ᠠᠷᠠᠯᠵᠢᠶ᠎ᠠ ᠬᠤᠳᠠᠯᠳᠤᠭᠠᠨ ᠤ ᠬᠡᠪᠴᠢᠶᠡᠨ ᠠᠴᠠ ᠳᠡᠭᠡᠭᠰᠢᠬᠢ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠣᠨ ᠤ ᠮᠡᠳᠡᠭᠦᠯᠦᠯᠲᠡ᠂ ᠲᠣᠭᠲᠠᠭᠠᠭᠰᠠᠨ ᠮᠡᠳᠡᠭᠦᠯᠦᠯᠲᠡ ᠶᠢᠨ ᠬᠦᠰᠦᠨᠦᠭᠲᠦ ᠶᠢ ᠴᠠᠭ ᠲᠤᠬᠠᠶ ᠳᠤᠨᠢ᠂ ᠣᠨᠣᠪᠴᠢᠲᠠᠶ᠂ | ᠪᠦᠷᠢᠨ ᠪᠦᠲᠦᠨ ᠮᠡᠳᠡᠭᠦᠯᠦᠨ ᠬᠦᠷᠭᠡᠬᠦ ᠶᠢ ᠪᠠᠲᠤᠯᠠᠬᠤ ᠶᠢᠨ ᠲᠥᠯᠥᠭᠡ᠂ ᠤᠳᠠ ᠲᠣᠭᠤᠷᠢᠭ ᠤᠨ ᠲᠤᠭ᠎ᠠ | ᠪᠦᠷᠢᠳᠬᠡᠯ ᠤᠨ ᠲᠣᠪᠴᠢᠶ᠎ᠠ 2025 ᠣᠨ ᠤ 1 ᠰᠠᠷ᠎ᠠ ᠶᠢᠨ 15 ᠤ ᠡᠳᠦᠷ 2024 ᠣᠨ ᠤ ᠵᠢᠯ ᠤᠨ | ᠮᠡᠳᠡᠭᠦᠯᠦᠯᠲᠡ ᠪᠠ 2025 ᠣᠨ ᠤ ᠲᠣᠭᠲᠠᠭᠰᠠᠨ ᠮᠡᠳᠡᠭᠦᠯᠦᠯᠲᠡ ᠶᠢᠨ ᠠᠷᠠᠯᠵᠢᠶᠠᠨ ᠤ ᠲᠤᠭ᠎ᠠ ᠪᠦᠷᠢᠳᠬᠡᠯ ᠤᠨ | ᠲᠦᠷᠢᠮ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ | | | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠠᠤᠯᠢ ᠪᠠᠷ ᠵᠠᠰᠠᠬᠤ ᠲᠤᠰᠬᠠᠶ ᠮᠡᠷᠭᠡᠵᠢᠯ ᠤᠨ ᠠᠵᠢᠯᠲᠠᠳ ᠡᠩ | ᠲᠡᠷᠢᠭᠦᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠤᠭ᠎ᠠ ᠪᠦᠷᠢᠳᠬᠡᠯ ᠤᠨ ᠬᠠᠤᠯᠢ︾ ᠶᠢ ᠬᠤᠪᠢᠶᠠᠯᠴᠠᠵᠤ᠂ ᠪᠣᠳᠠᠲᠠᠶ ᠬᠡᠷᠡᠭ ᠤᠨ ᠵᠢᠱᠢᠶ᠎ᠡ ᠪᠠᠷ ᠬᠠᠤᠯᠢ ᠴᠠᠭᠠᠵᠠ ᠬᠠᠤᠯᠢ | ᠲᠣᠭᠲᠠᠭᠠᠯ ᠤᠨ ᠪᠣᠳᠠᠲᠠᠶ ᠠᠭᠤᠯᠤᠭᠳᠠᠬᠤᠨ ᠢ ᠲᠣᠳᠣᠷᠬᠠᠶᠢᠯᠠᠨ ᠥᠭᠦᠯᠡᠵᠦ᠂ ᠵᠠᠯᠭᠠᠭᠠᠳ ᠠᠷᠠᠯᠵᠢᠶ᠎ᠠ᠂ ᠠᠵᠢᠯ | ᠡᠷᠭᠢᠯᠡᠭᠰᠡᠳ ᠤᠨ ᠬᠥᠳᠡᠯᠮᠦᠷᠢ ᠴᠠᠯᠢᠩ᠂ ᠡᠨᠧᠷᠭᠢ ᠶᠢᠨ ᠡᠯ᠎ᠡ ᠲᠤᠰᠬᠠᠶ ᠮᠡᠷᠭᠡᠵᠢᠯ ᠤᠨ ᠠᠵᠢᠯᠲᠠᠨ ᠠᠴᠠ ᠲᠣᠰ ᠲᠣᠰ | ᠠᠷᠠᠯᠵᠢᠶ᠎ᠠ ᠠᠵᠤ ᠠᠬᠤᠶ ᠶᠢᠨ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠡᠬᠡ ᠲᠠᠩᠰᠠ ᠵᠢᠴᠢ ᠵᠢᠯ᠂ | ᠲᠣᠭᠲᠠᠭᠠᠨ ᠮᠡᠳᠡᠭᠦᠯᠬᠦ ᠲᠦᠷᠢᠮ ᠢ ᠲᠠᠶᠢᠯᠪᠤᠷᠢᠯᠠᠪᠠ᠃ ᠲᠠᠶᠢᠯᠤᠮᠵᠢ ᠬᠢᠬᠦ ᠶᠠᠪᠤᠴᠠ ᠳᠤ᠂ ᠲᠤᠰᠬᠠᠶ ᠮᠡᠷᠭᠡᠵᠢᠯ ᠤᠨ | ᠠᠵᠢᠯᠲᠠᠨ ᠵᠠᠩᠭᠢᠯᠠᠭ᠎ᠠ ᠶᠢᠨ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢᠨ ᠲᠠᠶᠢᠯᠤᠮᠵᠢ ᠶᠢ ᠳᠣᠪᠤᠶᠢᠯᠭᠠᠨ᠂ | ᠠᠩᠬᠠᠷᠬᠤ ᠵᠦᠢᠯᠡᠰ ᠢ ᠲᠣᠳᠣᠷᠬᠠᠶᠢᠯᠠᠵᠤ᠂ ᠲᠤᠬᠠᠶ ᠶᠢᠨ ᠲᠠᠯᠠᠪᠤᠷ ᠲᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠠᠵᠢᠯᠲᠠᠨ ᠤ ᠬᠦᠴᠢᠷ ᠲᠦᠪᠡᠭᠲᠡᠶ ᠠᠰᠠᠭᠤᠳᠠᠯ ᠳᠤ ᠬᠠᠷᠢᠭᠤᠯᠲᠠ ᠥᠭᠪᠡ᠃ ᠲᠣᠰ ᠤᠳᠠᠭᠠᠨ ᠤ | ᠪᠣᠯᠪᠠᠰᠤᠷᠠᠭᠤᠯᠤᠯ ᠢᠶᠠᠷ ᠳᠡᠮᠵᠢᠨ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠲᠤᠭ᠎ᠠ | ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ | ᠲᠠᠷᠠᠭᠠᠴᠢ ᠶᠢᠨ ᠠᠷᠠᠯᠵᠢᠶ᠎ᠠ ᠠᠵᠤ ᠠᠬᠤᠶ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠰᠠᠭᠤᠷᠢ ᠶᠢ | ᠪᠠᠲᠤᠳᠬᠠᠪᠠ᠃ |