ᠭᠦᠵᠡᠯᠵᠡᠭᠡᠨ᠎ᠡ ᠶᠢ ᠢᠩᠭᠢᠵᠦ ᠤᠭᠢᠶᠠᠪᠠᠯ ᠲᠠᠷᠢᠶᠠᠨ ᠡᠮ ᠤᠨ ᠦᠯᠡᠳᠡᠭᠳᠡᠯ ᠨᠡᠩ ᠦᠨᠳᠦᠷ ᠪᠤᠯᠵᠤ ᠮᠡᠳᠡᠨ᠎ᠡ︕  ᠣᠯᠠᠩᠬᠢ  ᠬᠥᠮᠥᠰ  ᠪᠦᠷ  ᠪᠤᠷᠤᠭᠤ ᠬᠢᠵᠦ ᠪᠠᠶᠢᠨ᠎ᠠ ᠁
ᠨᠡᠶᠢᠲᠡᠯᠡᠭᠰᠡᠨ ᠴᠠᠭ᠄
2025/1/10
      ᠭᠦᠵᠡᠭᠡᠯᠵᠡᠭᠡᠨ᠎ᠡ ᠢᠳᠡᠬᠦ ᠳᠤᠷᠠᠲᠠᠢ ᠬᠦᠮᠦᠰ ᠠᠩᠬᠠᠷᠤᠯ ᠢᠶᠠᠨ ᠬᠠᠨᠳᠤᠭᠤᠯᠤᠭᠠᠷᠠᠢ︕      ᠭᠦᠵᠡᠭᠡᠯᠵᠡᠭᠡᠨ᠎ᠡ ᠢᠳᠡᠪᠡᠯ ᠶᠠᠮᠠᠷ ᠶᠠᠮᠠᠷ ᠰᠠᠶᠢᠨ ᠲᠠᠯ᠎ᠠ ᠪᠠᠶᠢᠬᠤ ᠪᠤᠢ︖      ᠭᠦᠵᠡᠯᠵᠡᠭᠡᠨ᠎ᠡ ᠨᠢ ᠵᠢᠷ ᠤᠨ ᠵᠢᠮᠢᠰ ᠪᠢᠰᠢ ᠶᠤᠮ᠂ ᠲᠡᠭᠦᠨ ᠤ ᠰᠢᠮ᠎ᠡ ᠲᠡᠵᠢᠭᠡᠯ ᠨᠢ ᠵᠢᠮᠢᠰ ᠤᠳ ᠤᠨ ᠲᠤᠳᠤᠷ᠎ᠠ ᠵᠣᠬᠢᠬᠤ ᠪᠠᠶᠢᠷᠢ ᠰᠠᠭᠤᠷᠢ ᠶᠢ ᠡᠵᠡᠯᠡᠵᠦ ᠪᠠᠶᠢᠳᠠᠭ᠃ ᠲᠡᠷᠡ ᠨᠢ VC ᠶᠢᠨ ᠠᠭᠤᠯᠤᠭᠳᠠᠴᠠ ᠪᠠᠷ ᠦᠨᠳᠦᠷ᠂ ᠢᠯᠴᠢ ᠪᠠᠷ ᠪᠠᠭ᠎ᠠ ᠪᠠᠶᠢᠳᠠᠭ ᠪᠤᠯᠬᠤᠷ ᠬᠤᠷᠭᠤᠰᠤᠯᠠᠬᠤ ᠶᠢ ᠰᠡᠷᠭᠡᠶᠢᠯᠡᠳᠡᠭ᠂ ᠲᠡᠷᠡᠴᠢᠯᠡᠨ ᠭᠦᠵᠡᠯᠵᠡᠭᠡᠨ᠎ᠡ ᠶᠢᠨ ᠰᠢᠬᠢᠷ ᠤᠨ ᠠᠭᠤᠯᠠᠭᠳᠠᠴᠠ ᠪᠠᠭ᠎ᠠ ᠪᠤᠯᠬᠤᠷ ᠴᠢᠰᠤᠨ ᠤ ᠰᠢᠬᠢᠷ ᠢᠶᠠᠨ ᠬᠢᠵᠠᠭᠠᠷᠯᠠᠬᠤ ᠴᠢᠬᠤᠯᠠᠳᠠᠢ ᠬᠦᠮᠦᠰ ᠢᠳᠡᠬᠦ  ᠳᠤ ᠲᠤᠬᠢᠷᠠᠨ᠎ᠠ᠃      ᠭᠦᠵᠡᠯᠵᠡᠭᠡᠨ᠎ᠡ ᠶᠢ ᠶᠠᠭᠠᠬᠢᠵᠦ ᠴᠡᠪᠡᠷᠭᠡᠨ ᠤᠬᠢᠶᠠᠬᠤ ᠪᠤᠢ︖      ᠤᠷᠤᠰᠬᠠᠯ ᠤᠰᠤ ᠪᠤᠶᠤ ᠲᠦᠭᠡᠭᠡᠯ ᠤᠰᠤ ᠪᠠᠷ ᠤᠬᠢᠶᠠᠪᠠᠯ ᠲᠡᠭᠦᠨ ᠳᠤ ᠨᠠᠭᠠᠯᠳᠤᠬᠰᠠᠨ 19.8 -68.1% ᠶᠢᠨ ᠲᠠᠷᠢᠶᠠᠨ ᠡᠮ ᠤᠨ ᠦᠯᠡᠳᠡᠭᠳᠡᠯ ᠢ ᠠᠷᠢᠯᠭᠠᠵᠤ ᠲᠡᠶᠢᠯᠦᠨ᠎ᠡ᠂ ᠪᠠᠰᠠ ᠣᠽᠣᠨ ᠢᠶᠠᠷ ᠤᠬᠢᠶᠠᠪᠠᠯ 36.1% - 75.1% ᠶᠢᠨ ᠲᠠᠷᠢᠶᠠᠨ ᠡᠮ ᠤᠨ ᠦᠯᠡᠳᠡᠭᠳᠡᠯ ᠢ ᠠᠷᠢᠯᠭᠠᠵᠤ ᠲᠡᠶᠢᠯᠦᠨ᠎ᠡ᠂ ᠪᠠᠰᠠ ᠬᠡᠲᠦ ᠳᠠᠭᠤᠨ ᠳᠣᠯᠭᠢᠶᠠᠨ ᠢᠶᠠᠷ ᠲᠠᠷᠢᠶᠠᠨ ᠡᠮ ᠤᠨ ᠦᠯᠡᠳᠡᠭᠳᠡᠯ ᠢ ᠤᠬᠢᠶᠠᠨ ᠴᠡᠪᠡᠷᠯᠡᠪᠡᠯ ᠦᠷ᠎ᠡ ᠪᠦᠲᠦᠮᠵᠢ ᠪᠠᠷ ᠨᠠᠩ ᠰᠠᠶᠢᠨ ᠪᠠᠶᠢᠳᠠᠭ ᠪᠦᠭᠡᠳ 91.2% ᠤᠨ ᠲᠠᠷᠢᠶᠠᠨ ᠦᠯᠡᠳᠡᠭᠳᠡᠯ ᠢ ᠠᠷᠢᠯᠭᠠᠵᠤ ᠲᠡᠶᠢᠯᠦᠨ᠎ᠡ᠃ ᠭᠦᠵᠡᠯᠵᠡᠭᠡᠨ᠎ᠡ ᠶᠢ ᠤᠬᠢᠶᠠᠬᠤ ᠦᠶ᠎ᠡ ᠳᠤ ᠭᠦᠵᠡᠯᠵᠡᠭᠡᠨ᠎ᠡ ᠶᠢᠨ ᠨᠠᠪᠴᠢᠨ ᠣᠭ ᠢ ᠪᠢᠳᠡᠭᠡᠢ ᠠᠪᠴᠤ ᠬᠠᠶᠠ᠃ ᠭᠦᠵᠡᠯᠵᠡᠭᠡᠨ᠎ᠡ ᠶᠢᠨ ᠨᠠᠪᠴᠢᠨ ᠣᠭ ᠢ ᠠᠪᠴᠤ ᠬᠠᠶᠠᠭᠰᠠᠨ ᠤ ᠳᠠᠷᠠᠭ᠎ᠠ ᠭᠦᠵᠡᠯᠵᠡᠭᠡᠨ᠎ᠡ ᠶᠢ ᠳᠡᠪᠲᠦᠭᠡᠬᠦ ᠳᠤ ᠬᠦᠷᠪᠡᠯ ᠲᠠᠷᠢᠶᠠᠨ ᠡᠮ ᠤᠨ ᠦᠯᠡᠳᠡᠭᠳᠡᠯ ᠨᠡᠩ ᠥᠨᠳᠥᠷ ᠪᠤᠯᠤᠨ᠎ᠠ᠂ ᠬᠠᠷᠢᠨ ᠭᠦᠵᠡᠯᠵᠡᠭᠡᠨ᠎ᠡ ᠶᠢᠨ ᠨᠠᠪᠴᠢᠨ ᠣᠭ ᠢ ᠠᠪᠴᠤ ᠬᠠᠶᠠᠬᠤ ᠦᠭᠡᠢ ᠪᠤᠯ ᠲᠠᠷᠢᠶᠠᠨ ᠡᠮ ᠤᠨ ᠦᠯᠡᠳᠡᠭᠳᠡᠯ ᠬᠠᠷᠢᠴᠠᠩᠭᠤᠢ ᠪᠠᠷ ᠪᠠᠭ᠎ᠠ ᠪᠠᠶᠢᠳᠠᠭ᠃ ᠭᠦᠵᠡᠯᠵᠡᠭᠡᠨ᠎ᠡ ᠶᠢᠨ ᠳᠣᠲᠣᠭᠠᠳᠤ ᠪᠦᠲᠦᠴᠡ ᠨᠢ ᠨᠡᠯᠢᠶᠡᠳ ᠰᠡᠶᠢᠷᠡᠭ ᠪᠠᠶᠢᠳᠠᠭ ᠪᠦᠭᠡᠳ ᠭᠦᠵᠡᠯᠵᠡᠭᠡᠨ᠎ᠡ ᠶᠢᠨ ᠨᠠᠪᠴᠢᠨ ᠣᠭ ᠢ ᠠᠪᠴᠤ ᠬᠠᠶᠠᠪᠠᠯ ︵ᠬᠡᠷᠴᠢᠬᠦ︶᠂ ᠭᠦᠵᠡᠯᠵᠡᠭᠡᠨ᠎ᠡ ᠶᠢᠨ ᠲᠤᠳᠤᠷᠠᠬᠢ ᠨᠢ ᠶᠠᠭ ᠨᠢᠭᠡ ᠠᠮᠠ ᠶᠢ ᠨᠢ ᠨᠡᠭᠡᠭᠡᠭᠰᠡᠨ ︽ᠰᠠᠪᠠ︾ ᠰᠢᠭ᠋ ᠪᠠᠶᠢᠳᠠᠭ ᠪᠤᠯᠬᠤᠷ ᠲᠡᠭᠦᠨ ᠤ ᠥᠩᠭᠡᠨ ᠲᠠᠯ᠎ᠠ ᠳᠤᠨᠢ ᠨᠠᠭᠠᠯᠳᠤᠬᠰᠠᠨ ᠶᠠᠭᠤᠮᠠᠰ ᠨᠢ ᠭᠦᠵᠡᠯᠵᠡᠭᠡᠨ᠎ᠡ ᠶᠢᠨ ᠲᠤᠳᠤᠷ᠎ᠠ ᠣᠷᠣᠳᠠᠭ᠂ ᠡᠶᠢᠮᠦ ᠠᠴᠠ ᠤᠬᠢᠶᠠᠬᠤ ᠲᠤᠳᠤᠮ ᠤᠯᠠᠮ ᠪᠤᠵᠠᠷ ᠪᠤᠯᠵᠤ ᠮᠠᠭᠠᠳ ᠦᠭᠡᠢ᠃ ᠶᠡᠷᠦ ᠶᠢᠨ ᠴᠠᠭ ᠲᠤ ᠭᠦᠵᠡᠯᠵᠡᠭᠡᠨ᠎ᠡ ᠶᠢ ᠤᠭᠢᠶᠠᠬᠤ ᠳᠤ ᠲᠦᠭᠡᠭᠡᠯ ᠤᠰᠤ ᠪᠠᠷ ᠤᠬᠢᠶᠠᠭᠰᠠᠨ ᠤ ᠳᠠᠷᠠᠭ᠎ᠠ ᠴᠡᠪᠡᠷ ᠤᠰᠤ᠂ ᠳᠠᠪᠤᠰᠤ ᠲᠠᠢ ᠤᠰᠤ ᠪᠤᠶᠤ ᠪᠤᠳᠠᠭ᠎ᠠ ᠤᠬᠢᠶᠠᠬᠰᠠᠨ ᠤᠰᠤ ᠪᠠᠷ 5 ᠮᠢᠨᠦ᠋ᠲ ᠳᠡᠪᠲᠦᠭᠡᠭᠡᠳ ᠳᠠᠬᠢᠨ ᠨᠢᠭᠡ ᠤᠳᠠᠭ᠎ᠠ ᠤᠰᠤ ᠪᠠᠷ ᠤᠬᠢᠶᠠᠪᠠᠯ ᠪᠤᠯᠴᠢᠬᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号