ᠥᠪᠥᠷ ᠮᠣᠩᠭᠤᠯ ᠤᠨ ᠡᠳᠦᠷ ᠤᠨ ᠰᠣᠨᠢᠨ ᠤ ᠲᠤᠰᠬᠠᠶ ᠰᠤᠷᠪᠤᠯᠵᠢᠯᠠᠭ᠎ᠠ—ᠤᠳᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ᠄ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠡᠷᠡᠯᠬᠡᠭᠯᠡᠨ ᠤᠷᠤᠭᠰᠢᠯᠠᠬᠤ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2025/1/17
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠴᠢᠨᠠᠭᠰᠢᠲᠠ ᠪᠦᠬᠦ ᠲᠠᠯ᠎ᠠ ᠪᠠᠷ ᠭᠦᠨᠵᠡᠭᠡᠢᠷᠡᠭᠦᠯᠬᠦ ᠰᠢᠨ᠎ᠡ ᠵᠢᠷᠤᠭ  ᠲᠥᠯᠦᠪᠯᠡᠭᠡ ᠶᠢ ᠵᠢᠷᠤᠭᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠤᠬᠢᠴᠢᠯᠠᠯᠲᠠ ᠶᠢᠨ ᠥᠷᠭᠡᠨ ᠠᠭᠤᠳᠠᠮ ᠢᠷᠡᠭᠡᠳᠦᠢ ᠶᠢ ᠨᠡᠭᠡᠭᠡᠪᠡ᠃ ᠦᠬᠠᠢ ᠬᠤᠳᠠ ᠶᠢᠨ ᠤᠳᠠ ᠲᠣᠭᠤᠷᠢᠭ ᠤᠨ ᠬᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠲᠡᠷᠡ ᠳᠠᠷᠤᠢ ᠳᠤᠨᠢ ᠲᠤᠭᠤᠷᠢᠭ ᠤᠨ ᠨᠠᠮ ᠤᠨ ᠬᠤᠷᠢᠶᠠᠨ ᠤ ᠪᠦᠬᠦᠳᠡ ᠬᠤᠷᠠᠯ ᠢ ᠬᠤᠷᠠᠯᠳᠤᠭᠤᠯᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ︾ ᠢ ᠰᠤᠳᠤᠯᠤᠨ ᠲᠣᠭᠲᠠᠭᠠᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠤᠷᠢᠭ᠎ᠠ ᠴᠡᠭ ᠤᠨ ᠲᠦᠭᠵᠢᠷᠡᠯ ᠤᠨ ᠠᠰᠠᠭᠤᠳᠠᠯ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ᠂ 95 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠬᠦᠴᠦᠨ ᠢᠶᠠᠷ ᠡᠯ᠎ᠡ ᠵᠦᠢᠯ ᠤᠨ ᠦᠢᠯᠡᠰ ᠤᠨ ᠰᠢᠨ᠎ᠡ ᠠᠬᠢᠴᠠ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠣᠶᠢᠷ᠎ᠠ ᠳᠤ᠂ ᠰᠤᠷᠪᠤᠯᠵᠢᠯᠠᠭᠴᠢ ᠤᠳᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠢ ᠰᠤᠷᠪᠤᠯᠵᠢᠯᠠᠪᠠ᠃      ᠥᠪᠥᠷ ᠮᠣᠩᠭᠤᠯ ᠤᠨ ᠡᠳᠦᠷ ᠤᠨ ᠰᠣᠨᠢᠨ᠄ ᠤᠳᠠ ᠲᠣᠭᠤᠷᠢᠭ ᠬᠡᠷᠬᠢᠨ ᠥᠭᠡᠷᠡᠴᠢᠯᠡᠯᠲᠡ ᠶᠢᠨ ᠠᠷᠭ᠎ᠠ ᠪᠠᠷᠢᠯ ᠢ ᠬᠡᠷᠡᠭᠯᠡᠨ ᠠᠵᠤ ᠠᠬᠤᠶ ᠶᠢᠨ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠬᠦ ᠪᠣᠶ︖      ᠶᠠᠨ ᠸᠧᠨ ᠯᠦᠩ᠄ ᠤᠳᠠ ᠲᠣᠭᠤᠷᠢᠭ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ  ᠬᠠᠶᠢᠨ ᠰᠦᠪᠡᠭᠴᠢᠯᠡᠵᠦ᠂ ︽ᠪᠠᠭ᠎ᠠ ᠵᠦᠢᠯ ᠢᠶᠠᠷ︾ ᠬᠤᠳᠠᠯᠳᠤᠭ᠎ᠠ ᠡᠷᠬᠢᠯᠡᠬᠦ ︽ᠶᠡᠭᠡ ᠣᠷᠴᠢᠨ ᠲᠣᠭᠤᠷᠢᠨ︾ ᠢ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠤᠰᠬᠠᠶᠢᠵᠢᠭᠰᠠᠨ ᠰᠢᠭᠦᠬᠦ ᠲᠢᠩᠬᠢᠮ ᠤᠳᠠ ᠲᠣᠭᠤᠷᠢᠭ ᠲᠤ ᠨᠤᠲᠤᠭᠰᠢᠵᠤ᠂ ᠦᠬᠠᠶ ᠬᠤᠲᠠ ᠶᠢᠨ ᠠᠩᠬᠠᠳᠠᠭᠴᠢ ᠨᠡᠭᠡᠭᠡᠯᠲᠡ ᠶᠢᠨ ᠤᠷᠤᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠶᠡᠭᠡ ᠲᠢᠩᠬᠢᠮ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ 75 ᠵᠦᠢᠯ ᠤᠨ ᠦᠢᠯᠡᠴᠢᠯᠡᠭᠡᠨ ᠤ ᠵᠦᠢᠯᠡᠰ ᠢ ︽ᠠᠵᠤ ᠠᠬᠤᠶᠢᠯᠠᠯ ᠭᠡᠷ ᠲᠤᠨᠢ ᠬᠦᠷᠬᠦ︾ ᠠᠴᠠ ︽ᠦᠢᠯᠡᠴᠢᠯᠡᠭᠡᠨ ᠤ ᠬᠦᠷᠢᠶᠡᠯᠡᠩ ᠳᠤ ᠣᠷᠣᠭᠤᠯᠬᠤ︾ ᠪᠣᠯᠭᠠᠨ ᠬᠤᠪᠢᠷᠠᠭᠤᠯᠵᠤ᠂ ᠦᠬᠠᠶ ᠬᠤᠲᠠ ᠶᠢᠨ ᠠᠩᠬᠠᠳᠠᠭᠴᠢ ︽ᠤᠰᠤᠨ ᠤ ᠡᠷᠬᠡ ᠶᠢᠨ ᠵᠢᠭᠡᠯᠡᠯᠭᠡ︾ ᠶᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠥᠬᠦ ᠪᠥᠮᠪᠥᠷᠴᠡᠭ ᠤᠨ ᠲᠠᠩ ᠱᠤᠭᠤᠮ ᠤᠨ ᠬᠡᠪᠴᠢᠶ᠎ᠡ ᠪᠠᠷ ᠬᠠᠮᠤᠭ ᠤᠨ ᠶᠡᠭᠡ 30 ᠲᠦᠮᠡᠨ ᠲᠣᠨ BDO᠂ 12 ᠲᠦᠮᠡᠨ ᠲᠣᠨ PTMEG ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠤᠯᠤᠰ ᠤᠨ ᠳᠣᠲᠣᠭᠠᠳᠤ ᠶᠢᠨ ᠬᠠᠮᠤᠭ ᠤᠨ ᠰᠢᠯᠢᠳᠡᠭ ᠲᠠᠰ ᠤᠨ ᠴᠢᠭᠢᠭᠯᠢᠭ ᠡᠯᠧᠺᠲᠷᠣᠨ ᠲᠠᠰ ᠤᠨ ᠳᠠᠪᠤᠰᠤᠨ ᠬᠦᠴᠢᠯ ᠤᠨ ᠲᠣᠨᠤᠭ ᠲᠥᠬᠦᠭᠡᠷᠦᠮᠵᠢ ᠪᠠᠷ ᠮᠠᠲ᠋ᠧᠷᠢᠶᠠᠯ ᠣᠷᠣᠭᠤᠯᠤᠨ ᠲᠡᠷᠭᠡ ᠵᠢᠯᠣᠭᠤᠳᠴᠤ᠂ 5 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠲᠠᠩ ᠲᠥᠷᠥᠯ ᠤᠨ ᠮᠠᠩᠯᠠᠶ ᠳᠤ ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 10 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠳᠤ ᠣᠷᠣᠵᠤ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 70% ᠠᠴᠠ ᠳᠡᠭᠡᠭᠰᠢ ᠳᠤ ᠬᠦᠷᠴᠦ᠂ ᠶᠠᠭ ︽ᠨᠡᠭᠦᠷᠡᠰᠦ ᠭᠠᠭᠴᠠᠭᠠᠷ ᠶᠡᠭᠡ︾ ᠪᠠᠶᠢᠭᠰᠠᠨ ᠠᠴᠠ ︽ᠣᠯᠠᠨ ᠡᠰᠢᠳᠦ ᠬᠥᠭᠵᠢᠯᠲᠡ︾ ᠪᠣᠯᠵᠣ ᠪᠠᠶᠢᠨ᠎ᠠ᠃     ᠥᠪᠥᠷ ᠮᠣᠩᠭᠤᠯ ᠤᠨ ᠡᠳᠦᠷ ᠤᠨ ᠰᠣᠨᠢᠨ᠄ ᠤᠳᠠ ᠲᠣᠭᠤᠷᠢᠭ ᠬᠡᠷᠬᠢᠨ ᠥᠭᠡᠷᠡᠴᠢᠯᠡᠯᠲᠡ ᠶᠢᠨ ᠠᠷᠭ᠎ᠠ ᠪᠠᠷᠢᠯ ᠢ ᠬᠡᠷᠡᠭᠯᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠮᠢᠵᠢᠷᠠᠯ ᠤᠨ ᠬᠦᠴᠦᠨ ᠨᠡᠮᠡᠷᠢᠯᠡᠬᠦ ᠪᠣᠶ︖      ᠶᠠᠨ ᠸᠧᠨ ᠯᠦᠩ᠄ ᠤᠳᠠ ᠲᠣᠭᠤᠷᠢᠭ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠣᠲᠠᠲᠠᠢ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠰᠢᠨ᠎ᠡ ᠶᠢ ᠡᠭᠦᠳᠬᠦ ᠤᠷᠤᠯᠳᠤᠭᠠᠨ ᠤ ᠵᠠᠮ ᠳᠡᠭᠡᠷ᠎ᠡ ᠬᠤᠷᠳᠤᠴᠠ ᠪᠠᠨ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ 2᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 1᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 3᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠵᠢᠵᠢᠭ ᠠᠵᠤ ᠠᠬᠤᠶᠢᠯᠠᠯ 7᠂ ᠨᠦᠢᠲᠠᠨ ᠡᠯᠧᠺᠲᠷᠣᠨ ᠲᠠᠰ ᠤᠨ ᠳᠠᠪᠤᠰᠤᠨ ᠬᠦᠴᠢᠯ ᠤᠨ ᠵᠠᠩᠭᠢᠯᠠᠭ᠎ᠠ ᠶᠢᠨ ᠮᠡᠷᠭᠡᠵᠢᠯ ᠢ ᠥᠨᠳᠥᠷ ᠴᠡᠪᠡᠷ ᠲᠠᠰ ᠤᠨ ᠬᠢᠮᠢ ᠶᠢᠨ ᠠᠵᠤ ᠠᠬᠤᠶᠢᠯᠠᠯ ᠢ ᠤᠯᠤᠰᠴᠢᠯᠠᠨ ᠦᠢᠯᠡᠳᠪᠦᠷᠢᠯᠡᠬᠦ ᠪᠠᠷ ︽ᠪᠣᠭᠤᠮᠢᠯᠠᠬᠤ︾ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠵᠦ᠂ 2 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠦᠢᠯᠡᠴᠢᠯᠡᠭᠡᠨ ᠤ ᠬᠤᠳᠠᠯᠳᠤᠭᠠᠴᠢᠨ ᠤ ᠨᠡᠷᠡᠰ ᠲᠤ ᠰᠣᠩᠭᠤᠭᠳᠠᠵᠤ᠂ ᠦᠬᠠᠶ ᠬᠤᠲᠠ ᠳᠤ ᠬᠡᠪᠴᠢᠶᠡᠵᠢᠯ ᠠᠴᠠ ᠳᠡᠭᠡᠭᠰᠢᠬᠢ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠡᠮᠳᠡᠭ ᠤᠨ ᠵᠠᠳᠠᠯᠤᠯᠲᠠ ᠶᠢ ᠪᠦᠬᠦᠨ ᠢ ᠬᠠᠮᠤᠷᠬᠤ ᠶᠢ ᠡᠩ ᠲᠡᠷᠢᠭᠦᠨ ᠳᠤ ᠪᠡᠶᠡᠯᠡᠭᠦᠯᠵᠦ᠂ ︽ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠷᠬᠡᠭ ᠬᠦᠷᠢᠶᠡᠯᠡᠩ ᠲᠣᠭᠤᠷᠢᠭ︾ ᠢᠶᠠᠷ ᠦᠨᠡᠯᠡᠭᠳᠡᠪᠡ᠃      ᠥᠪᠥᠷ ᠮᠣᠩᠭᠤᠯ ᠤᠨ ᠡᠳᠦᠷ ᠤᠨ ᠰᠣᠨᠢᠨ᠄ ᠤᠳᠠ ᠲᠣᠭᠤᠷᠢᠭ ᠬᠡᠷᠬᠢᠨ ᠥᠭᠡᠷᠡᠴᠢᠯᠡᠯᠲᠡ ᠶᠢᠨ ᠠᠷᠭ᠎ᠠ ᠪᠠᠷᠢᠯ ᠢ ᠬᠡᠷᠡᠭᠯᠡᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠲᠥᠯᠥᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠪᠣᠶ︖      ᠶᠠᠨ ᠸᠧᠨ ᠯᠦᠩ᠄ ᠤᠳᠠ ᠲᠣᠭᠤᠷᠢᠭ ᠥᠭᠡᠷᠡᠴᠢᠯᠡᠯᠲᠡ ᠶᠢᠨ ᠠᠷᠭ᠎ᠠ ᠪᠠᠷ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠣᠯᠠᠨ ᠲᠦᠮᠡᠨ ᠤ ᠪᠠᠴᠢᠮ ᠲᠤᠯᠭᠠᠮ᠎ᠠ ᠠᠰᠠᠭᠤᠳᠠᠯ ᠢ ᠰᠢᠢᠳᠪᠦᠷᠢᠯᠡᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠪᠦᠯᠦᠭᠵᠢᠭᠦᠯᠬᠦ᠂ ᠨᠢᠭᠡ ᠴᠣᠭᠴᠠᠵᠢᠭᠤᠯᠤᠨ ᠰᠤᠷᠭᠠᠭᠤᠯᠢ ᠡᠷᠭᠢᠯᠡᠬᠦ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ︽ᠦᠨᠳᠦᠰᠦᠨ ᠳᠡᠭᠡᠨ ᠲᠡᠩᠴᠡᠭᠦᠷᠢᠲᠡᠶ ᠪᠠᠶᠢᠬᠤ︾ ᠠᠴᠠ ︽ᠴᠢᠨᠠᠷ ᠰᠠᠶᠢᠲᠠᠶ ᠲᠡᠩᠴᠡᠭᠦᠷᠢᠲᠡᠶ ᠪᠣᠯᠭᠠᠬᠤ︾ ᠶᠢ ᠪᠥᠬᠦ ᠬᠡᠯᠬᠢᠶ᠎ᠡ ᠪᠠᠷ ᠠᠬᠢᠭᠤᠯᠵᠤ᠂ ︽ᠰᠤᠷᠬᠤ ᠳᠤ ᠰᠢᠯᠢᠳᠡᠭ ᠪᠣᠯᠭᠠᠨ ᠳᠡᠭᠡᠭᠰᠢᠯᠡᠭᠦᠯᠬᠦ ᠶᠢ ᠪᠥᠬᠦ ᠬᠡᠯᠬᠢᠶ᠎ᠡ ᠪᠠᠷ ᠠᠬᠢᠭᠤᠯᠤᠨ᠎ᠠ᠃ ᠬᠠᠷᠢᠶᠠᠲᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠤᠳᠠ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠪᠡᠭᠡᠵᠢᠩ ᠶᠡᠭᠡ ᠰᠤᠷᠭᠠᠭᠤᠯᠢ ᠶᠢᠨ ᠲᠡᠷᠢᠭᠦᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠶᠡᠭᠡ ᠰᠤᠷᠭᠠᠭᠤᠯᠢ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠡᠮᠴᠢᠯᠡᠭᠡᠨ ᠤ ᠬᠤᠯᠪᠣᠭᠠᠲᠤ ᠴᠣᠭᠴᠠ ᠶᠢ ᠠᠮᠵᠢᠯᠲᠠ ᠲᠠᠢ ᠪᠠᠶᠢᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠢ ︽ᠣᠶᠢᠷ᠎ᠠ ᠬᠠᠪᠢ ᠳᠤᠨᠢ ᠰᠢᠯᠢᠳᠡᠭ ᠦᠢᠯᠡᠴᠢᠯᠡᠭᠡ︾ ᠪᠣᠯᠭᠠᠬᠤ ᠪᠠᠷ ᠴᠢᠷᠮᠠᠶᠢᠨ᠎ᠠ᠃ ᠰᠢᠭᠢᠳᠭᠡᠬᠦ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠪᠠᠷ ᠠᠬᠢᠭᠤᠯᠵᠤ᠂ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠂ ︽ᠲᠥᠪ ᠲᠣᠭᠤᠭᠠᠨ ᠬᠡᠷ ᠤᠨ ᠬᠤᠭᠤᠯᠠ ᠲᠤᠰᠠᠯᠠᠬᠤ ᠴᠡᠭ ᠲᠤ ᠬᠤᠭᠤᠯᠠ ᠬᠦᠷᠭᠡᠬᠦ ᠲᠡᠷᠭᠡ︾ ︽18N︾ ᠬᠤᠭᠤᠯᠠ ᠲᠤᠰᠠᠯᠠᠬᠤ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠪᠠᠶᠢᠭᠤᠯᠵᠤ᠂ 1 ᠲᠥᠪ ᠲᠣᠭᠤᠭᠠᠨ ᠬᠡᠷ᠂ 8 ᠬᠤᠭᠤᠯᠠᠨ ᠬᠡᠷ ᠢ ᠲᠣᠭᠲᠠᠭᠤᠨ ᠢᠶᠠᠷ ᠡᠵᠡᠩᠨᠡᠵᠦ᠂ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ ᠶᠢᠨ ᠬᠤᠭᠤᠯᠠ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ ︽ᠨᠢᠭᠡ ᠵᠢᠵᠢᠭ ᠲᠣᠭᠤᠷᠢᠭ ᠲᠤ ᠨᠢᠭᠡ ᠲᠥᠰᠥᠯ︾ ᠢ ᠲᠣᠭᠲᠠᠭᠠᠵᠤ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠭᠦᠢᠴᠡᠳᠬᠡᠬᠦ ᠳᠤ ᠬᠦᠴᠢᠷᠲᠡᠢ ᠪᠠᠶᠢᠬᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ 8380 ᠡᠷᠦᠬᠡ ᠰᠠᠭᠤᠭᠠᠯᠢ ᠠᠷᠠᠳ ᠤᠨ ᠦᠨᠡᠮᠯᠡᠯ ᠭᠦᠢᠴᠡᠳᠬᠡᠬᠦ ᠳᠤ ᠬᠦᠴᠢᠷᠲᠡᠢ ᠪᠠᠶᠢᠬᠤ ᠬᠦᠴᠢᠷ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠣᠯᠠᠨ ᠲᠦᠮᠡᠨ ᠤ ᠠᠮᠤᠷ ᠠᠮᠤᠭᠤᠯᠠᠩ ᠪᠠᠶᠢᠬᠤ ᠬᠦᠰᠡᠯ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃      ᠥᠪᠥᠷ ᠮᠣᠩᠭᠤᠯ ᠤᠨ ᠡᠳᠦᠷ ᠤᠨ ᠰᠣᠨᠢᠨ᠄ ᠤᠳᠠ ᠲᠣᠭᠤᠷᠢᠭ ᠬᠡᠷᠬᠢᠨ ᠥᠭᠡᠷᠡᠴᠢᠯᠡᠯᠲᠡ ᠶᠢᠨ ᠠᠷᠭ᠎ᠠ ᠪᠠᠷᠢᠯ ᠢ ᠬᠡᠷᠡᠭᠯᠡᠨ ᠦᠨᠳᠦᠰᠦᠨ ᠱᠠᠲᠤᠨ ᠤ ᠵᠠᠰᠠᠯᠲᠠ ᠳᠤ ᠴᠢᠳᠠᠪᠤᠷᠢ ᠣᠯᠭᠤᠬᠤ ᠪᠣᠶ︖      ᠶᠠᠨ ᠸᠧᠨ ᠯᠦᠩ᠄ ᠤᠳᠠ ᠲᠣᠭᠤᠷᠢᠭ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠡᠨᠧᠷᠭᠢ ᠣᠯᠭᠤᠬᠤ ᠶᠢ ᠠᠬᠢᠭᠤᠯᠬᠤ ᠶᠢ ᠪᠠᠷᠢᠮᠲᠠᠯᠠᠵᠤ᠂ ︽ᠨᠠᠢᠮᠠ ᠶᠢ ᠨᠢᠭᠡ ᠴᠤᠬᠴᠠᠵᠢᠭᠤᠯᠬᠤ︾ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ 3 ᠵᠦᠢᠯ ᠤᠨ ᠠᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠵᠢᠵᠢᠭ ᠮᠣᠷᠢ ᠪᠠᠷ ᠶᠡᠭᠡ ᠲᠡᠷᠭᠡ ᠠᠴᠢᠬᠤ︾ ᠶᠢ ᠵᠠᠰᠠᠬᠤ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠲᠠᠩᠰᠠ ᠶᠢ ᠲᠣᠭᠲᠠᠭᠠᠵᠤ᠂ ᠨᠡᠶᠢᠭᠡᠮ ᠲᠣᠭᠤᠷᠢᠭ ᠤᠨ ︽ᠲᠠᠪᠤᠨ ᠬᠥᠮᠦᠨ ᠤ ᠳᠤᠭᠤᠶᠢᠯᠠᠩ︾ ᠤᠨ ᠠᠵᠢᠯ ᠤᠨ ᠶᠠᠪᠤᠳᠠᠯ ᠤᠨ ᠵᠥᠪᠰᠢᠶᠡᠷᠡᠯ ᠤᠨ ᠬᠢᠨᠠᠨ ᠬᠠᠷᠭᠤᠭᠤᠯᠬᠤ ᠪᠠ ᠬᠥᠳᠡᠯᠦᠩᠭᠦᠢ ᠪᠠᠷ ᠲᠤᠬᠢᠷᠠᠭᠤᠯᠬᠤ ᠲᠣᠭᠲᠠᠴᠠ ᠶᠢ ᠬᠡᠷᠡᠭᠵᠢᠭᠦᠯᠵᠦ᠂ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠰᠦᠯᠵᠢᠶᠡᠨ ᠤ ᠨᠠᠷᠢᠯᠢᠭᠵᠢᠭᠤᠯᠬᠤ︾ ᠶᠢ ᠵᠠᠰᠠᠬᠤ ᠲᠣᠭᠲᠠᠴᠠ ᠶᠢ ᠲᠤᠷᠰᠢᠨ ᠬᠡᠷᠡᠭᠵᠢᠭᠦᠯᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠦᠬᠠᠢ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ  ᠪᠢᠴᠢᠭᠯᠡᠨ᠎ᠡ᠃
1.jpg    
   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号