢᠭᠤᠴᠠᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ᠂ | ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠤᠬᠢᠷᠳᠦᠯ | ᠦᠭᠡᠢ ᠪᠠᠷᠢᠯᠭ᠎ᠠ᠂ ᠣᠠᠠᠰᠠᠷᠡᠮᠡᠯ ᠮᠠᠶ᠋ᠢᠭ ᠤᠨ ᠪᠠᠷᠢᠯᠭ᠎ᠠ ᠶᠢᠨ ᠬᠦᠭᠵᠢᠯᠳᠡ ᠶᠢᠨ ᠳᠥᠷᠢᠮ ᠢ ᠭᠡᠷᠡᠭᠵᠢᠬᠦᠯᠥᠨ᠎ᠠ᠃ | ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠪᠣᠬᠢᠷᠲᠤᠯ ᠦᠭᠡᠶ ᠪᠠᠷᠢᠯᠭ᠎ᠠ ᠶᠢᠨ | ᠬᠥᠭᠵᠢᠯᠲᠡ ᠶᠢ ᠬᠠᠷᠢᠭᠤᠴᠠᠬᠤ ᠶᠢᠨ ᠬᠠᠮᠲᠤ ᠦᠨᠡᠯᠡᠬᠦ ᠲᠡᠮᠳᠡᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠰᠤᠯᠠ ᠪᠠᠷ ᠰᠠᠪᠠᠯᠠᠬᠤ ᠱᠦᠢᠨᠢ ᠶᠢᠨ ᠠᠵᠤ ᠦᠢᠯᠡᠰ ᠪᠣᠯᠤᠨ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠤᠨ | ᠬᠥᠭᠵᠢᠯᠲᠡ ᠶᠢᠨ ᠠᠵᠢᠯ ᠢ ᠬᠠᠷᠢᠭᠤᠴᠠᠨ᠎ᠠ᠃ ᠴᠢᠬᠤᠯᠠ ᠶᠡᠭᠡ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ᠂ | ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠳᠡᠯᠭᠡᠷᠡᠭᠦᠯᠬᠦ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠠᠷᠪᠠᠨ ᠬᠤᠶᠠᠷ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠬᠦᠷᠢᠶᠡᠨ ᠳᠠᠬᠢ ᠬᠡᠷᠡᠭ ᠢ ᠬᠠᠮᠵᠢᠯᠴᠠᠨ ᠪᠠᠶᠢᠴᠠᠭᠠᠨ ᠰᠢᠢᠳᠪᠦᠷᠢᠯᠡᠨ᠎ᠡ᠃ | ︵ᠠᠷᠪᠠᠨ ᠭᠤᠷᠪᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠵᠤ᠂ ᠭᠠᠳᠠᠭᠠᠳᠤ ᠰᠣᠯᠢᠯᠴᠠᠭ᠎ᠠ ᠪᠠ | ᠬᠠᠮᠲᠤᠷᠠᠯᠴᠠᠭ᠎ᠠ ᠥᠷᠨᠢᠭᠦᠯᠦᠨ᠎ᠡ᠃ | ︵ᠠᠷᠪᠠᠨ ᠳᠥᠷᠪᠡᠳᠦᠭᠡᠷ︶ ᠤᠳᠠ ᠲᠤᠭᠤᠷᠢᠭ ᠤᠨ ᠰᠢᠶᠠᠨ᠂ ᠰᠢᠶᠠᠩ᠂ ᠲᠤᠰᠬᠤᠨ ᠤ ᠲᠡᠰ ᠤᠨ ᠵᠠᠰᠠᠮᠠᠯ | ᠵᠠᠮ ᠤᠨ ᠲᠤᠤᠷ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠳᠠᠭᠠᠬᠤ ᠪᠠ ᠬᠡᠷᠡᠭᠵᠢᠭᠦᠯᠬᠦ ᠶᠢ ᠬᠠᠷᠢᠭᠤᠴᠠᠨ᠎ᠠ᠃ | ︵ᠠᠷᠪᠠᠨ ᠲᠠᠪᠤ︶ ᠦᠬᠠᠶ ᠬᠤᠲᠠ ᠶᠢᠨ ᠡᠷᠬᠡ ᠮᠡᠳᠡᠯ ᠤᠨ ᠬᠡᠪᠴᠢᠶᠡᠨ ᠳᠠᠬᠢ ᠲᠡᠮᠦᠷ ᠵᠠᠮ ᠤᠨ ᠬᠠᠮᠢᠶ᠎ᠠ ᠪᠦᠬᠦᠢ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠳᠠ | ᠲᠣᠭᠤᠷᠢᠭ ᠤᠨ ᠲᠡᠮᠦᠷ ᠵᠠᠮ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠬᠤᠯᠪᠣᠭᠳᠠᠯ ᠪᠦᠬᠦᠢ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ | ᠳᠤᠷᠠᠳᠤᠨ᠎ᠠ᠃ | ︵ᠠᠷᠪᠠᠨ ᠵᠢᠷᠭᠤᠭ᠎ᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ | ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃ | ︵ᠠᠷᠪᠠᠨ ᠳᠣᠯᠤᠭ᠎ᠠ︶ ᠤᠳᠠ ᠲᠣᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠣᠷᠣᠨ ᠲᠤᠭ᠎ᠠ | ᠲᠠᠪᠤᠳᠤᠭᠠᠷ ᠵᠦᠢᠯ᠄ ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠲᠣᠰ ᠲᠣᠭᠲᠠᠭᠠᠯ ᠤᠨ ᠳᠥᠷᠪᠡᠳᠦᠭᠡᠷ ᠵᠦᠢᠯ ᠳᠤ ᠲᠣᠳᠣᠷᠬᠠᠶᠢᠯᠠᠭᠰᠠᠨ ᠭᠤᠤᠯ | ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ | ᠵᠣᠬᠢᠶᠠᠵᠤ᠂ ᠡᠷᠬᠡ ᠬᠠᠷᠢᠭᠤᠴᠠᠯᠭ᠎ᠠ ᠶᠢᠨ ᠨᠡᠷᠡᠶᠢᠳᠦᠯ᠂ ᠡᠷᠬᠡ ᠬᠠᠷᠢᠭᠤᠴᠠᠯᠭ᠎ᠠ ᠶᠢᠨ ᠲᠥᠷᠥᠯ ᠬᠡᠯᠪᠡᠷᠢ᠂ ᠲᠣᠭᠲᠠᠭᠠᠭᠰᠠᠨ | ᠦᠨᠳᠦᠰᠦᠯᠡᠯ᠂ ᠬᠠᠷᠢᠭᠤᠴᠠᠯᠭ᠎ᠠ ᠪᠠᠨ ᠭᠦᠢᠴᠡᠳᠭᠡᠬᠦ ᠠᠷᠭ᠎ᠠ ᠮᠠᠶ᠋ᠢᠭ᠂ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠡᠷᠭᠡ ᠶᠢ | ᠵᠦᠢᠯ ᠳᠠᠷᠠᠭᠠᠯᠠᠨ ᠲᠣᠳᠣᠷᠬᠠᠶᠢᠯᠠᠨ᠎ᠠ᠃ ᠡᠨᠡᠬᠦ ᠰᠠᠭᠤᠷᠢᠨ ᠳᠡᠭᠡᠷ᠎ᠡ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠣᠯᠤᠨ | ᠠᠵᠢᠯᠯᠠᠭᠠᠨ ᠤ ᠴᠤᠪᠤᠷᠠᠯ ᠤᠨ ᠵᠢᠷᠤᠭ ᠵᠡᠷᠭᠡ ᠶᠢ ᠲᠣᠭᠲᠠᠭᠠᠵᠤ᠂ ᠵᠠᠰᠠᠭ ᠵᠠᠬᠢᠷᠭᠠᠨ ᠤ ᠳᠡᠰ ᠳᠠᠷᠠᠭᠠᠯᠠᠯ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠤᠨ᠎ᠠ᠃ | ᠵᠢᠷᠭᠤᠳᠤᠭᠠᠷ ᠵᠦᠢᠯ᠄ ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 5 ᠨᠡᠷᠡᠰ ᠪᠣᠯᠤᠨ᠎ᠠ᠃ | ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 3 ᠲᠤᠬᠢᠷᠠᠭᠤᠯᠤᠨ᠎ᠠ᠃ | ᠳᠣᠯᠣᠳᠤᠭᠠᠷ ᠵᠦᠢᠯ᠄ ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ | ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃ | ᠨᠠᠢᠮᠠᠳᠤᠭᠠᠷ ᠵᠦᠢᠯ᠄ ᠲᠤᠰ ᠲᠣᠭᠲᠠᠭᠠᠯ ᠤᠨ ᠲᠠᠶᠢᠯᠪᠤᠷᠢᠯᠠᠯᠲᠠ ᠶᠢ ᠭᠦᠢᠴᠡᠳᠭᠡᠬᠦ ᠠᠵᠢᠯ ᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠠ ᠲᠣᠭᠤᠷᠢᠭ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ | ᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠣᠬᠢᠷᠠᠭᠤᠯᠤᠯᠲᠠ ᠬᠢᠬᠦ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠠ ᠲᠣᠭᠤᠷᠢᠭ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ | ᠲᠣᠭᠲᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃ | ᠶᠢᠰᠦᠳᠦᠭᠡᠷ ᠵᠦᠢᠯ᠄ ᠲᠣᠰ ᠲᠣᠭᠲᠠᠭᠠᠯ ᠢ 2024 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠬᠠᠶ᠋ᠢᠭ᠄ ᠥᠪᠥᠷ ᠮᠣᠩᠭᠤᠯ ᠤᠨ ᠦᠬᠠᠶ ᠬᠤᠲᠠ ᠶᠢᠨ ᠤᠳᠠ ᠲᠣᠭᠤᠷᠢᠭ ᠤᠨ ᠱᠧᠩ ᠯᠢ ᠵᠡᠭᠦᠨ ᠵᠡᠭᠡᠯᠢ ᠶᠢᠨ | ᠬᠤᠶᠢᠲᠤ ᠲᠠᠯ᠎ᠠ ᠶᠢᠨ ᠵᠠᠰᠠᠭ ᠤᠨ ᠣᠷᠳᠣᠨ ᠤ ᠲᠣᠮᠣ ᠠᠰᠠᠷ 517 | ᠰᠢᠦᠳᠠᠨ ᠨᠣᠮᠧᠷ᠄ 016040 | ᠠᠯᠪᠠᠯᠠᠬᠤ ᠴᠠᠭ᠄ ᠦᠳᠡ ᠶᠢᠨ ᠡᠮᠦᠨ᠎ᠡ 09᠄ 00-12᠄ 00 ᠦᠳᠡ ᠶᠢᠨ ᠬᠤᠶᠢᠨ᠎ᠠ 15᠄ | 00-1800 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠳᠡᠯ᠎ᠡ᠂ ᠬᠠᠤᠯᠢ ᠳᠤ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠯᠴᠠᠬᠤ ᠠᠷᠭ᠎ᠠ᠄ 0473 - 3666115 | ᠬᠠᠷᠢᠭᠤᠴᠠᠯᠭᠠᠲᠠᠨ ᠤ ᠣᠪᠣᠭ ᠨᠡᠷ᠎ᠡ᠄ ᠯᠢᠦ ᠴᠦᠨ ᠱᠧᠩ | ᠦᠬᠠᠶ ᠬᠤᠲᠠ ᠶᠢᠨ ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠳᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ | ︵ᠨᠢᠭᠡ︶ ᠦᠬᠠᠢ ᠬᠤᠳᠠ ᠶᠢᠨ ᠤᠳᠠ ᠲᠤᠭᠤᠷᠢᠭ ᠤᠨ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠮᠤᠷ | ᠲᠦᠪᠰᠢᠨ ᠤ ᠦᠷᠲᠡᠭᠡ | ᠦᠬᠠᠶ ᠬᠤᠲᠠ ᠶᠢᠨ ᠤᠳᠠ ᠲᠣᠭᠤᠷᠢᠭ ᠤᠨ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠮᠤᠷ | ᠲᠦᠪᠰᠢᠨ ᠤ ᠥᠷᠲᠡᠭᠡ ᠪᠣᠯ ᠦᠬᠠᠶ ᠬᠤᠲᠠ ᠶᠢᠨ ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠶ᠎ᠠ ᠰᠲ᠋ᠣᠺ ᠤᠨ ᠲᠠᠰ ᠤᠨ ᠨᠡᠶᠢᠲᠡ ᠶᠢᠨ | ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃ | 1. ᠭᠤᠣᠯ ᠡᠭᠦᠷᠭᠡ ᠬᠠᠷᠢᠭᠤᠴᠠᠯᠭ᠎ᠠ | ︵1︶ ᠪᠦᠬᠦ ᠲᠤᠭᠤᠷᠢᠭ ᠤᠨ ᠭᠡᠷ ᠪᠠᠶᠢᠰᠢᠩ ᠤᠨ ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠪᠠᠷᠢᠯᠭ᠎ᠠ᠂ ᠭᠡᠷ | ᠳᠣᠲᠣᠷᠠᠬᠢ ᠵᠠᠰᠠᠯ ᠴᠢᠮᠡᠭᠯᠡᠯ ᠤᠨ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠶ ᠳᠤ ᠬᠢᠨᠠᠯᠲᠠ ᠲᠠᠯᠪᠢᠵᠤ | ᠪᠠᠶᠢᠴᠠᠭᠠᠬᠤ ᠵᠡᠷᠭᠡ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ | ︵2︶ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶᠠᠨ ᠤ ᠨᠠᠶᠢᠳᠠᠯᠭ᠎ᠠ ᠪᠠᠷ ᠬᠡᠷ ᠪᠠᠶᠢᠰᠢᠩ ᠤᠨ ᠪᠠᠷᠢᠯᠭ᠎ᠠ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠪᠠ | ᠴᠢᠮᠡᠭᠯᠡᠨ ᠵᠠᠰᠠᠬᠤ ᠪᠠᠷᠢᠯᠭ᠎ᠠ ᠶᠢᠨ ᠶᠠᠰᠤ ᠴᠢᠨᠠᠷ ᠤᠨ ᠵᠠᠭᠠᠯᠳᠤᠯᠭ᠎ᠠ ᠪᠠ ᠠᠶᠤᠯ ᠥᠬᠡᠶ ᠦᠢᠯᠡᠳᠪᠦᠷᠢᠯᠡᠯ ᠤᠨ | ᠢᠯᠡᠴᠢᠯᠡᠨ ᠮᠡᠳᠡᠭᠦᠯᠦᠯᠲᠡ᠂ ᠵᠠᠭᠠᠯᠳᠤᠯᠭ᠎ᠠ ᠪᠠ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ ᠪᠥᠬᠦ | ᠲᠤᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠴᠢᠬᠤᠯᠠ ᠶᠡᠭᠡ ᠶᠠᠰᠤ ᠴᠢᠨᠠᠷ ᠪᠠ ᠠᠮᠤᠷ | ᠲᠦᠪᠰᠢᠨ ᠤ ᠠᠳᠡᠯ ᠢ ᠪᠠᠶᠢᠴᠠᠭᠠᠬᠤ ᠵᠢᠴᠢ ᠵᠠᠭᠠᠯᠳᠤᠬᠤ᠂ ᠢᠯᠡᠴᠢᠯᠡᠬᠦ ᠵᠦᠢᠯᠡᠰ ᠢ ᠰᠢᠢᠳᠪᠦᠷᠢᠯᠡᠬᠦ ᠳᠤ | ᠣᠷᠣᠯᠴᠠᠬᠤ ᠶᠢᠨ ᠬᠠᠮᠲᠤ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ | ︵3︶ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢ ᠬᠠᠮᠵᠢᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠦᠬᠠᠶ ᠬᠤᠲᠠ ᠶᠢᠨ ᠨᠡᠶᠢᠲᠡᠯᠡᠭᠰᠡᠨ | ᠬᠤᠯᠪᠣᠭᠳᠠᠯ ᠪᠥᠬᠦᠶ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯᠭᠦᠶ ᠦᠢᠯᠡᠳᠪᠦᠷᠢᠯᠡᠯ ᠪᠠ ᠪᠠᠷᠢᠯᠭ᠎ᠠ ᠶᠢᠨ | ᠶᠠᠰᠤ ᠴᠢᠨᠠᠷ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠤᠬᠠᠭᠤᠯᠬᠤ᠂ ᠲᠤᠤᠱᠯᠠᠭᠤᠯᠤᠨ ᠬᠡᠷᠡᠭᠵᠢᠭᠦᠯᠦᠨ᠎ᠡ᠃ | ︵4︶ ᠪᠦᠬᠦ ᠲᠤᠭᠤᠷᠢᠭ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠤᠨ ᠦᠢᠯᠡᠴᠢᠯᠡᠭᠡᠨ ᠤ ᠠᠵᠢᠯ᠂ | ᠪᠠᠷᠢᠯᠭ᠎ᠠ ᠶᠢᠨ ᠡᠨᠧᠷᠭᠢ ᠶᠢᠨ ᠬᠤᠷᠣᠭᠳᠠᠯ ᠤᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ᠃ ᠪᠣᠬᠢᠷᠲᠤᠯ ᠦᠭᠡᠶ | ᠪᠠᠷᠢᠯᠭ᠎ᠠ᠂ ᠡᠨᠧᠷᠭᠢ ᠶᠢᠨ ᠬᠤᠷᠣᠭᠳᠠᠯ ᠪᠠᠭ᠎ᠠ ᠬᠥᠳᠡᠯᠦᠩᠭᠦᠶ ᠪᠠᠷᠢᠯᠭ᠎ᠠ᠂ ᠳᠠᠬᠢᠨ ᠡᠭᠦᠰᠴᠦ ᠪᠣᠯᠬᠤ ᠡᠨᠧᠷᠭᠢ ᠶᠢᠨ | ᠪᠠᠷᠢᠯᠭ᠎ᠠ ᠪᠣᠯᠤᠨ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ᠂ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ | ᠵᠡᠷᠭᠡ ᠶᠢᠨ ᠮᠡᠷᠭᠡᠵᠢᠯ ᠤᠨ ᠰᠢᠨᠡᠴᠢᠯᠡᠯᠲᠡ ᠶᠢ ᠳᠡᠯᠭᠡᠷᠡᠭᠦᠯᠦᠨ ᠬᠡᠷᠡᠭᠯᠡᠬᠦ ᠠᠵᠢᠯ ᠢ ᠡᠭᠦᠷᠭᠡᠯᠡᠨ᠎ᠡ᠃ | ︵5︶ ᠪᠦᠲᠦᠭᠡᠨ ᠪᠠᠶᠢᠭᠤᠯᠬᠤ ᠰᠢᠰᠲ᠋ᠧᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠡᠭᠡᠭᠡᠨ ᠳᠡᠯᠭᠡᠷᠡᠭᠦᠯᠬᠦ᠂ ᠮᠡᠷᠭᠡᠵᠢᠯ ᠢ ᠰᠢᠯᠵᠢᠭᠦᠯᠦᠨ ᠥᠭᠬᠦ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃ | ︵6︶ ᠲᠤᠭᠤᠷᠢᠭ ᠤᠨ ᠬᠠᠷᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠵᠢᠯᠴᠠᠨ ᠨᠢᠭᠡᠨᠲᠡ | ᠪᠠᠶᠢᠭ᠎ᠠ ᠪᠠᠷᠢᠯᠭ᠎ᠠ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠳᠤ ᠣᠷᠣᠯᠴᠠᠬᠤ ᠶᠢᠨ ᠬᠠᠮᠲᠤ | ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ | ︵7︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | 2. ᠠᠵᠢᠯᠲᠠᠨ ᠤ ᠣᠷᠣᠨ ᠲᠤᠭ᠎ᠠ ᠪᠣᠯᠤᠨ ᠤᠳᠤᠷᠢᠳᠬᠤ ᠲᠤᠰᠢᠶᠠᠯ ᠤᠨ ᠲᠤᠭ᠎ᠠ | 13 ᠠᠵᠢᠯ ᠦᠢᠯᠡᠰ ᠤᠨ ᠤᠷᠤᠨ ᠳᠤᠭ᠎ᠠ ᠶᠢ ᠬᠢᠨᠠᠨ ᠳᠤᠭᠳᠠᠭᠠᠪᠠ᠃ ᠬᠢᠨᠠᠨ ᠲᠣᠭᠲᠠᠭᠠᠭᠰᠠᠨ ᠬᠤᠪᠢ ᠶᠢᠨ | ᠤᠳᠤᠷᠢᠳᠬᠤ ᠲᠤᠰᠢᠶᠠᠯ ᠤᠨ ᠲᠤᠭ᠎ᠠ 1᠃ | ᠬᠠᠶ᠋ᠢᠭ᠄ ᠥᠪᠥᠷ ᠮᠣᠩᠭᠤᠯ ᠤᠨ ᠦᠬᠠᠶ ᠬᠤᠲᠠ ᠶᠢᠨ ᠤᠳᠠ ᠲᠣᠭᠤᠷᠢᠭ ᠤᠨ ᠱᠧᠩ ᠯᠢ ᠵᠡᠭᠦᠨ ᠵᠡᠭᠡᠯᠢ ᠶᠢᠨ | ᠬᠤᠶᠢᠲᠤ ᠲᠠᠯ᠎ᠠ ᠶᠢᠨ ᠵᠠᠰᠠᠭ ᠤᠨ ᠣᠷᠳᠣᠨ ᠤ ᠲᠣᠮᠣ ᠠᠰᠠᠷ 528 | ᠰᠢᠦᠳᠠᠨ ᠨᠣᠮᠧᠷ᠄ 016040 | ᠠᠯᠪᠠᠯᠠᠬᠤ ᠴᠠᠭ᠄ ᠦᠳᠡ ᠶᠢᠨ ᠡᠮᠦᠨ᠎ᠡ 09᠄ 00-12᠄ 00 ᠦᠳᠡ ᠶᠢᠨ ᠬᠤᠶᠢᠨ᠎ᠠ 15᠄ | 00-1800 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠳᠡᠯ᠎ᠡ᠂ ᠬᠠᠤᠯᠢ ᠳᠤ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠯᠴᠠᠬᠤ ᠠᠷᠭ᠎ᠠ᠄ 0473-3666761 | ᠬᠠᠷᠢᠭᠤᠴᠠᠯᠭᠠᠲᠠᠨ ᠤ ᠣᠪᠣᠭ ᠨᠡᠷ᠎ᠡ᠄ ᠰᠢ ᠬᠠᠶ ᠴᠢᠩ | ︵ᠬᠤᠶᠠᠷ︶ ᠦᠬᠠᠢ ᠬᠤᠳᠠ ᠶᠢᠨ ᠤᠳᠠ ᠲᠤᠭᠤᠷᠢᠭ ᠤᠨ ᠵᠠᠮ ᠬᠠᠷᠢᠯᠴᠠᠭ᠎ᠠ ᠪᠠ ᠭᠠᠯ ᠰᠡᠷᠭᠡᠶᠢᠯᠡᠬᠦ | ᠦᠢᠯᠡᠰ ᠤᠨ ᠬᠦᠭᠵᠢᠯᠲᠡ ᠶᠢᠨ ᠲᠦᠪ | ᠦᠬᠠᠶ ᠬᠤᠲᠠ ᠶᠢᠨ ᠤᠳᠠ ᠲᠣᠭᠤᠷᠢᠭ ᠤᠨ ᠵᠠᠮ ᠬᠠᠷᠢᠯᠴᠠᠭ᠎ᠠ ᠪᠠ ᠭᠠᠯ ᠤᠨᠲᠠᠷᠠᠭᠠᠬᠤ ᠦᠢᠯᠡᠰ ᠤᠨ | ᠬᠥᠭᠵᠢᠯᠲᠡ ᠶᠢᠨ ᠲᠥᠪ ᠪᠣᠯ ᠦᠬᠠᠶ ᠬᠤᠲᠠ ᠶᠢᠨ ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠬᠠᠷᠢᠶ᠎ᠠ ᠲᠠᠰᠤᠭ ᠤᠨ ᠲᠠᠰ ᠤᠨ ᠨᠡᠶᠢᠲᠡ ᠶᠢᠨ | ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃ | 1. ᠭᠤᠣᠯ ᠡᠭᠦᠷᠭᠡ ᠬᠠᠷᠢᠭᠤᠴᠠᠯᠭ᠎ᠠ | ︵l︶ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠶᠢ ᠬᠠᠮᠵᠢᠨ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠶᠣᠰᠣᠭᠠᠷ᠂ ᠤᠳᠠ ᠲᠣᠭᠤᠷᠢᠭ ᠤᠨ ᠰᠢᠶᠠᠨ᠂ ᠰᠢᠶᠠᠩ᠂ ᠲᠣᠰᠬᠤᠨ᠂ ᠲᠤᠰᠬᠠᠶ | ᠬᠡᠷᠡᠭᠯᠡᠬᠦ ᠵᠠᠮ ᠵᠢᠴᠢ ᠬᠤᠲᠠ ᠶᠢᠨ ᠶᠠᠪᠤᠳᠠᠯ ᠤᠨ ᠵᠠᠮ ᠤᠨ ᠪᠦᠬᠦᠯᠢ ᠴᠣᠭᠴᠠ ᠶᠢᠨ ᠲᠥᠯᠥᠪᠵᠢᠭᠦᠯᠭᠡ ᠶᠢ | ᠲᠣᠭᠲᠠᠭᠠᠬᠤ ᠳᠤ ᠣᠷᠣᠯᠴᠠᠨ᠎ᠠ᠃ | ︵2︶ ᠰᠢᠶᠠᠨ᠂ ᠰᠢᠶᠠᠩ᠂ ᠲᠣᠰᠬᠤᠨ᠂ ᠲᠤᠰᠬᠠᠢ ᠬᠡᠷᠡᠭᠯᠡᠬᠦ ᠵᠠᠮ ᠤᠨ ᠬᠠᠮᠢᠶᠠᠷᠤᠯᠲᠠ ᠪᠠ ᠬᠠᠮᠠᠭᠠᠯᠠᠬᠤ | ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ | ︵3︶ ᠤᠳᠠ ᠲᠣᠭᠤᠷᠢᠭ ᠤᠨ ᠲᠤᠭᠤᠷᠢᠭ ᠤᠨ ᠬᠠᠮᠢᠶᠠᠷᠤᠯᠲᠠ ᠶᠢᠨ ᠵᠠᠮ᠂ ᠬᠥᠭᠦᠷᠭᠡ ᠶᠢᠨ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠲᠦᠪᠰᠢᠨ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠ ᠰᠢᠨᠡᠳᠬᠡᠨ | ᠬᠠᠮᠠᠭᠠᠯᠠᠬᠤ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ | ︵4︶ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠶᠢ ᠬᠠᠮᠵᠢᠨ ᠤᠳᠠ ᠲᠣᠭᠤᠷᠢᠭ ᠤᠨ ᠰᠢᠶᠠᠨ᠂ | ᠰᠢᠶᠠᠩ᠂ ᠲᠣᠰᠬᠤᠨ ᠤ ᠱᠠᠲᠤ ᠪᠠ ᠲᠤᠰᠬᠠᠢ ᠬᠡᠷᠡᠭᠯᠡᠬᠦ ᠵᠠᠮ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢ ᠡᠭᠦᠷᠭᠡᠯᠡᠨ᠎ᠡ᠃ | ︵5︶ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠪᠣᠯᠤᠨ | ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ | ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠭᠠᠯ ᠶᠣᠰᠣᠭᠠᠷ ᠭᠠᠯ ᠤᠨᠲᠠᠷᠠᠭᠠᠬᠤ ᠦᠢᠯᠡᠰ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ | ᠥᠷᠨᠢᠭᠦᠯᠦᠨ᠎ᠡ᠃ | ︵6︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠤ ᠨᠠᠶᠢᠳᠠᠯᠭ᠎ᠠ ᠪᠠᠷ ᠤᠳᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ︵ᠬᠤᠲᠠ ᠶᠢᠨ | ᠲᠤᠰ ᠱᠠᠲᠤᠨ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ | ᠡᠭᠦᠷᠭᠡᠯᠡᠨ᠎ᠡ︶ ᠶᠢ ᠡᠭᠦᠷᠭᠡᠯᠡᠨ᠎ᠡ᠃ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠰᠢᠯᠭᠠᠨ | ᠠᠪᠬᠤ᠂ ᠳᠠᠩᠰᠠᠯᠠᠭᠤᠯᠬᠤ ᠵᠢᠴᠢ ᠰᠤᠭᠤᠴᠢᠨ ᠪᠠᠶᠢᠴᠠᠭᠠᠬᠤ ᠮᠡᠷᠭᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ | ᠠᠵᠢᠯ ᠢ ᠬᠠᠷᠢᠭᠤᠴᠠᠨ᠎ᠠ᠃ | ︵7︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠵᠤ ᠰᠢᠯᠭᠠᠨ ᠠᠪᠬᠤ ᠬᠠᠮᠢᠶ᠎ᠠ ᠪᠦᠬᠦᠢ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠪᠣᠯᠤᠨ ᠮᠡᠷᠭᠡᠵᠢᠯ ᠤᠨ | ᠪᠠᠷᠢᠮᠵᠢᠶ᠎ᠠ᠂ ᠵᠢᠷᠤᠮᠵᠢᠯ ᠢ ᠤᠬᠠᠭᠤᠯᠤᠨ ᠲᠤᠤᠱᠯᠠᠭᠤᠯᠬᠤ ᠲᠠᠢ ᠬᠠᠮᠵᠢᠯᠴᠠᠵᠤ᠂ ᠬᠠᠮᠢᠶ᠎ᠠ ᠪᠦᠬᠦᠢ ᠠᠵᠢᠯ | ᠡᠷᠬᠢᠯᠡᠭᠰᠡᠳ ᠤᠨ ᠪᠣᠯᠪᠠᠰᠤᠷᠠᠭᠤᠯᠤᠯ ᠤᠨ ᠠᠵᠢᠯ ᠢ ᠬᠠᠪᠰᠤᠷᠤᠨ ᠵᠣᠬᠢᠶᠠᠨ ᠪᠠᠶᠢᠭᠤᠯᠣᠨ᠎ᠠ᠃ | ︵8︶ ᠤᠳᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ︵ᠬᠤᠲᠠ ᠶᠢᠨ ᠲᠤᠰ ᠱᠠᠲᠤᠨ ᠤ | ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠠᠴᠠ ᠪᠤᠰᠤᠳ | ᠵᠦᠢᠯ ᠢ ᠡᠭᠦᠷᠭᠡᠯᠡᠨ᠎ᠡ︶ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶ᠎ᠠ | ᠪᠦᠬᠦᠢ ᠮᠡᠷᠭᠡᠵᠢᠯ ᠤᠨ ᠲᠤᠰᠯᠠᠬᠤ ᠴᠢᠨᠠᠷᠲᠠᠢ ᠠᠵᠢᠯ ᠢ ᠬᠠᠷᠢᠭᠤᠴᠠᠨ᠎ᠠ᠃ | ︵9︶ ᠤᠳᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨ ᠠᠶᠤᠯ ᠤᠨ | ᠠᠳᠡᠯ ᠤᠨ ᠪᠠᠶᠢᠴᠠᠭᠠᠯᠲᠠ ᠳᠤ ᠣᠷᠣᠯᠴᠠᠬᠤ ᠶᠢᠨ ᠬᠠᠮᠲᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ︵10︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠤᠪᠴᠢᠶᠠᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | 2. ᠠᠵᠢᠯᠲᠠᠨ ᠤ ᠣᠷᠣᠨ ᠲᠤᠭ᠎ᠠ ᠪᠣᠯᠤᠨ ᠤᠳᠤᠷᠢᠳᠬᠤ ᠲᠤᠰᠢᠶᠠᠯ ᠤᠨ ᠲᠤᠭ᠎ᠠ | ᠠᠵᠢᠯ ᠦᠢᠯᠡᠰ ᠤᠨ ᠤᠷᠤᠨ ᠳᠤᠭ᠎ᠠ ᠶᠢ ᠬᠢᠨᠠᠨ ᠳᠤᠭᠳᠠᠭᠠᠪᠠ᠃ ᠬᠢᠨᠠᠨ ᠲᠣᠭᠲᠠᠭᠠᠭᠰᠠᠨ ᠬᠤᠪᠢ ᠶᠢᠨ | ᠤᠳᠤᠷᠢᠳᠬᠤ ᠲᠤᠰᠢᠶᠠᠯ ᠤᠨ ᠲᠤᠭ᠎ᠠ 1᠃ | ᠬᠠᠶ᠋ᠢᠭ᠄ ᠥᠪᠥᠷ ᠮᠣᠩᠭᠤᠯ ᠤᠨ ᠦᠬᠠᠶ ᠬᠤᠲᠠ ᠶᠢᠨ ᠤᠳᠠ ᠲᠣᠭᠤᠷᠢᠭ ᠤᠨ ᠱᠧᠩ ᠯᠢ ᠵᠡᠭᠦᠨ ᠵᠡᠭᠡᠯᠢ ᠶᠢᠨ | ᠬᠤᠶᠢᠲᠤ ᠲᠠᠯ᠎ᠠ ᠶᠢᠨ ᠵᠠᠰᠠᠭ ᠤᠨ ᠣᠷᠳᠣᠨ ᠤ ᠲᠣᠮᠣ ᠠᠰᠠᠷ 526 | ᠰᠢᠦᠳᠠᠨ ᠨᠣᠮᠧᠷ᠄ 016040 | ᠠᠯᠪᠠᠯᠠᠬᠤ ᠴᠠᠭ᠄ ᠦᠳᠡ ᠶᠢᠨ ᠡᠮᠦᠨ᠎ᠡ 09᠄ 00-12᠄ 00 ᠦᠳᠡ ᠶᠢᠨ ᠬᠤᠶᠢᠨ᠎ᠠ 15᠄ | 00-1800 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠳᠡᠯ᠎ᠡ᠂ ᠬᠠᠤᠯᠢ ᠳᠤ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠯᠴᠠᠬᠤ ᠬᠡᠯᠪᠡᠷᠢ᠄ 0473-3666021 | ᠬᠠᠷᠢᠭᠤᠴᠠᠯᠭᠠᠲᠠᠨ ᠤ ᠣᠪᠣᠭ ᠨᠡᠷ᠎ᠡ᠄ ᠢᠦᠢ ᠰᠢᠶᠠᠩ ᠴᠢᠶᠠᠨ | ︵ᠭᠤᠷᠪᠠ︶ ᠦᠬᠠᠢ ᠬᠤᠳᠠ ᠶᠢᠨ ᠤᠳᠠ ᠲᠤᠭᠤᠷᠢᠭ ᠤᠨ ᠭᠡᠷ ᠬᠦᠷᠦᠩᠭᠡ ᠪᠠ ᠠᠳᠠᠯ ᠠᠬᠤᠢ ᠶᠢᠨ | ᠦᠢᠯᠡᠴᠢᠯᠡᠭᠡᠨ ᠤ ᠲᠦᠪ | ᠦᠬᠠᠶ ᠬᠤᠲᠠ ᠶᠢᠨ ᠤᠳᠠ ᠲᠣᠭᠤᠷᠢᠭ ᠤᠨ ᠬᠡᠷ ᠬᠥᠷᠥᠩᠭᠡ ᠪᠠ ᠠᠳᠠᠯ ᠠᠬᠤᠶ ᠶᠢᠨ ᠦᠢᠯᠡᠴᠢᠯᠡᠭᠡᠨ ᠤ | ᠲᠥᠪ ᠪᠣᠯ ᠦᠬᠠᠶ ᠬᠤᠲᠠ ᠶᠢᠨ ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶᠠᠨ ᠤ ᠬᠠᠷᠢᠶ᠎ᠠ ᠵᠢᠩᠬᠢᠨᠢ ᠰᠠᠯᠠᠭᠠᠨ ᠤ ᠲᠠᠰ ᠤᠨ ᠨᠡᠶᠢᠲᠡ ᠶᠢᠨ ᠠᠰᠠᠷᠠᠮᠵᠢ ᠶᠢᠨ | ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃ | 1. ᠭᠤᠣᠯ ᠡᠭᠦᠷᠭᠡ ᠬᠠᠷᠢᠭᠤᠴᠠᠯᠭ᠎ᠠ | ︵1︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢ ᠬᠠᠮᠵᠢᠨ ᠪᠠᠲᠤᠯᠠᠭ᠎ᠠ ᠶᠢᠨ ᠡᠲᠡᠭᠡᠳ ᠢ ᠬᠢᠨᠠᠨ ᠬᠠᠷᠭᠤᠭᠤᠯᠬᠤ᠂ ᠣᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢᠨ ᠲᠦᠷᠢᠶᠡᠰᠦᠯᠡᠯ ᠬᠤᠪᠢᠶᠠᠷᠢᠯᠠᠬᠤ᠂ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠲᠦᠷᠢᠶᠡᠰᠦᠨ ᠮᠥᠩᠭᠦ ᠶᠢᠨ ᠨᠥᠬᠦᠪᠥᠷᠢ ᠣᠯᠭᠤᠬᠤ ᠪᠠ ᠬᠠᠮᠢᠶᠠᠷᠬᠤ ᠠᠵᠢᠯ ᠢ ᠡᠭᠦᠷᠭᠡᠯᠡᠨ᠎ᠡ᠃ | ︵2︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢ ᠬᠠᠮᠵᠢᠨ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠲᠤᠰᠢᠶᠠᠨ | ᠬᠠᠳᠠᠭᠠᠯᠠᠬᠤ ᠪᠠ ᠭᠠᠷᠭᠠᠵᠤ ᠠᠪᠬᠤ ᠵᠢᠴᠢ ᠮᠡᠳᠡᠭᠡ ᠵᠠᠩᠭᠢ ᠮᠡᠳᠡᠭᠦᠯᠬᠦ ᠬᠦᠰᠦᠨᠦᠭᠲᠦ ᠶᠢ ᠮᠡᠳᠡᠭᠦᠯᠦᠨ ᠬᠦᠷᠭᠡᠬᠦ | ᠠᠵᠢᠯ ᠢ ᠥᠷᠨᠢᠭᠦᠯᠦᠨ᠎ᠡ᠃ | ︵3︶ ᠪᠦᠬᠦ ᠲᠣᠭᠤᠷᠢᠭ ᠤᠨ ᠠᠳᠠᠯ ᠠᠬᠤᠢ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ | ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ | ︵4︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢ ᠬᠠᠮᠵᠢᠨ ᠪᠥᠬᠦ ᠲᠤᠭᠤᠷᠢᠭ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ | ᠦᠢᠯᠡᠴᠢᠯᠡᠭᠡᠨ ᠤ ᠠᠵᠢᠯᠯᠠᠭ᠎ᠠ ᠶᠢ ᠵᠢᠯᠣᠭᠤᠳᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ | ︵5︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢ ᠬᠠᠮᠵᠢᠨ ᠪᠥᠬᠦ ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ | ᠢᠲᠡᠭᠡᠮᠵᠢ ᠶᠢᠨ ᠦᠨᠡᠯᠡᠯᠲᠡ ᠬᠢᠨ᠎ᠡ︔ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠵᠥᠪᠯᠡᠯ ᠢ ᠵᠢᠯᠣᠭᠤᠳᠤᠨ ᠠᠳᠠᠯ ᠠᠬᠤᠢ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠡᠳᠦᠷ ᠲᠤᠳᠤᠮ ᠤᠨ ᠦᠨᠡᠯᠡᠯᠲᠡ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ | ︵6︶ ᠠᠳᠠᠯ ᠠᠬᠤᠢ ᠶᠢᠨ ᠦᠢᠯᠡᠴᠢᠯᠡᠭᠡᠨ ᠤ ᠲᠥᠷᠥᠯ ᠵᠦᠢᠯ ᠤᠨ ᠪᠠᠶᠢᠴᠠᠭᠠᠯᠲᠠ ᠥᠷᠨᠢᠭᠦᠯᠬᠦ ᠶᠢ ᠡᠭᠦᠷᠭᠡᠯᠡᠵᠦ᠂ | ᠰᠢᠯᠢᠳᠡᠭ ᠢ ᠡᠭᠦᠳᠴᠦ ᠪᠠᠷᠢᠮᠵᠢᠶ᠎ᠠ ᠳᠤ ᠬᠦᠷᠭᠡᠬᠦ ᠠᠵᠢᠯ ᠢ ᠥᠷᠨᠢᠭᠦᠯᠦᠨ᠎ᠡ᠃ | ︵7︶ ᠭᠡᠷ ᠪᠠᠶᠢᠰᠢᠩ ᠭᠠᠵᠠᠷ ᠬᠥᠷᠥᠩᠭᠡ ᠪᠠ ᠠᠳᠠᠯ ᠠᠬᠤᠶ ᠶᠢᠨ ᠦᠢᠯᠡᠴᠢᠯᠡᠭᠡᠨ ᠳᠤ ᠬᠠᠮᠢᠶ᠎ᠠ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠤᠬᠠᠭᠤᠯᠬᠤ ᠪᠠ ᠪᠣᠯᠪᠠᠰᠤᠷᠠᠭᠤᠯᠤᠯ ᠢ ᠥᠷᠨᠢᠭᠦᠯᠦᠨ᠎ᠡ᠃ | ︵8︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢ ᠬᠠᠮᠵᠢᠨ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ | ᠬᠦᠯᠢᠶᠡᠬᠦ ᠵᠢᠴᠢ ᠭᠡᠷ᠎ᠡ ᠶᠢ ᠳᠠᠩᠰᠠᠯᠠᠬᠤ ᠠᠵᠢᠯ ᠢ ᠥᠷᠨᠢᠭᠦᠯᠦᠨ᠎ᠡ᠃ | ︵9︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠢ ᠬᠠᠮᠵᠢᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ | ᠠᠳᠠᠯ ᠠᠬᠤᠶ ᠶᠢᠨ ᠦᠢᠯᠡᠴᠢᠯᠡᠭᠡᠨ ᠤ ᠲᠥᠷᠥᠯ ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵10︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | 2. ᠳᠣᠲᠣᠭᠠᠳᠤ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ | ︵1︶ ᠲᠦᠷᠢ ᠳᠣᠲᠣᠭᠠᠳᠤ ᠪᠠᠶᠢᠭᠤᠯᠤᠮᠵᠢ ᠪᠠᠶᠢᠭᠤᠯᠬᠤ ᠦᠭᠡᠢ᠃ | ︵2︶ ᠦᠬᠠᠶ ᠬᠤᠲᠠ ᠶᠢᠨ ᠤᠳᠠ ᠲᠣᠭᠤᠷᠢᠭ ᠤᠨ ᠬᠡᠷ ᠬᠥᠷᠥᠩᠭᠡ ᠪᠠ ᠠᠳᠠᠯ ᠠᠬᠤᠶ ᠶᠢᠨ ᠦᠢᠯᠡᠴᠢᠯᠡᠭᠡᠨ ᠤ | ᠲᠥᠪ ᠤᠨ ᠠᠵᠢᠯ ᠦᠢᠯᠡᠰ ᠤᠨ ᠣᠷᠣᠨ ᠲᠤᠭ᠎ᠠ 15 ᠬᠥᠮᠦᠨ᠂ ᠡᠷᠬᠢᠯᠡᠭᠴᠢ 1 ᠬᠥᠮᠦᠨ ︵ᠵᠢᠩᠬᠢᠨᠢ ᠰᠠᠯᠠᠭᠠᠨ ᠤ | ᠲᠠᠰ︶᠂ ᠳᠡᠳ᠋ ᠡᠷᠬᠢᠯᠡᠭᠴᠢ 2 ᠬᠥᠮᠦᠨ ︵ᠳᠡᠳ᠋ ᠰᠠᠯᠠᠭᠠᠨ ᠲᠠᠰ︶ ᠪᠣᠶ᠃︶ | ᠬᠠᠶ᠋ᠢᠭ᠄ ᠥᠪᠥᠷ ᠮᠣᠩᠭᠤᠯ ᠤᠨ ᠦᠬᠠᠶ ᠬᠤᠲᠠ ᠶᠢᠨ ᠤᠳᠠ ᠲᠣᠭᠤᠷᠢᠭ ᠤᠨ ᠪᠠᠶᠠᠨᠰᠠᠶᠢᠨ ᠵᠡᠭᠡᠯᠢ ᠬᠢᠭᠡᠳ | ᠴᠡᠴᠡᠷᠯᠢᠭ ᠤᠨ ᠵᠠᠮ ᠤᠨ ᠠᠭᠤᠯᠵᠠᠷ ᠠᠴᠠ ᠵᠡᠭᠦᠨᠰᠢ 150 ᠮᠧᠲᠷ | ᠰᠢᠦᠳᠠᠨ ᠨᠣᠮᠧᠷ᠄ 016040 | ᠠᠯᠪᠠᠯᠠᠬᠤ ᠴᠠᠭ᠄ ᠦᠳᠡ ᠶᠢᠨ ᠡᠮᠦᠨ᠎ᠡ 09᠄ 00-12᠄ 00 ᠦᠳᠡ ᠶᠢᠨ ᠬᠤᠶᠢᠨ᠎ᠠ 15᠄ | 00-1800 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠳᠡᠯ᠎ᠡ᠂ ᠬᠠᠤᠯᠢ ᠳᠤ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠯᠴᠠᠬᠤ ᠬᠡᠯᠪᠡᠷᠢ᠄ 0473-3023729 | ᠬᠠᠷᠢᠭᠤᠴᠠᠯᠭᠠᠲᠠᠨ ᠤ ᠣᠪᠣᠭ ᠨᠡᠷ᠎ᠡ᠄ ᠵᠢᠩ ᠬᠤᠤ | ︵ᠲᠦᠷᠪᠡ︶ ᠦᠬᠠᠢ ᠬᠤᠳᠠ ᠶᠢᠨ ᠤᠳᠠ ᠲᠤᠭᠤᠷᠢᠭ ᠤᠨ ᠭᠡᠷ ᠪᠠᠶᠢᠰᠢᠩ ᠲᠠᠳᠠᠪᠤᠷᠢᠯᠠᠬᠤ ᠦᠢᠯᠡᠴᠢᠯᠡᠭᠡᠨ ᠤ | ᠲᠦᠪ | ᠦᠬᠠᠶ ᠬᠤᠲᠠ ᠶᠢᠨ ᠤᠳᠠ ᠲᠣᠭᠤᠷᠢᠭ ᠤᠨ ᠬᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ ᠪᠣᠯ | ᠦᠬᠠᠶ ᠬᠤᠲᠠ ᠶᠢᠨ ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶᠠᠨ ᠤ ᠬᠠᠷᠢᠶ᠎ᠠ ᠳᠡᠳ᠋ ᠰᠠᠯᠠᠭᠠᠨ ᠤ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ | ᠲᠥᠷᠥᠯ ᠤᠨ ᠠᠵᠢᠯ ᠦᠢᠯᠡᠰ ᠤᠨ ᠨᠢᠭᠡᠴᠡ ᠲᠠᠢ ᠲᠡᠩᠴᠡᠨ᠎ᠡ᠃ | ︵1︶ ᠤᠯᠤᠰ ᠤᠨ ᠨᠡᠶᠢᠲᠡᠯᠡᠭᠰᠡᠨ ︽ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠢ | ᠲᠠᠲᠠᠪᠤᠷᠢᠯᠠᠬᠤ ᠬᠢᠭᠡᠳ ᠨᠥᠬᠦᠵᠦ ᠲᠥᠯᠥᠬᠦ ᠳᠦᠷᠢᠮ︾ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠪᠣᠯᠤᠨ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠲᠤᠤᠱᠯᠠᠭᠤᠯᠤᠨ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠢ | ᠲᠠᠲᠠᠪᠤᠷᠢᠯᠠᠬᠤ ᠳᠤ ᠨᠥᠬᠦᠪᠥᠷᠢ ᠥᠭᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠤᠯᠤᠰ ᠤᠨ ᠥᠮᠴᠢᠯᠡᠯᠲᠦ ᠭᠠᠵᠠᠷ | ᠰᠢᠷᠣᠶ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠬᠢᠭᠡᠳ ᠨᠥᠬᠦᠵᠦ ᠲᠥᠯᠥᠬᠦ ᠬᠠᠮᠢᠶ᠎ᠠ ᠪᠦᠬᠦᠢ ᠵᠦᠢᠯᠡᠰ ᠢ | ᠵᠢᠷᠤᠮᠵᠢᠭᠤᠯᠤᠨ᠂ ᠣᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠨ᠎ᠠ᠃ | ︵2︶ ᠲᠤᠭᠤᠷᠢᠭ ᠤᠨ ᠲᠤᠰ ᠱᠠᠲᠤᠨ ᠤ ᠭᠡᠷ ᠪᠠᠶᠢᠰᠢᠩ ᠨᠤᠷᠠᠭᠠᠵᠤ ᠨᠡᠭᠦᠯᠭᠡᠬᠦ ᠠᠵᠢᠯ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠬᠠᠪᠰᠤᠷᠤᠨ ᠲᠣᠭᠲᠠᠭᠠᠵᠤ᠂ ᠨᠤᠷᠠᠭᠠᠵᠤ ᠨᠡᠭᠦᠯᠭᠡᠬᠦ ᠥᠭᠡᠷᠡᠴᠢᠯᠡᠬᠦ ᠲᠥᠷᠥᠯ ᠵᠦᠢᠯ ᠤᠨ ᠣᠨ ᠤ | ᠲᠥᠯᠥᠪᠯᠡᠭᠡ ᠬᠢᠭᠡᠳ ᠲᠥᠷᠥᠯ ᠵᠦᠢᠯ ᠤᠨ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠢᠭᠠᠨ | ᠵᠢᠯᠣᠭᠤᠳᠴᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵3︶ ᠬᠠᠷᠢᠶ᠎ᠠ ᠣᠷᠣᠨ ᠤ ᠳᠣᠲᠣᠷᠠᠬᠢ ᠨᠤᠷᠠᠭᠠᠵᠤ ᠨᠡᠭᠦᠯᠭᠡᠬᠦ ᠥᠭᠡᠷᠡᠴᠢᠯᠡᠬᠦ ᠲᠥᠷᠥᠯ ᠵᠦᠢᠯ ᠤᠨ | ᠦᠨᠳᠦᠰᠦᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ᠂ ᠭᠡᠷ ᠪᠠᠶᠢᠰᠢᠩ ᠡᠳ᠋ ᠬᠥᠷᠥᠩᠭᠡ ᠶᠢ ᠦᠨᠡᠯᠡᠨ ᠵᠢᠱᠢᠬᠦ᠂ | ᠨᠡᠭᠦᠯᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵4︶ ᠲᠤᠭᠤᠷᠢᠭ ᠤᠨ ᠲᠤᠰ ᠱᠠᠲᠤᠨ ᠤ ᠭᠡᠷ ᠪᠠᠶᠢᠰᠢᠩ ᠨᠤᠷᠠᠭᠠᠵᠤ ᠨᠡᠭᠦᠯᠭᠡᠬᠦ ᠠᠵᠢᠯ ᠤᠨ ᠬᠠᠮᠢᠶ᠎ᠠ ᠪᠦᠬᠦᠢ | ᠲᠥᠬᠦᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠳᠣᠲᠣᠭᠠᠳᠤ ᠬᠠᠮᠢᠶᠠᠷᠤᠯᠲᠠ᠂ | ᠬᠢᠨᠠᠨ ᠰᠢᠯᠭᠠᠬᠤ ᠠᠵᠢᠯ ᠤᠨ ᠳᠦᠷᠢᠮ ᠢ ᠲᠣᠭᠲᠠᠭᠠᠨ ᠳᠡᠭᠦᠯᠳᠡᠷᠵᠢᠭᠦᠯᠦᠨ᠎ᠡ᠃ | ︵5︶ ᠨᠤᠷᠠᠭᠠᠵᠤ ᠨᠡᠭᠦᠯᠭᠡᠬᠦ ᠬᠥᠮᠦᠨ ᠤ ᠬᠠᠩᠭᠠᠭᠰᠠᠨ ᠡᠮᠦᠨᠡᠬᠢ ᠬᠤᠭᠤᠴᠠᠭᠠᠨ ᠤ ᠬᠠᠮᠢᠶ᠎ᠠ ᠪᠦᠬᠦᠢ | ᠮᠠᠲ᠋ᠧᠷᠢᠶᠠᠯ ᠪᠢᠴᠢᠭ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠵᠦ᠂ ᠨᠤᠷᠠᠭᠠᠵᠤ ᠨᠡᠭᠦᠯᠭᠡᠬᠦ ᠬᠥᠮᠦᠰ ᠢ | ᠬᠠᠮᠵᠢᠨ ︽ᠭᠡᠷ ᠪᠠᠶᠢᠰᠢᠩ ᠨᠤᠷᠠᠭᠠᠵᠤ ᠨᠡᠭᠦᠯᠭᠡᠬᠦ ᠵᠥᠪᠰᠢᠶᠡᠷᠡᠯ ᠤᠨ ᠦᠨᠡᠮᠯᠡᠯ︾ ᠢ ᠭᠤᠶᠤᠴᠢᠯᠠᠨ ᠭᠦᠢᠴᠡᠳᠭᠡᠵᠦ᠂ | ᠬᠢᠨᠠᠨ ᠬᠠᠷᠭᠤᠭᠤᠯᠤᠨ᠎ᠠ᠃ | ︵6︶ ᠨᠤᠷᠠᠭᠠᠵᠤ ᠨᠡᠭᠦᠯᠭᠡᠬᠦ ᠺᠣᠮᠫᠠᠨᠢ ᠶᠢᠨ ᠬᠢᠷᠢ ᠬᠡᠮ ᠬᠢᠭᠡᠳ ᠬᠠᠮᠢᠶ᠎ᠠ ᠪᠦᠬᠦᠢ ᠢᠵᠢ ᠪᠦᠷᠢᠳᠦᠭᠦᠯᠬᠦ | ᠪᠡᠯᠡᠳᠬᠡᠮᠵᠢ ᠶᠢ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠵᠤ᠂ ᠨᠤᠷᠠᠭᠠᠵᠤ ᠨᠡᠭᠦᠯᠭᠡᠬᠦ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠬᠢᠨᠠᠯᠲᠠ ᠲᠠᠯᠪᠢᠨ ᠪᠠᠶᠢᠴᠠᠭᠠᠨ ᠰᠢᠢᠳᠪᠦᠷᠢᠯᠡᠵᠦ᠂ ᠨᠤᠷᠠᠭᠠᠵᠤ ᠨᠡᠭᠦᠯᠭᠡᠬᠦ ᠵᠠᠬ᠎ᠠ ᠳᠡᠯᠭᠡᠭᠦᠷ ᠢ | ᠴᠡᠭᠴᠡᠯᠡᠨ ᠵᠢᠷᠤᠮᠵᠢᠭᠤᠯᠬᠤ ᠵᠡᠷᠭᠡ ᠬᠠᠪᠰᠤᠷᠤᠮᠵᠢ ᠶᠢᠨ ᠴᠢᠨᠠᠷᠲᠠᠶ ᠠᠵᠢᠯ ᠢ ᠴᠡᠭᠴᠡᠯᠡᠨ ᠵᠢᠷᠦᠮᠵᠢᠭᠤᠯᠤᠨ᠎ᠠ᠃ | ︵7︶ ᠬᠤᠶᠢᠰᠢᠯᠠᠭᠤᠯᠤᠨ ᠨᠤᠷᠠᠭᠠᠵᠤ ᠨᠡᠭᠦᠯᠭᠡᠬᠦ ᠶᠢ ᠬᠢᠨᠠᠨ ᠵᠥᠪᠰᠢᠶᠡᠷᠡᠬᠦ ᠪᠠ ᠨᠤᠷᠠᠭᠠᠵᠤ ᠨᠡᠭᠦᠯᠭᠡᠬᠦ | ᠥᠮᠴᠢᠯᠡᠯ ᠤᠨ ᠡᠷᠬᠡ ᠨᠢ ᠲᠣᠳᠣᠷᠬᠠᠢ ᠦᠭᠡᠢ ᠭᠡᠷ ᠪᠠᠶᠢᠰᠢᠩ ᠳᠤ ᠨᠥᠬᠦᠪᠥᠷᠢ ᠥᠭᠴᠦ ᠲᠥᠪᠬᠢᠨᠡᠭᠦᠯᠬᠦ ᠲᠥᠰᠦᠯ ᠢ | ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠭᠠᠷ ᠭᠦᠢᠴᠡᠳᠬᠡᠯ ᠭᠦᠢᠴᠡᠳᠬᠡᠬᠦ | ᠮᠡᠳᠡᠭᠳᠡᠯ ᠤᠨ ᠪᠢᠴᠢᠭ ᠣᠯᠭᠤᠬᠤ ᠶᠢ ᠲᠦᠷ ᠵᠣᠭᠰᠣᠭᠠᠬᠤ ᠶᠢ ᠬᠠᠷᠢᠭᠤᠴᠠᠨ᠎ᠠ᠃ | ︵8︶ ᠨᠤᠷᠠᠭᠠᠵᠤ ᠨᠡᠭᠦᠯᠭᠡᠬᠦ ᠨᠠᠶᠢᠳᠠᠯᠭ᠎ᠠ ᠶᠢᠨ ᠭᠡᠷ᠎ᠡ ᠶᠢᠨ ᠳᠠᠩᠰᠠᠯᠠᠭᠤᠯᠬᠤ ᠬᠠᠮᠢᠶᠠᠷᠤᠯᠲᠠ ᠪᠣᠯᠤᠨ ᠨᠤᠷᠠᠭᠠᠵᠤ | ᠨᠡᠭᠦᠯᠭᠡᠬᠦ ᠲᠥᠷᠥᠯ ᠵᠦᠢᠯ ᠤᠨ ᠰᠢᠯᠵᠢᠭᠦᠯᠦᠨ ᠥᠭᠬᠦ ᠶᠢᠨ ᠬᠠᠮᠢᠶᠠᠷᠤᠯᠲᠠ ᠵᠢᠴᠢ ᠨᠤᠷᠠᠭᠠᠵᠤ ᠨᠡᠭᠦᠯᠭᠡᠬᠦ ᠶᠢᠨ | ᠨᠥᠬᠦᠪᠥᠷᠢ ᠥᠭᠴᠦ ᠲᠥᠪᠬᠢᠨᠡᠭᠦᠯᠬᠦ ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ︵9︶ ᠲᠠᠰᠤᠯᠤᠨ ᠲᠣᠭᠲᠠᠭᠠᠭᠰᠠᠨ ᠮᠠᠲ᠋ᠧᠷᠢᠶᠠᠯ ᠢ ᠬᠦᠯᠢᠶᠡᠨ ᠠᠪᠴᠤ ᠬᠢᠨᠠᠨ ᠬᠠᠷᠭᠤᠭᠤᠯᠵᠤ᠂ ᠭᠡᠷᠡᠴᠢᠯᠡᠭᠡ | ᠰᠣᠨᠣᠰᠬᠤ ᠬᠤᠷᠠᠯ ᠪᠠ ᠲᠠᠰᠤᠯᠤᠨ ᠲᠣᠭᠲᠠᠭᠠᠬᠤ ᠭᠡᠷᠡᠴᠢᠯᠡᠯᠲᠡ ᠰᠣᠨᠣᠰᠬᠤ ᠬᠤᠷᠠᠯ ᠢ ᠵᠣᠬᠢᠶᠠᠨ ᠪᠠᠶᠢᠭᠤᠯᠤᠨ | ᠲᠣᠬᠢᠷᠠᠭᠤᠯᠬᠤ ᠶᠢᠨ ᠬᠠᠮᠲᠤ ︽ᠭᠡᠷ ᠪᠠᠶᠢᠰᠢᠩ ᠨᠤᠷᠠᠭᠠᠵᠤ ᠨᠡᠭᠦᠯᠭᠡᠬᠦ ᠬᠢᠨᠠᠨ ᠲᠣᠭᠲᠠᠭᠠᠯᠲᠠ ᠶᠢᠨ ᠪᠢᠴᠢᠭ︾ ᠭᠠᠷᠭᠠᠨ᠎ᠠ᠃ | | ︵10︶ ᠠᠯᠪᠠᠳᠠᠯᠭ᠎ᠠ ᠪᠠᠷ ᠨᠤᠷᠠᠭᠠᠵᠤ ᠨᠡᠭᠦᠯᠭᠡᠬᠦ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠨ᠂ | ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ | ᠪᠤᠶᠤ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ ᠲᠠᠢ ᠬᠠᠮᠵᠢᠯᠴᠠᠨ ᠵᠠᠰᠠᠭ ᠵᠠᠬᠢᠷᠭᠠᠨ ᠤ ᠠᠯᠪᠠᠳᠠᠯᠭ᠎ᠠ ᠪᠠᠷ | ᠨᠤᠷᠠᠭᠠᠵᠤ ᠨᠡᠭᠦᠯᠭᠡᠬᠦ ᠪᠤᠶᠤ ᠬᠠᠤᠯᠢ ᠴᠠᠭᠠᠵᠠ ᠪᠠᠷ ᠠᠯᠪᠠᠳᠠᠯᠭ᠎ᠠ ᠪᠠᠷ ᠨᠤᠷᠠᠭᠠᠵᠤ ᠨᠡᠭᠦᠯᠭᠡᠬᠦ ᠠᠵᠢᠯ ᠢ | ᠬᠡᠷᠡᠭᠵᠢᠭᠦᠯᠦᠨ᠎ᠡ᠃ | ︵11︶ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠲᠠᠯ᠎ᠠ ᠳᠤ ᠬᠤᠯᠪᠣᠭᠳᠠᠬᠤ ᠤᠲᠠᠰᠤ᠂ ᠰᠤᠷᠪᠤᠯᠵᠢᠯᠠᠯ᠂ | ᠵᠠᠬᠢᠳᠠᠯ ᠰᠤᠷᠪᠤᠯᠵᠢᠯᠠᠯ ᠵᠡᠷᠭᠡ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠠᠵᠢᠯ ᠢ ᠰᠠᠶᠢᠲᠤᠷ ᠬᠢᠨ᠎ᠡ᠃ | ︵12︶ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠬᠤᠯᠪᠣᠭᠳᠠᠯ ᠪᠦᠬᠦᠢ ᠭᠡᠷ | ᠪᠠᠶᠢᠰᠢᠩ ᠢ ᠲᠠᠲᠠᠪᠤᠷᠢᠯᠠᠬᠤ ᠪᠠ ᠨᠦᠬᠦᠪᠦᠷᠢ ᠥᠭᠬᠦ ᠠᠵᠢᠯ ᠢ ᠪᠡᠶᠡᠯᠡᠭᠦᠯᠦᠨ᠎ᠡ᠃ | ︵13︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | 2. ᠳᠣᠲᠣᠭᠠᠳᠤ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ | ︵1︶ ᠲᠦᠷᠢ ᠳᠣᠲᠣᠭᠠᠳᠤ ᠪᠠᠶᠢᠭᠤᠯᠤᠮᠵᠢ ᠪᠠᠶᠢᠭᠤᠯᠬᠤ ᠦᠭᠡᠢ᠃ | ︵2︶ ᠦᠬᠠᠶ ᠬᠤᠲᠠ ᠶᠢᠨ ᠤᠳᠠ ᠲᠣᠭᠤᠷᠢᠭ ᠤᠨ ᠭᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ | ᠲᠥᠪ ᠤᠨ ᠠᠵᠢᠯ ᠦᠢᠯᠡᠰ ᠤᠨ ᠣᠷᠣᠨ ᠲᠤᠭ᠎ᠠ 15 ᠬᠥᠮᠦᠨ᠂ ᠡᠷᠬᠢᠯᠡᠭᠴᠢ 1 ᠬᠥᠮᠦᠨ ︵ᠳᠡᠳ᠋ ᠰᠠᠯᠠᠭᠠᠨ ᠳᠡᠰ︶ | ᠲᠣᠬᠢᠷᠠᠭᠤᠯᠪᠠ︶ | ᠬᠠᠶ᠋ᠢᠭ᠄ ᠥᠪᠥᠷ ᠮᠣᠩᠭᠤᠯ ᠤᠨ ᠦᠬᠠᠶ ᠬᠤᠲᠠ ᠶᠢᠨ ᠤᠳᠠ ᠲᠣᠭᠤᠷᠢᠭ ᠤᠨ ᠴᠡᠴᠡᠷᠯᠢᠭ ᠤᠨ ᠵᠠᠮ ᠬᠢᠭᠡᠳ | ᠪᠠᠶᠠᠨᠰᠠᠶᠢᠨ ᠵᠡᠭᠡᠯᠢ ᠶᠢᠨ ᠠᠭᠤᠯᠵᠠᠷ ᠭᠠᠵᠠᠷ ᠤᠨ ᠵᠡᠭᠦᠨ ᠬᠤᠶᠢᠲᠤ ᠣᠷᠣᠨ ᠤ 50 ᠮᠧᠲᠷ᠃ | ᠰᠢᠦᠳᠠᠨ ᠨᠣᠮᠧᠷ᠄ 016040 | ᠠᠯᠪᠠᠯᠠᠬᠤ ᠴᠠᠭ᠄ ᠦᠳᠡ ᠶᠢᠨ ᠡᠮᠦᠨ᠎ᠡ 09᠄ 00-12᠄ 00 ᠦᠳᠡ ᠶᠢᠨ ᠬᠤᠶᠢᠨ᠎ᠠ 15᠄ | 00-1800 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠳᠡᠯ᠎ᠡ᠂ ᠬᠠᠤᠯᠢ ᠳᠤ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠯᠴᠠᠬᠤ ᠬᠡᠯᠪᠡᠷᠢ᠄ 0473-6981933 | ᠬᠠᠷᠢᠭᠤᠴᠠᠯᠭᠠᠲᠠᠨ ᠤ ᠣᠪᠣᠭ ᠨᠡᠷ᠎ᠡ᠄ ᠲᠠᠩ ᠯᠦᠩ ᠱᠧᠩ | |