ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠦᠬᠠᠶ ᠶᠢᠨ ᠪᠠᠶᠢᠴᠠᠭᠠᠬᠤ ᠠᠩᠭᠢ ᠪᠠᠶᠢᠴᠠᠭᠠᠯᠲᠠ ᠶᠢᠨ | ᠡᠲᠡᠭᠡᠳ ᠲᠤ ᠲᠠᠯᠠᠷᠬᠠᠬᠤ ᠶᠢᠨ ᠲᠥᠯᠥᠭᠡ᠂ 1 ᠰᠠᠷ᠎ᠠ ᠶᠢᠨ 2 ᠤᠨ ᠡᠳᠦᠷ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠦᠬᠠᠶ ᠶᠢᠨ ᠪᠠᠶᠢᠴᠠᠭᠠᠬᠤ ᠠᠩᠭᠢ ᠶᠢᠨ ᠳᠠᠷᠤᠭ᠎ᠠ ᠯᠢ ᠵᠢᠶ ᠬᠤᠩ ᠳᠤᠭᠤᠶᠢᠯᠠᠩ ᠳᠠᠭᠠᠭᠤᠯᠤᠨ | ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠦ ︽ᠴᠠᠭᠠᠨ ᠰᠠᠷ᠎ᠠ ᠶᠢᠨ ᠲᠣᠬᠤᠨᠢᠭᠤᠯᠤᠯ ᠳᠤ | ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠠᠭᠤᠷᠢ ᠶᠢ | ᠪᠠᠲᠤᠳᠬᠠᠬᠤ︾ 2025 ᠣᠨ ᠤ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠶᠢᠨ ᠲᠠᠯ᠎ᠠ ᠪᠠᠷ᠂ ᠯᠢ ᠵᠢᠶ ᠬᠤᠩ ᠠᠩᠭᠢ ᠶᠢᠨ ᠳᠠᠷᠤᠭ᠎ᠠ ᠨᠢᠭᠡ ᠳᠤ ᠪᠠᠶᠢᠴᠠᠭᠠᠭᠳᠠᠬᠤ ᠡᠲᠡᠭᠡᠳ | ᠵᠢᠴᠢ ᠲᠤᠰᠠᠯᠠᠬᠤ ᠪᠠᠶᠢᠴᠠᠭᠠᠭᠴᠢ ᠶᠢᠨ ᠤᠯᠤᠰ ᠤᠨ ᠪᠠᠶᠢᠴᠠᠭᠠᠯᠲᠠ ᠶᠢᠨ ᠠᠵᠢᠯ ᠳᠤ ᠬᠦᠴᠦᠲᠡᠶ ᠳᠡᠮᠵᠢᠯᠭᠡ ᠪᠠ | ᠬᠠᠮᠵᠢᠯᠴᠠᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠬᠤᠶᠠᠷ ᠲᠤ᠂ ᠴᠠᠭᠠᠨ ᠰᠠᠷ᠎ᠠ ᠶᠢᠨ | ᠬᠤᠭᠤᠴᠠᠭᠠᠨ ᠳᠤ ᠲᠠᠩᠰᠠ ᠲᠡᠮᠳᠡᠭᠯᠡᠬᠦ ᠶᠢ ᠬᠡᠷᠬᠢᠨ ᠣᠨᠣᠪᠴᠢᠲᠠᠶ ᠲᠡᠮᠳᠡᠭᠯᠡᠬᠦ ᠲᠤᠬᠠᠶ ᠨᠠᠷᠢᠨ ᠨᠢᠮᠪᠠᠶ ᠪᠣᠯᠪᠠᠰᠤᠷᠠᠯ | ᠥᠷᠨᠢᠭᠦᠯᠪᠡ᠃ ᠯᠢ ᠵᠢᠶ ᠬᠤᠩ ᠠᠩᠭᠢ ᠶᠢᠨ ᠳᠠᠷᠤᠭ᠎ᠠ ᠡᠯ᠎ᠡ ᠨᠡᠶᠢᠭᠡᠮ ᠲᠣᠭᠤᠷᠢᠭ ᠤᠨ ᠪᠠᠶᠢᠴᠠᠭᠠᠬᠤ ᠡᠲᠡᠭᠡᠳ ᠤᠨ | ᠨᠢᠭᠡ ᠵᠢᠯ ᠤᠨ ᠲᠤᠷᠰᠢᠬᠢ ᠰᠢᠷᠭᠠᠭᠤ ᠬᠠᠲᠠᠭᠤᠵᠢᠯᠲᠠᠶ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠰᠠᠭᠤᠭᠠᠯᠢ | ᠡᠷᠦᠬᠡ ᠶᠢᠨ ᠪᠠᠶᠢᠴᠠᠭᠠᠯᠲᠠ ᠶᠢᠨ ᠠᠵᠢᠯ ᠤᠨ ᠴᠢᠬᠤᠯᠠ ᠴᠢᠨᠠᠷ᠂ ᠲᠤᠰᠬᠠᠶ ᠮᠡᠷᠭᠡᠵᠢᠯ ᠤᠨ ᠴᠢᠨᠠᠷ ᠪᠠ | ᠤᠬᠠᠭᠤᠯᠭ᠎ᠠ ᠶᠢᠨ ᠭᠤᠤᠯᠳᠠᠯᠭ᠎ᠠ ᠶᠢᠨ ᠲᠣᠭᠤᠷᠢᠨ ᠳᠤ ᠭᠤᠤᠯᠳᠠᠯᠭ᠎ᠠ ᠲᠠᠢ ᠴᠢᠬᠤᠯᠠᠴᠢᠯᠠᠭᠰᠠᠨ ᠪᠥᠭᠡᠳ ᠪᠥᠬᠦ | ᠲᠠᠩᠰᠠ ᠲᠡᠮᠳᠡᠭᠯᠡᠬᠦ ᠡᠷᠦᠬᠡ ᠳᠤ ᠡᠳᠦᠷ ᠲᠤᠲᠤᠮ ᠤᠨ ᠲᠠᠩᠰᠠ ᠲᠡᠮᠳᠡᠭᠯᠡᠬᠦ ᠠᠵᠢᠯ ᠢ ᠦᠨᠡᠨ ᠬᠦ ᠰᠠᠶᠢᠲᠤᠷ ᠬᠢᠵᠦ᠂ | ᠡᠳᠦᠷ ᠤᠨ ᠲᠠᠩᠰᠠ ᠲᠡᠮᠳᠡᠭᠯᠡᠬᠦ ᠲᠤᠭ᠎ᠠ ᠪᠠᠷᠢᠮᠲᠠ ᠶᠢ ᠳᠠᠬᠢᠨ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃ | |