ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/1/14
ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯᠡᠯ᠎ᠡ ᠬᠤᠪᠢᠶᠠᠷᠢ ᠲᠣᠪᠴᠢᠶ᠎ᠠ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ᠂ ᠬᠠᠷᠢᠶ᠎ᠠ ᠠᠵᠢᠯ ᠦᠢᠯᠡᠰ ᠤᠨ ᠨᠢᠭᠡᠴᠡ ᠳᠤ᠄      ︽ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠨᠢᠭᠡᠨᠲᠡ ᠨᠢᠭᠡᠳᠦᠭᠡᠷ ᠤᠳᠠᠭᠠᠨ ᠤ ᠲᠣᠪᠴᠢᠶ᠎ᠠ ᠶᠢᠨ ᠶᠠᠪᠤᠳᠠᠯ ᠤᠨ ᠬᠤᠷᠠᠯ ᠠᠴᠠ ᠰᠤᠳᠤᠯᠤᠨ ᠪᠠᠲᠤᠯᠠᠵᠤ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃      ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠦᠯ      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ︽ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 77 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ﹇2020﹈ 291 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠬᠢᠭᠡᠳ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠨᠠᠶᠢᠳᠠᠪᠤᠷᠢᠵᠢᠭᠤᠯᠤᠨ᠎ᠠ      ︵ᠨᠢᠭᠡ︶ ᠠᠮᠢ ᠠᠬᠤᠶ ᠶᠢᠨ ᠣᠷᠴᠢᠨ ᠲᠣᠭᠤᠷᠢᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢᠨ ᠭᠤᠤᠯᠳᠠᠯᠭ᠎ᠠ ᠲᠠᠢ ᠡᠭᠦᠷᠭᠡ ᠪᠠ ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠮᠡᠳᠡᠭᠡᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ︵ᠤᠰᠤᠨ ᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ︶ ᠢ ᠬᠠᠭᠠᠰ ᠵᠢᠯ ᠪᠦᠷᠢ ᠮᠡᠳᠡᠭᠦᠯᠦᠨ ᠬᠦᠷᠭᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠲᠠᠢ ᠬᠠᠮᠵᠢᠯᠴᠠᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠨ ᠬᠠᠮᠢᠶᠠᠷᠬᠤ ᠲᠦᠷᠢᠮ ᠪᠠ ᠤᠰᠤᠨ ᠤ ᠠᠮᠢ ᠠᠬᠤᠶ ᠶᠢ ᠬᠢᠨᠠᠨ ᠬᠡᠮᠵᠢᠵᠦ ᠦᠨᠡᠯᠡᠬᠦ ᠰᠢᠰᠲ᠋ᠧᠮ ᠢ ᠪᠠᠶᠢᠭᠤᠯᠵᠤ᠂ ᠭᠤᠤᠯᠳᠠᠯᠭ᠎ᠠ ᠲᠠᠢ ᠤᠰᠤᠨ ᠳᠤ ᠬᠤᠯᠪᠣᠭᠳᠠᠬᠤ ᠪᠣᠬᠢᠷᠲᠤᠯ ᠤᠨ ᠡᠬᠢ ᠶᠢ ᠣᠨ ᠤ ᠠᠮᠢ ᠠᠬᠤᠶ ᠣᠷᠴᠢᠨ ᠲᠣᠭᠤᠷᠢᠨ ᠤ ᠬᠢᠨᠠᠨ ᠬᠡᠮᠵᠢᠬᠦ ᠲᠥᠰᠦᠯ ︵ᠪᠠᠶᠢᠭᠠᠯᠢ ᠶᠢᠨ ᠠᠮᠢ ᠠᠬᠤᠶ ᠬᠢᠭᠡᠳ ᠬᠢᠨᠠᠨ ᠬᠡᠮᠵᠢᠬᠦ ᠬᠠᠮᠢᠶᠠᠷᠤᠯᠲᠠ ᠶᠢᠨ ᠰᠠᠯᠠᠭ᠎ᠠ︶ ᠲᠤ ᠣᠷᠣᠭᠤᠯᠤᠨ᠎ᠠ᠃ ᠬᠠᠲᠤᠨ ᠭᠤᠤᠯ ᠤᠨ ᠭᠤᠤᠯ ᠤᠷᠤᠰᠬᠠᠯ ᠪᠠ ᠴᠢᠬᠤᠯᠠ ᠰᠠᠯᠪᠤᠷᠢ ᠤᠷᠤᠰᠬᠠᠯ ᠤᠨ ᠠᠶᠤᠯ ᠳᠤ ᠬᠤᠯᠪᠣᠭᠳᠠᠭᠰᠠᠨ ᠠᠵᠤ ᠠᠬᠤᠶᠢᠯᠠᠯ ᠤᠨ ᠭᠡᠨᠡᠳᠲᠡ ᠡᠭᠦᠰᠬᠦ ᠤᠰᠤᠨ ᠤ ᠪᠣᠬᠢᠷᠲᠤᠯ ᠤᠨ ᠬᠡᠷᠡᠭ ᠤᠨ ︽ᠨᠢᠭᠡ ᠭᠤᠤᠯ ᠳᠤ ᠨᠢᠭᠡ ᠪᠣᠳᠣᠯᠭ᠎ᠠ ᠨᠢᠭᠡ ᠵᠢᠷᠤᠭ︾ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ ︵ᠡᠯ᠎ᠡ ᠬᠤᠪᠢᠶᠠᠷᠢ ᠲᠣᠪᠴᠢᠶ᠎ᠠ᠂ ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ︶᠃      ︵ᠬᠤᠶᠠᠷ︶ ᠠᠮᠢ ᠠᠬᠤᠶ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢ ᠨᠠᠶᠢᠳᠠᠪᠤᠷᠢᠵᠢᠭᠤᠯᠵᠤ ᠡᠭᠦᠷᠭᠡ ᠡᠭᠦᠷᠭᠡᠯᠡᠪᠡ ︵ᠡᠯ᠎ᠡ ᠬᠤᠪᠢᠶᠠᠷᠢ ᠲᠣᠪᠴᠢᠶ᠎ᠠ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ︶᠃ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠲᠦᠷᠢᠮ ᠢ ᠨᠠᠶᠢᠳᠠᠪᠤᠷᠢᠵᠢᠭᠤᠯᠵᠤ᠂ ᠦᠬᠠᠶ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠥᠰᠦᠯ ᠪᠠ ᠠᠮᠢ ᠠᠬᠤᠶ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ᠶᠢ ᠲᠣᠭᠲᠠᠭᠠᠵᠤ᠂ ᠬᠠᠲᠤᠨ ᠭᠤᠤᠯ ᠤᠨ ᠰᠠᠪᠠ ᠭᠠᠵᠠᠷ ᠤᠨ ᠤᠰᠤ ᠶᠡᠭᠡ ᠬᠤᠷᠣᠭᠳᠠᠭᠤᠯᠬᠤ᠂ ᠪᠣᠬᠢᠷᠲᠤᠯ ᠶᠡᠬᠡᠲᠡᠶ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠲᠥᠷᠥᠯ ᠵᠦᠢᠯ ᠤᠨ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠬᠤᠯᠪᠣᠭᠳᠠᠯ ᠪᠥᠬᠦᠶ ᠲᠣᠭᠲᠠᠭᠠᠯ ᠵᠡᠷᠭᠡ ᠶᠢ ᠴᠢᠩᠭ᠎ᠠ ᠨᠠᠶᠢᠳᠠᠪᠤᠷᠢᠵᠢᠭᠤᠯᠤᠨ᠎ᠠ ︵ᠡᠯ᠎ᠡ ᠬᠤᠪᠢᠶᠠᠷᠢ ᠲᠣᠪᠴᠢᠶ᠎ᠠ᠂ ᠬᠢᠨᠠᠨ ᠵᠥᠪᠰᠢᠶᠡᠷᠡᠬᠦ ᠰᠠᠯᠠᠭ᠎ᠠ︶᠃     ︵ᠭᠤᠷᠪᠠ︶ ᠭᠤᠣᠯ ᠰᠠᠯᠪᠤᠷᠢ ᠤᠷᠤᠰᠬᠠᠯ ᠤᠨ ᠡᠷᠭᠢ ᠶᠢᠨ ᠱᠤᠭᠤᠮ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭᠠᠳᠬᠠᠨ᠎ᠠ᠃ ᠬᠠᠲᠤᠨ ᠭᠤᠣᠯ ᠤᠨ ᠭᠤᠣᠯ ᠰᠠᠯᠪᠤᠷᠢ ᠤᠷᠤᠰᠬᠠᠯ ᠤᠨ ᠡᠷᠭᠢ ᠲᠠᠭᠠᠤ ᠶᠢᠨ ᠬᠠᠮᠢᠶᠠᠷᠤᠨ ᠡᠵᠡᠮᠳᠡᠬᠦ ᠬᠡᠪᠴᠢᠶᠡᠨ ᠳᠣᠲᠣᠷ᠎ᠠ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠶᠢ ᠴᠠᠭᠠᠵᠠᠯᠠᠨ᠎ᠠ᠃ ᠠᠮᠤᠷ ᠲᠦᠪᠰᠢᠨ ᠤ ᠬᠢᠷᠢ ᠬᠡᠮᠵᠢᠶ᠎ᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠭᠰᠠᠨ ᠥᠭᠡᠷᠡᠴᠢᠯᠡᠨ ᠪᠠᠶᠢᠭᠤᠯᠬᠤ ᠶᠢ ᠭᠠᠷᠭᠠᠪᠠᠯ᠂ ᠬᠠᠲᠤᠨ ᠭᠤᠤᠯ ᠤᠨ ᠭᠤᠤᠯ ᠤᠷᠤᠰᠬᠠᠯ ᠤᠨ ᠡᠷᠭᠢ ᠪᠠ ᠴᠢᠬᠤᠯᠠ ᠰᠠᠯᠪᠤᠷᠢ ᠤᠷᠤᠰᠬᠠᠯ ᠤᠨ ᠬᠠᠮᠢᠶᠠᠷᠤᠨ ᠡᠵᠡᠮᠳᠡᠬᠦ ᠬᠡᠪᠴᠢᠶᠡᠨ ᠳᠤ ᠦᠯᠡᠳᠡᠭᠳᠡᠯ ᠬᠦᠳᠡᠷ ᠤᠨ ᠬᠥᠮᠥᠷᠭᠡ ᠶᠢ ᠰᠢᠨ᠎ᠡ ᠪᠠᠷ ᠪᠠᠶᠢᠭᠤᠯᠬᠤ ᠶᠢ ᠴᠠᠭᠠᠵᠠᠯᠠᠨ᠎ᠠ ︵ᠡᠯ᠎ᠡ ᠬᠤᠪᠢᠶᠠᠷᠢ ᠲᠣᠪᠴᠢᠶ᠎ᠠ᠂ ᠬᠢᠨᠠᠨ ᠵᠥᠪᠰᠢᠶᠡᠷᠡᠬᠦ ᠰᠠᠯᠠᠭ᠎ᠠ︶᠃       ᠬᠤᠶᠠᠷ᠂ ᠭᠠᠵᠠᠷ ᠳᠣᠣᠷᠠᠬᠢ ᠤᠰᠤ ᠵᠢᠴᠢ ᠤᠤᠭᠤᠬᠤ ᠤᠰᠤᠨ ᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠨ᠎ᠠ    ︵ᠳᠥᠷᠪᠡ︶ ᠭᠠᠵᠠᠷ ᠳᠣᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠶ᠃ ᠭᠠᠵᠠᠷ ᠳᠣᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ ᠭᠠᠵᠠᠷ ᠳᠣᠤᠷᠠᠬᠢ ᠤᠰᠤᠨ ᠤ ᠣᠷᠴᠢᠨ ᠲᠣᠭᠤᠷᠢᠨ ᠤ ᠪᠠᠶᠢᠳᠠᠯ ᠢ ᠪᠠᠶᠢᠴᠠᠭᠠᠬᠤ ᠪᠠ ᠬᠢᠨᠠᠨ ᠰᠢᠨᠵᠢᠬᠦ ᠠᠵᠢᠯ ᠢ ᠥᠷᠨᠢᠭᠦᠯᠵᠦ᠂ ᠭᠠᠵᠠᠷ ᠳᠣᠤᠷᠠᠬᠢ ᠤᠰᠤᠨ ᠤ ᠪᠣᠬᠢᠷᠲᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠴᠢᠩᠭᠠᠷᠠᠭᠤᠯᠤᠨ᠎ᠠ᠃ ᠭᠠᠵᠠᠷ ᠳᠣᠤᠷᠠᠬᠢ ᠤᠰᠤᠨ ᠤ ᠭᠤᠤᠯᠳᠠᠯᠭ᠎ᠠ ᠲᠠᠢ ᠪᠣᠬᠢᠷᠲᠤᠯ ᠤᠨ ᠡᠬᠢ ᠰᠤᠷᠪᠤᠯᠵᠢ ᠵᠢᠴᠢ ᠡᠷᠭᠢᠨ ᠲᠣᠭᠤᠷᠢᠨ ᠤ ᠭᠠᠵᠠᠷ ᠳᠣᠤᠷᠠᠬᠢ ᠤᠰᠤᠨ ᠤ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠳᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠠᠪᠬᠤ ᠬᠡᠷᠡᠭᠲᠡᠶ ︵ᠡᠯ᠎ᠡ ᠬᠤᠪᠢᠶᠠᠷᠢ ᠲᠣᠪᠴᠢᠶ᠎ᠠ᠂ ᠬᠥᠷᠥᠰᠥ ᠰᠢᠷᠣᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ︶᠃ ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠢᠯᠡᠨ ᠵᠠᠰᠠᠬᠤ ᠭᠤᠣᠯᠳᠠᠯᠭ᠎ᠠ ᠲᠠᠢ ᠪᠣᠬᠢᠷᠲᠤᠯ ᠪᠣᠳᠠᠰ  ᠭᠠᠳᠠᠭᠰᠢᠯᠠᠭᠤᠯᠬᠤ ᠨᠢᠭᠡᠴᠡ ᠨᠢ ᠤᠰᠤᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠦ᠋ᠲ᠋ᠣ ᠬᠢᠨᠠᠨ ᠬᠡᠮᠵᠢᠬᠦ ᠲᠥᠬᠦᠭᠡᠷᠦᠮᠵᠢ ᠶᠢ ᠬᠠᠤᠯᠢ ᠶᠣᠰᠣᠭᠠᠷ ᠤᠭᠰᠠᠷᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠡᠵᠡᠮᠳᠡᠬᠦ ᠲᠥᠬᠦᠭᠡᠷᠦᠮᠵᠢ ᠲᠠᠢ ᠲᠣᠣᠷ ᠬᠤᠯᠪᠣᠬᠤ ᠶᠢᠨ ᠬᠠᠮᠲᠤ ᠬᠢᠨᠠᠨ ᠬᠡᠮᠵᠢᠬᠦ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠬᠡᠷᠡᠭᠲᠡᠢ ︵ᠡᠯ᠎ᠡ ᠬᠤᠪᠢᠶᠠᠷᠢ ᠲᠣᠪᠴᠢᠶ᠎ᠠ᠂ ᠪᠠᠢᠭᠠᠯᠢ ᠶᠢᠨ ᠠᠮᠢ ᠠᠬᠤᠢ ᠬᠢᠭᠡᠳ ᠬᠢᠨᠠᠨ ᠬᠡᠮᠵᠢᠬᠦ ᠬᠠᠮᠢᠶᠠᠷᠤᠯᠲᠠ ᠶᠢᠨ ᠰᠠᠯᠠᠭ᠎ᠠ᠂ ᠦᠬᠠᠢ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠡᠵᠡᠮᠳᠡᠬᠦ ᠬᠢᠨᠠᠨ ᠬᠡᠮᠵᠢᠬᠦ ᠲᠥᠪ︶᠃      ︵ᠲᠠᠪᠤ︶ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ 6 ᠬᠤᠲᠠ ᠪᠠᠯᠭᠠᠰᠤᠨ ᠤ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠵᠢᠷᠤᠮᠵᠢᠭᠤᠯᠬᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠰᠤᠨ ᠤ ᠴᠢᠨᠠᠷ ᠢ ᠬᠢᠨᠠᠨ ᠬᠡᠮᠵᠢᠬᠦ ᠶᠢ ᠴᠢᠩᠭᠠᠷᠠᠭᠤᠯᠤᠨ᠂ ᠤᠰᠤᠨ ᠤ ᠴᠢᠨᠠᠷ ᠢ Ⅲ ᠲᠥᠷᠥᠯ ᠤᠨ ᠬᠠᠷᠢᠴᠠᠯ ᠳᠤ ᠬᠦᠷᠭᠡᠬᠦ ᠪᠤᠶᠤ ᠲᠡᠭᠦᠨ ᠠᠴᠠ ᠰᠠᠶᠢᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠬᠠᠶᠢᠨᠠᠨ ᠲᠣᠭᠤᠷᠢᠭ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠢ ᠬᠤᠪᠢᠶᠠᠷᠢᠯᠠᠬᠤ᠂ ᠪᠠᠶᠢᠭᠤᠯᠬᠤ᠂ ᠵᠠᠰᠠᠬᠤ ᠶᠢ ᠪᠡᠶᠡᠯᠡᠭᠦᠯᠦᠨ᠎ᠡ ︵ᠡᠯ᠎ᠡ ᠬᠤᠪᠢᠶᠠᠷᠢ ᠲᠣᠪᠴᠢᠶ᠎ᠠ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ︶᠃      ᠭᠤᠷᠪᠠ᠂ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ    ︵ᠵᠢᠷᠭᠤᠭ᠎ᠠ︶ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃ ᠭᠤᠣᠯ ᠤᠷᠤᠭᠤ ᠭᠠᠳᠠᠭᠰᠢᠯᠠᠭᠤᠯᠬᠤ ᠠᠮᠠᠰᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠬᠠᠲᠤᠨ ᠭᠤᠤᠯ ᠤᠨ ᠦᠬᠠᠶ ᠶᠢᠨ ᠬᠡᠰᠡᠭ ᠤᠨ ᠰᠠᠯᠪᠤᠷᠢ ᠤᠷᠤᠰᠬᠠᠯ ᠤᠨ ᠰᠢᠨ᠎ᠡ ᠪᠠᠷ ᠨᠡᠮᠡᠭᠳᠡᠬᠦ᠂ ᠥᠭᠡᠷᠡᠴᠢᠯᠡᠨ ᠪᠠᠶᠢᠭᠤᠯᠬᠤ ᠪᠤᠶᠤ ᠪᠣᠬᠢᠷ ᠪᠣᠳᠠᠰ ᠭᠠᠳᠠᠭᠰᠢᠯᠠᠭᠤᠯᠬᠤ ᠠᠮᠠᠰᠠᠷ ᠢ ᠥᠷᠭᠡᠳᠬᠡᠬᠦ ᠬᠢᠨᠠᠨ ᠵᠥᠪᠰᠢᠶᠡᠷᠡᠬᠦ ᠶᠢ ᠴᠢᠩᠭ᠎ᠠ ᠬᠢᠨᠠᠨ ᠬᠠᠷᠭᠤᠭᠤᠯᠵᠤ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠬᠤ ᠶᠢ ᠵᠢᠷᠤᠮᠵᠢᠭᠤᠯᠬᠤ ᠬᠡᠷᠡᠭᠲᠡᠶ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤᠨ ᠤ ᠪᠣᠬᠢᠷᠲᠤᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠤᠰᠤ ᠭᠠᠷᠬᠤ ᠶᠢ ᠪᠠᠷᠢᠮᠵᠢᠶ᠎ᠠ ᠳᠤ ᠬᠦᠷᠭᠡᠵᠦ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ ︵ᠡᠯ᠎ᠡ ᠬᠤᠪᠢᠶᠠᠷᠢ ᠲᠣᠪᠴᠢᠶ᠎ᠠ᠂ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ︶᠃    ︵ᠳᠣᠯᠤᠭ᠎ᠠ︶ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠲᠣᠰ ᠭᠠᠵᠠᠷ ᠣᠷᠣᠨ ᠳᠤ ᠲᠣᠬᠢᠷᠠᠬᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠵᠠᠭᠪᠤᠷ ᠢ ᠪᠦᠷᠢᠨᠰᠢᠭᠦᠯᠵᠦ᠂ ᠬᠥᠳᠡᠭᠡ ᠲᠣᠰᠬᠤᠨ ᠤ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭᠠᠨ ᠤ ᠬᠠᠮᠠᠭᠠᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠪᠣᠬᠢᠷ ᠦᠮᠡᠬᠡᠶ ᠤᠰᠤᠨ ᠴᠣᠭᠴᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠢᠨᠠᠯᠲᠠ ᠬᠠᠮᠢᠶᠠᠷᠤᠯᠲᠠ ᠶᠢᠨ ᠨᠠᠷᠢᠨ ᠬᠠᠭᠤᠳᠠᠰᠤ ᠶᠢ ᠪᠠᠶᠢᠭᠤᠯᠤᠨ᠎ᠠ ︵ᠡᠯ᠎ᠡ ᠬᠤᠪᠢᠶᠠᠷᠢ ᠲᠣᠪᠴᠢᠶ᠎ᠠ᠂ ᠬᠥᠷᠥᠰᠥ ᠰᠢᠷᠣᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ︶᠃     ︵ᠨᠠᠢᠮᠠ︶ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠵᠢᠯᠣᠭᠤᠳᠣᠯᠭ᠎ᠠ ᠶᠢ ᠰᠠᠶᠢᠲᠤᠷ ᠬᠢᠨ᠎ᠠ᠃ ᠮᠠᠯ ᠵᠢᠭᠦᠷᠲᠡᠨ ᠪᠣᠯᠤᠨ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠴᠤ ᠬᠠᠪᠰᠤᠷᠤᠨ ᠲᠡᠳᠬᠦᠬᠦ ᠶᠢ ᠴᠢᠩᠭᠠᠳᠬᠠᠨ᠎ᠠ ︵ᠡᠯ᠎ᠡ ᠬᠤᠪᠢᠶᠠᠷᠢ ᠲᠣᠪᠴᠢᠶ᠎ᠠ᠂ ᠬᠥᠷᠥᠰᠥ ᠰᠢᠷᠣᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ︶᠃      ︵ᠶᠢᠰᠦ︶ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠨᠠᠮᠤᠷ ᠡᠪᠦᠯ ᠤᠨ ᠳᠤᠯᠠᠭᠠᠯᠠᠭ᠎ᠠ ᠶᠢᠨ ᠬᠤᠭᠤᠴᠠᠭ᠎ᠠ᠂ ᠵᠣᠨ ᠤ ᠤᠯᠠᠷᠢᠯ ᠤᠨ ᠣᠽᠣᠨ ᠤ ᠪᠣᠬᠢᠷᠲᠤᠯ ᠤᠨ ᠶᠡᠭᠡ ᠡᠭᠦᠰᠬᠦ ᠬᠤᠭᠤᠴᠠᠭ᠎ᠠ ᠪᠠᠷ ᠭᠤᠤᠯᠳᠠᠯᠭ᠎ᠠ ᠪᠣᠯᠭᠠᠵᠤ᠂ ᠠᠵᠢᠯ ᠲᠥᠷᠥᠯ ᠢᠶᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠶᠢ ᠴᠢᠩᠭᠠᠳᠬᠠᠵᠤ᠂ PM .5 ᠪᠠ O ᠶᠢ ᠬᠠᠮᠵᠢᠯᠴᠠᠨ ᠡᠵᠡᠮᠳᠡᠬᠦ ᠶᠢ ᠲᠦᠯᠬᠢᠨ ᠠᠬᠢᠭᠤᠯᠬᠤ ᠬᠡᠷᠡᠭᠲᠡᠶ ︵ᠡᠯ᠎ᠡ ᠬᠤᠪᠢᠶᠠᠷᠢ ᠲᠣᠪᠴᠢᠶ᠎ᠠ᠂ ᠠᠭᠠᠷ ᠮᠠᠨᠳᠠᠯ ᠤᠨ ᠣᠷᠴᠢᠨ ᠲᠣᠭᠤᠷᠢᠨ ᠤ ᠰᠠᠯᠠᠭ᠎ᠠ︶᠃      ︵ᠠᠷᠪᠠ︶ ᠠᠯᠪᠠᠳᠠᠯᠭ᠎ᠠ ᠶᠢᠨ ᠴᠢᠨᠠᠷᠲᠠᠶ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠦᠷᠭᠦᠯᠵᠢᠯᠡᠨ ᠥᠷᠨᠢᠭᠦᠯᠦᠨ᠎ᠡ᠃ ᠭᠤᠤᠯᠳᠠᠯᠭ᠎ᠠ ᠲᠠᠢ ᠠᠵᠢᠯ ᠲᠥᠷᠥᠯ ᠤᠨ ᠠᠯᠪᠠᠳᠠᠯᠭ᠎ᠠ ᠶᠢᠨ ᠴᠢᠨᠠᠷᠲᠠᠶ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠬᠤ ᠶᠢ ᠠᠬᠢᠭᠤᠯᠵᠤ᠂ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠬᠤ ᠳᠤ ᠰᠢᠨ᠎ᠡ ᠶᠢ ᠡᠭᠦᠳᠬᠦ ᠲᠤᠷᠰᠢᠯᠲᠠ ᠶᠢᠨ ᠭᠤᠶᠤᠴᠢᠯᠠᠨ ᠮᠡᠳᠡᠭᠦᠯᠬᠦ᠂ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ︵ᠡᠯ᠎ᠡ ᠬᠤᠪᠢᠶᠠᠷᠢ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠡᠳ᠋ ᠤᠨ ᠶᠠᠪᠤᠳᠠᠯ ᠤᠨ ᠰᠠᠯᠠᠭ᠎ᠠ︶᠃      ︵ᠠᠷᠪᠠᠨ ᠨᠢᠭᠡ︶ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠦᠷᠭᠦᠯᠵᠢᠯᠡᠨ ᠠᠬᠢᠭᠤᠯᠤᠨ᠎ᠠ᠃ ᠭᠤᠤᠯᠳᠠᠯᠭ᠎ᠠ ᠲᠠᠢ ᠭᠠᠳᠠᠭᠰᠢᠯᠠᠭᠤᠯᠬᠤ ᠨᠢᠭᠡᠴᠢ ᠶᠢ ᠵᠣᠬᠢᠶᠠᠨ ᠪᠠᠶᠢᠭᠤᠯᠤᠨ 2024 ᠣᠨ ᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠲᠥᠯᠥᠪᠯᠡᠭᠡ ᠳᠤ ᠵᠠᠰᠠᠪᠤᠷᠢ ᠣᠷᠣᠭᠤᠯᠵᠤ᠂ ᠰᠠᠷ᠎ᠠ ᠶᠢᠨ ᠮᠡᠳᠡᠭᠡ ᠵᠠᠩᠭᠢᠵᠢᠯᠲᠠ ᠶᠢᠨ ᠬᠠᠳᠠᠭᠠᠯᠠᠬᠤ ᠦᠨᠡᠮᠯᠡᠯ ᠢ ᠥᠷᠨᠢᠭᠦᠯᠦᠨ᠂ ᠣᠨ ᠤ ᠬᠦᠯᠡᠮᠵᠢ ᠶᠢᠨ ᠬᠡᠶ ᠪᠡᠶᠡᠲᠦ ᠶᠢ ᠭᠠᠳᠠᠭᠰᠢᠯᠠᠭᠤᠯᠬᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠣᠨ ᠤ ᠭᠠᠳᠠᠭᠰᠢᠯᠠᠭᠤᠯᠤᠭᠰᠠᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠦᠯᠡᠮᠵᠢ ᠶᠢᠨ ᠬᠡᠢ ᠪᠡᠶᠡᠲᠦ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠪᠠᠶᠢᠩᠭᠤᠵᠢᠭᠤᠯᠬᠤ ᠶᠢ ᠠᠬᠢᠭᠤᠯᠤᠨ᠎ᠠ᠃ ᠴᠠᠬᠢᠯᠭᠠᠨ ᠭᠠᠷᠭᠠᠬᠤ ᠠᠵᠢᠯ ᠲᠥᠷᠥᠯ ᠤᠨ ᠭᠤᠤᠯᠳᠠᠯᠭ᠎ᠠ ᠲᠠᠢ ᠭᠠᠳᠠᠭᠰᠢᠯᠠᠭᠤᠯᠬᠤ ᠨᠢᠭᠡᠴᠢ ᠶᠢᠨ ︽ᠬᠤᠶᠠᠷ ᠢ ᠲᠠᠰᠢᠷᠠᠮ ᠢᠶᠠᠷ ᠬᠢᠵᠦ᠂ ᠨᠢᠭᠡ ᠶᠢ ᠢᠯᠡ ᠪᠣᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠦᠨ᠎ᠡ ︵ᠡᠯ᠎ᠡ ᠬᠤᠪᠢᠶᠠᠷᠢ ᠲᠣᠪᠴᠢᠶ᠎ᠠ᠂ ᠶᠡᠷᠦᠩᠬᠡᠶᠢᠯᠡᠭᠰᠡᠨ ᠰᠠᠯᠠᠭ᠎ᠠ︶᠃      ︵ᠠᠷᠪᠠᠨ ᠬᠤᠶᠠᠷ︶ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠶ᠃ ᠬᠠᠶᠢᠷᠤᠪ ᠤᠨ ᠲᠣᠬᠤᠢ ᠲᠣᠭᠤᠷᠢᠭ ᠤᠨ ︽ᠬᠠᠶᠠᠭᠳᠠᠮᠠᠯ ᠪᠣᠳᠠᠰ ᠦᠭᠡᠢ ᠬᠤᠲᠠ︾ ᠶᠢ ᠡᠭᠦᠳᠦᠨ ᠪᠠᠶᠢᠭᠤᠯᠬᠤ ᠶᠢ ᠢᠳᠡᠪᠬᠢᠲᠡᠢ ᠬᠠᠮᠵᠢᠯᠴᠠᠵᠤ᠂ ᠠᠶᠤᠯᠲᠠᠶ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠬᠠᠮᠢᠶᠠᠷᠤᠯᠲᠠ ᠶᠢ ᠦᠨᠡᠯᠡᠨ ᠵᠢᠱᠢᠬᠦ ᠠᠵᠢᠯ ᠢ ᠦᠷᠭᠦᠯᠵᠢᠯᠡᠨ ᠥᠷᠨᠢᠭᠦᠯᠵᠦ᠂ ᠠᠶᠤᠯᠲᠠᠶ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠢᠨ᠎ᠡ ᠪᠣᠬᠢᠷᠲᠤᠯ ᠪᠣᠳᠠᠰ ᠢ ᠪᠠᠶᠢᠴᠠᠭᠠᠨ ᠦᠨᠡᠯᠡᠬᠦ ᠪᠠ ᠬᠠᠮᠢᠶᠠᠷᠴᠤ ᠳᠠᠩᠰᠠᠯᠠᠨ᠎ᠠ ︵ᠡᠯ᠎ᠡ ᠬᠤᠪᠢᠶᠠᠷᠢ ᠲᠣᠪᠴᠢᠶ᠎ᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠰᠠᠴᠤᠷᠠᠭ ᠬᠢᠭᠡᠳ ᠬᠢᠮᠢ ᠶᠢᠨ ᠪᠣᠳᠠᠰ ᠲᠤ ᠬᠢᠨᠠᠯᠲᠠ ᠲᠠᠯᠪᠢᠵᠤ ᠬᠠᠮᠢᠶᠠᠷᠬᠤ ᠰᠠᠯᠠᠭ᠎ᠠ ᠮᠥᠴᠢᠷ︶᠃      ᠳᠥᠷᠪᠡ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢ ᠴᠢᠩᠭᠠᠳᠬᠠᠨ᠎ᠠ    ︵ᠠᠷᠪᠠᠨ ᠭᠤᠷᠪᠠ︶ ᠠᠮᠢ ᠠᠬᠤᠶ ᠶᠢᠨ ᠰᠡᠯᠭᠦᠨ ᠰᠡᠷᠭᠦᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠪᠠᠶᠢᠷᠢᠯᠠᠭᠤᠯᠤᠯᠲᠠ ᠶᠣᠰᠣᠭᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠠᠮᠢ ᠠᠬᠤᠶ ᠣᠷᠴᠢᠨ ᠲᠣᠭᠤᠷᠢᠨ ᠤ ᠰᠠᠭᠤᠷᠢ ᠪᠠᠶᠢᠴᠠᠭᠠᠯᠲᠠ ᠶᠢ ᠬᠠᠮᠵᠢᠯᠴᠠᠨ ᠥᠷᠨᠢᠭᠦᠯᠦᠨ᠎ᠡ᠃ ︽ᠨᠣᠭᠤᠭᠠᠨ ᠪᠠᠮᠪᠠᠢ︾ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠎ᠠ  ︵ᠡᠯ᠎ᠡ ᠬᠤᠪᠢᠶᠠᠷᠢ ᠲᠣᠪᠴᠢᠶ᠎ᠠ᠂ ᠪᠠᠶᠢᠭᠠᠯᠢ ᠶᠢᠨ ᠠᠮᠢ ᠠᠬᠤᠶ ᠬᠢᠭᠡᠳ ᠬᠢᠨᠠᠨ ᠬᠡᠮᠵᠢᠬᠦ ᠬᠠᠮᠢᠶᠠᠷᠤᠯᠲᠠ ᠶᠢᠨ ᠰᠠᠯᠠᠭ᠎ᠠ︶᠃      ︵ᠠᠷᠪᠠᠨ ᠳᠥᠷᠪᠡ︶ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠠᠢ ᠬᠠᠮᠵᠢᠯᠴᠠᠨ ᠬᠠᠳᠤᠨ ᠭᠤᠣᠯ ᠤᠨ ᠰᠠᠪᠠ ᠭᠠᠵᠠᠷ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠪᠠ ᠬᠠᠳᠤᠨ ᠭᠤᠣᠯ ᠤᠨ ᠰᠠᠪᠠ ᠭᠠᠵᠠᠷ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠰᠠᠭᠤᠷᠢ ᠪᠠᠶᠢᠴᠠᠭᠠᠯᠲᠠ ᠶᠢ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠲᠠᠢ ᠬᠠᠮᠵᠢᠯᠴᠠᠨ ᠠᠮᠢᠳᠤ ᠪᠣᠳᠠᠰ ᠤᠨ ᠰᠦᠷᠳᠡᠭᠦᠯᠦᠯ ᠳᠤ ᠤᠴᠠᠷᠠᠭᠰᠠᠨ ᠪᠠᠶᠢᠳᠠᠯ ᠵᠢᠴᠢ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠰᠡᠷᠭᠦᠭᠡᠭᠰᠡᠨ ᠦᠷ᠎ᠡ ᠪᠦᠲᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠪᠠᠶᠢᠳᠠᠯ ᠢ ᠦᠨᠡᠯᠡᠨ ᠵᠢᠱᠢᠬᠦ ᠶᠢ ᠦᠷᠨᠢᠭᠦᠯᠦᠨ᠎ᠡ ︵ᠡᠯ᠎ᠡ ᠬᠤᠪᠢᠶᠠᠷᠢ ᠲᠣᠪᠴᠢᠶ᠎ᠠ᠂ ᠪᠠᠶᠢᠭᠠᠯᠢ ᠶᠢᠨ ᠠᠮᠢ ᠠᠬᠤᠶ ᠬᠢᠭᠡᠳ ᠬᠢᠨᠠᠨ ᠰᠢᠨᠵᠢᠬᠦ ᠬᠠᠮᠢᠶᠠᠷᠤᠯᠲᠠ ᠶᠢᠨ ᠰᠠᠯᠠᠭ᠎ᠠ︶᠃      ᠲᠠᠪᠤ᠂ ᠬᠠᠤᠯᠢ ᠬᠡᠷᠡᠭᠵᠢᠬᠦᠯᠦᠯᠳᠡ ᠶᠢ ᠬᠢᠨᠠᠨ ᠬᠠᠮᠢᠶᠠᠷᠬᠤ ᠪᠠ ᠰᠠᠪᠠ ᠭᠠᠵᠠᠷ ᠢ ᠬᠤᠯᠪᠤᠭᠠᠯᠠᠨ ᠵᠠᠰᠠᠬᠤ ᠶᠢ ᠴᠢᠩᠭᠠᠳᠬᠠᠬᠤ ᠬᠡᠷᠡᠭᠳᠡᠢ    ︵ᠠᠷᠪᠠᠨ ᠲᠠᠪᠤ︶ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠣᠲᠣ ᠶᠢᠨ ᠪᠠᠶᠢᠭ᠎ᠠ ᠮᠡᠳᠡᠭᠡ ᠵᠠᠩᠭᠢᠵᠢᠯᠲᠠ ᠶᠢᠨ ᠲᠣᠨᠤᠭ ᠲᠥᠬᠦᠭᠡᠷᠦᠮᠵᠢ ᠶᠢ ᠭᠦᠢᠴᠡᠳ ᠠᠰᠢᠭᠯᠠᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠪᠠᠶᠢᠴᠠᠭᠠᠯᠲᠠ ᠶᠢ ᠥᠷᠨᠢᠭᠦᠯᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠠᠮᠢ ᠠᠬᠤᠶ ᠶᠢᠨ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ᠠᠴᠠ ᠵᠥᠷᠢᠴᠡᠭᠰᠡᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ ︵ᠡᠯ᠎ᠡ ᠬᠤᠪᠢᠶᠠᠷᠢ ᠲᠣᠪᠴᠢᠶ᠎ᠠ᠂ ᠦᠬᠠᠶ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ︶᠃          ︵ᠠᠷᠪᠠᠨ ᠵᠢᠷᠭᠤᠭ᠎ᠠ︶ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠠᠲᠤᠨ ᠭᠤᠣᠯ ᠤᠨ ᠳᠡᠭᠡᠳᠦ ᠤᠷᠤᠰᠬᠠᠯ ᠤᠨ ᠱᠢ ᠽᠦᠢ ᠱᠠᠨ ᠬᠤᠲᠠ ᠯᠤᠭ᠎ᠠ ᠶᠢᠨ ᠤᠰᠤᠨ ᠤ ᠪᠣᠬᠢᠷᠳᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠬᠠᠮᠲᠤᠷᠠᠯᠴᠠᠭᠠᠨ ᠤ ᠬᠡᠯᠡᠯᠴᠡᠭᠡᠷ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠢ ᠥᠷᠨᠢᠭᠦᠯᠵᠦ᠂ ᠬᠢᠯᠢ ᠠᠯᠤᠰᠯᠠᠭᠰᠠᠨ ᠰᠠᠪᠠ ᠭᠠᠵᠠᠷ ᠤᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠨ᠎ᠠ ︵ᠡᠯ᠎ᠡ ᠬᠤᠪᠢᠶᠠᠷᠢ ᠲᠣᠪᠴᠢᠶ᠎ᠠ᠂ ᠤᠰᠤᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠰᠠᠯᠠᠭ᠎ᠠ︶᠃      ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ      ︵ᠠᠷᠪᠠᠨ ᠳᠣᠯᠤᠭ᠎ᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠡᠯ᠎ᠡ ᠬᠤᠪᠢᠶᠠᠷᠢ ᠲᠣᠪᠴᠢᠶ᠎ᠠ᠂ ᠲᠣᠪᠴᠢᠶ᠎ᠠ ᠶᠢᠨ ᠪᠠᠶᠢᠭᠤᠯᠭ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠪᠠ ᠬᠠᠷᠢᠶ᠎ᠠ ᠠᠵᠢᠯ ᠦᠢᠯᠡᠰ ᠤᠨ ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾ ᠶᠢ ᠤᠬᠠᠭᠤᠯᠤᠨ ᠲᠤᠤᠱᠯᠠᠭᠤᠯᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠰᠤᠷᠤᠯᠴᠠᠯᠭ᠎ᠠ ᠪᠣᠯᠪᠠᠰᠤᠷᠠᠭᠤᠯᠤᠯ ᠢᠶᠠᠨ ᠴᠢᠩᠭᠠᠳᠬᠠᠨ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ ᠶᠢᠨ ᠤᠬᠠᠭᠤᠯᠭ᠎ᠠ ᠶᠢ ᠬᠠᠤᠯᠢ ᠪᠠᠷ ᠵᠠᠰᠠᠬᠤ ᠦᠢᠯᠡᠳᠦᠯᠭᠡ ᠶᠢᠨ ᠪᠥᠬᠦ ᠶᠠᠪᠤᠴᠠ ᠳᠤ ᠠᠭᠤᠰᠬᠠᠨ ᠣᠷᠣᠭᠤᠯᠵᠤ᠂ ᠪᠥᠬᠦ ᠨᠡᠶᠢᠭᠡᠮ ᠢᠶᠠᠷ ᠢᠶᠠᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ︵ᠡᠯ᠎ᠡ ᠬᠤᠪᠢᠶᠠᠷᠢ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠡ︶ ᠢ ᠪᠣᠶ ᠪᠣᠯᠭᠠᠬᠤ ᠬᠡᠷᠡᠭᠲᠡᠶ᠃ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠲᠤᠨ ᠭᠤᠤᠯ ᠤᠨ ᠬᠠᠮᠠᠭᠠᠯᠠᠯᠲᠠ ᠶᠢᠨ ᠠᠵᠢᠯ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ ᠪᠣᠯᠭᠠᠵᠤ᠂ ᠣᠯᠠᠨ ᠨᠡᠶᠢᠲᠡ ᠶᠢᠨ ᠣᠷᠣᠯᠴᠠᠬᠤ ᠲᠠᠰ ᠳᠠᠷᠠᠭᠠᠯᠠᠯ ᠢ ᠲᠡᠭᠦᠯᠳᠡᠷᠵᠢᠭᠦᠯᠦᠨ᠂ ᠨᠢᠭᠡᠴᠢ ᠪᠠ ᠬᠤᠪᠢ ᠬᠥᠮᠦᠨ ᠤ ᠬᠠᠲᠤᠨ ᠭᠤᠤᠯ ᠤᠨ ᠬᠠᠮᠠᠭᠠᠯᠠᠯᠲᠠ ᠶᠢᠨ ᠠᠵᠢᠯ ᠳᠤ ᠣᠷᠣᠯᠴᠠᠬᠤ ᠪᠠ ᠬᠢᠨᠠᠯᠲᠠ ᠲᠠᠯᠪᠢᠬᠤ ᠳᠤ ᠲᠥᠬᠦᠮ ᠦᠵᠡᠭᠦᠯᠦᠨ᠎ᠡ ︵ᠡᠯ᠎ᠡ ᠬᠤᠪᠢᠶᠠᠷᠢ ᠲᠣᠪᠴᠢᠶ᠎ᠠ᠂ ᠠᠯᠪᠠᠨ ᠬᠡᠷ︶᠃      ︵ᠠᠷᠪᠠᠨ ᠨᠠᠢᠮᠠ︶ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠵᠤ᠂ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠳᠤ ᠬᠤᠯᠪᠣᠭᠳᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠶ ᠰᠠᠶᠢᠲᠤᠷ ᠠᠳᠬᠤᠵᠤ᠂ ᠬᠠᠲᠤᠨ ᠭᠤᠤᠯ ᠤᠨ ᠰᠠᠪᠠ ᠭᠠᠵᠠᠷ ᠤᠨ ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ ᠳᠡᠭᠡᠭᠰᠢᠯᠡᠭᠦᠯᠬᠦ ᠬᠡᠷᠡᠭᠲᠡᠶ ︵ᠡᠯ᠎ᠡ ᠬᠤᠪᠢᠶᠠᠷᠢ ᠲᠣᠪᠴᠢᠶ᠎ᠠ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠬᠢᠭᠡᠳ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠠᠯᠠᠭ᠎ᠠ︶᠃ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠠᠷᠢᠭᠤᠴᠠᠵᠤ ᠪᠠᠶᠢᠭ᠎ᠠ ᠤᠯᠤᠰ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠰᠡᠷᠡᠮᠵᠢᠯᠡᠭᠦᠯᠬᠦ ᠹᠢᠯᠢᠮ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠢ ᠳᠠᠯᠳᠠᠭᠤᠷ ᠰᠤᠷᠪᠤᠯᠵᠢᠯᠠᠵᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ ︵ᠡᠯ᠎ᠡ ᠬᠤᠪᠢᠶᠠᠷᠢ ᠲᠣᠪᠴᠢᠶ᠎ᠠ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ︶᠃      ︵ᠠᠷᠪᠠ ᠶᠢᠰᠦ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃ ᠡᠯ᠎ᠡ ᠬᠤᠪᠢᠶᠠᠷᠢ ᠲᠣᠪᠴᠢᠶ᠎ᠠ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠡᠭᠦᠷᠭᠡ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠪᠥᠬᠦ ᠲᠠᠯ᠎ᠠ ᠪᠠᠷ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠬᠤᠪᠢᠶᠠᠷᠢ ᠲᠣᠪᠴᠢᠶ᠎ᠠ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠨᠦᠭᠦᠳ ︽ᠬᠡᠷᠡᠭᠵᠢᠭᠦᠯᠬᠦ ᠲᠥᠰᠥᠯ︾ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠦᠨ ᠬᠦᠷᠭᠡᠨ᠎ᠡ ︵ᠡᠯ᠎ᠡ ᠬᠤᠪᠢᠶᠠᠷᠢ ᠲᠣᠪᠴᠢᠶ᠎ᠠ᠂ ᠡᠯ᠎ᠡ ᠰᠠᠯᠠᠭ᠎ᠠ ᠲᠠᠰᠤᠭ᠂ ᠠᠵᠢᠯ ᠦᠢᠯᠡᠰ ᠤᠨ ᠨᠢᠭᠡᠴᠢ︶᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号