ᠦᠢᠯᠡᠴᠢᠯᠡᠭᠡᠨ ᠤ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠣᠨ ᠤ | ᠮᠡᠳᠡᠭᠦᠯᠦᠯᠲᠡ ᠶᠢᠨ ᠬᠦᠰᠦᠨᠦᠭᠲᠦ ᠶᠢ ᠴᠠᠭ ᠲᠤᠬᠠᠶ ᠳᠤᠨᠢ ᠴᠢᠨᠠᠷ ᠢ ᠪᠠᠲᠤᠯᠠᠨ ᠤᠷᠤᠭᠰᠢᠲᠠᠶ ᠪᠡᠶᠡᠯᠡᠭᠦᠯᠬᠦ ᠶᠢ ᠦᠨᠡᠨ | ᠬᠦ ᠪᠠᠲᠤᠯᠠᠬᠤ ᠶᠢᠨ ᠲᠥᠯᠥᠭᠡ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠦᠢᠯᠡᠴᠢᠯᠡᠭᠡᠨ ᠤ | ᠰᠠᠯᠠᠭ᠎ᠠ ᠨᠢ ᠣᠳᠣᠬᠢ ᠱᠠᠲᠤᠨ ᠤ ᠠᠵᠢᠯ ᠤᠨ ᠪᠠᠶᠢᠳᠠᠯ ᠲᠠᠢ ᠪᠠᠨ ᠤᠶᠠᠯᠳᠤᠭᠤᠯᠤᠨ᠂ 2025 ᠣᠨ ᠤ 1 ᠰᠠᠷ᠎ᠠ ᠶᠢᠨ | 16 ᠤ ᠡᠳᠦᠷ ᠤᠨ ᠦᠳᠡ ᠶᠢᠨ ᠡᠮᠦᠨ᠎ᠡ ᠦᠢᠯᠡᠴᠢᠯᠡᠭᠡᠨ ᠤ ᠦᠢᠯᠡᠰ ᠤᠨ ᠲᠤᠰᠬᠠᠶ ᠮᠡᠷᠭᠡᠵᠢᠯ ᠤᠨ ᠣᠨ ᠤ | ᠲᠣᠭᠲᠠᠭᠠᠨ ᠮᠡᠳᠡᠭᠦᠯᠬᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ | | ᠲᠣᠰ ᠤᠳᠠᠭᠠᠨ ᠤ ᠪᠣᠯᠪᠠᠰᠤᠷᠠᠭᠤᠯᠤᠯ ᠨᠢ ᠭᠤᠤᠯᠳᠠᠭᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠠᠵᠢᠯᠲᠠᠨ ᠳᠤ ᠮᠡᠳᠡᠭᠦᠯᠬᠦ ᠬᠦᠰᠦᠨᠦᠭᠲᠦ ᠶᠢᠨ ᠪᠣᠯᠪᠠᠰᠤᠷᠠᠭᠤᠯᠤᠯ ᠬᠢᠵᠦ᠂ ᠲᠣᠭᠤᠷᠢᠭ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠦᠢᠯᠡᠴᠢᠯᠡᠭᠡᠨ ᠤ ᠦᠢᠯᠡᠰ ᠤᠨ ᠬᠠᠤᠯᠢ ᠪᠠᠷ ᠵᠠᠰᠠᠬᠤ᠂ ᠬᠥᠳᠡᠯᠮᠦᠷᠢᠴᠢᠨ ᠴᠠᠯᠢᠩ ᠵᠡᠷᠭᠡ ᠬᠠᠮᠢᠶ᠎ᠠ | ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠲᠠᠢ ᠬᠠᠮᠲᠤᠷᠠᠨ ᠬᠠᠤᠯᠢ ᠴᠠᠭᠠᠵᠠ ᠶᠢᠨ ᠤᠬᠠᠭᠤᠯᠤᠨ ᠲᠠᠶᠢᠯᠪᠤᠷᠢᠯᠠᠬᠤ᠂ | ᠮᠡᠳᠡᠭᠦᠯᠬᠦ ᠬᠦᠰᠦᠨᠦᠭᠲᠦ ᠶᠢᠨ ᠲᠠᠶᠢᠯᠤᠮᠵᠢ ᠬᠢᠪᠠ᠃ ᠲᠣᠰ ᠵᠢᠯ ᠤᠨ ᠬᠤᠪᠢᠷᠠᠯᠲᠠ ᠶᠢᠨ ᠭᠦᠢᠴᠡᠳᠬᠡᠯ ᠲᠤᠭ᠎ᠠ᠂ ᠲᠠᠭᠯᠠᠨ | ᠮᠡᠳᠡᠭᠦᠯᠬᠦ ᠱᠠᠭᠠᠷᠳᠠᠯᠭ᠎ᠠ᠂ ᠠᠮᠠᠷᠬᠠᠨ ᠪᠤᠷᠤᠭᠤᠳᠠᠬᠤ ᠭᠦᠢᠴᠡᠳᠬᠡᠯ ᠲᠤᠭ᠎ᠠ ᠵᠡᠷᠭᠡ ᠠᠭᠤᠯᠭ᠎ᠠ ᠶᠢᠨ ᠲᠠᠶᠢᠯᠤᠮᠵᠢ ᠳᠤ | ᠴᠢᠭᠯᠡᠭᠦᠯᠦᠨ᠂ ᠠᠩᠬᠠᠷᠬᠤ ᠵᠦᠢᠯᠡᠰ ᠢ ᠲᠣᠳᠣᠷᠬᠠᠶᠢᠯᠠᠬᠤ ᠶᠢᠨ ᠬᠠᠮᠲᠤ ᠠᠵᠤ ᠠᠬᠤᠶᠢᠯᠠᠯ ᠤᠨ ᠠᠵᠢᠯᠲᠠᠨ ᠤ ᠬᠦᠴᠢᠷ | ᠲᠦᠪᠡᠭᠲᠡᠶ ᠠᠰᠠᠭᠤᠳᠠᠯ ᠳᠤ ᠬᠠᠷᠢᠭᠤᠯᠲᠠ ᠥᠭᠴᠦ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠶᠢᠨ ᠶᠠᠰᠤ ᠴᠢᠨᠠᠷ ᠤᠨ ᠰᠠᠭᠤᠷᠢ ᠶᠢ ᠪᠠᠬᠢᠵᠢᠭᠦᠯᠦᠨ᠎ᠡ᠃ | |