1 ᠰᠠᠷ᠎ᠠ ᠶᠢᠨ 20 ᠤ ᠡᠳᠦᠷ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ | ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ | ᠰᠤᠷᠤᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠬᠢᠯᠡᠭᠰᠡᠨ ᠪᠥᠭᠡᠳ | ᠶᠠᠷᠢᠶ᠎ᠠ ᠲᠠᠯᠪᠢᠪᠠ᠃ | ᠭᠦᠸᠧ ᠱᠢ ᠯᠦᠩ᠂ ᠯᠢ ᠴᠦᠨ ᠶᠠᠨ᠂ ᠵᠠᠩ ᠸᠧᠢ ᠳ᠋ᠦᠩ᠂ ᠯᠢᠦ ᠬᠠᠢ ᠺᠤᠸᠠᠨ ᠰᠤᠷᠤᠯᠴᠠᠯᠭ᠎ᠠ ᠶᠢᠨ ᠭᠤᠣᠯ | ᠰᠡᠳᠦᠪ ᠤᠨ ᠲᠣᠭᠤᠷᠢᠨ ᠳᠤ ᠲᠤᠰ ᠪᠡᠶ᠎ᠡ ᠶᠢᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ | ᠲᠤᠬᠠᠢ ᠴᠢᠬᠤᠯᠠ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ | ᠪᠠᠶᠢᠭᠤᠯᠤᠯᠲᠠ ᠶᠢᠨ ᠠᠵᠢᠯ ᠢ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ | ᠪᠠᠬᠢᠵᠢᠭᠦᠯᠬᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾᠂ ᠬᠤᠳᠠ ᠶᠢᠨ ᠨᠠᠮ ᠤᠨ ᠬᠤᠷᠢᠶᠠᠨ ᠤ | ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠢ ᠰᠠᠶᠢᠲᠤᠷ ᠨᠠᠶᠢᠳᠠᠪᠤᠷᠢᠵᠢᠭᠤᠯᠬᠤ ᠲᠠᠢ ᠢᠳᠡᠪᠬᠢᠲᠡᠢ | ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ | ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠠᠢ ᠨᠢᠭᠲᠠ | ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠲᠠᠢ ᠨᠢᠭᠲᠠ ᠤᠶᠠᠯᠳᠤᠭᠤᠯᠵᠤ᠂ | ᠨᠠᠮ ᠤᠨ ᠪᠠᠶᠢᠭᠤᠯᠤᠯᠲᠠ ᠶᠢ ᠤᠳᠠ ᠶᠢᠨ ᠠᠯᠲᠠᠨ ᠦᠰᠦᠭᠲᠦ ᠫᠠᠶᠢᠰᠠ ᠪᠣᠯᠭᠠᠨ ᠪᠠᠶᠢᠭᠤᠯᠬᠤ ᠬᠡᠷᠡᠭᠲᠡᠢ᠃ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ | ᠮᠠᠨ ᠤ ᠲᠤᠭᠤᠷᠢᠭ ᠤᠨ ᠡᠯ᠎ᠡ ᠲᠥᠷᠥᠯ ᠤᠨ ᠬᠡᠮ ᠰᠣᠭᠤᠭ ᠤᠨ ᠠᠰᠠᠭᠤᠳᠠᠯ ᠢ ᠪᠥᠬᠦ ᠲᠠᠯ᠎ᠠ ᠪᠠᠷ ᠭᠦᠨᠵᠡᠭᠡᠶ | ᠵᠢᠭᠰᠠᠭᠠᠨ ᠪᠠᠶᠢᠴᠠᠭᠠᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠠᠯᠳᠠᠰᠢ ᠭᠠᠷᠬᠤ ᠶᠢ ᠬᠤᠷᠢᠭᠯᠠᠵᠤ᠂ | ᠴᠠᠭ ᠤᠨ ᠬᠢᠵᠠᠭᠠᠷ ᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠶ ᠪᠡᠶᠡᠯᠡᠭᠦᠯᠵᠦ᠂ | ᠲᠣᠭᠤᠷᠢᠨ ᠪᠠᠶᠢᠴᠠᠭᠠᠯᠲᠠ ᠶᠢᠨ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠬᠢᠵᠦ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠤᠳᠠ ᠶᠢᠨ ᠤᠯᠤᠰ ᠲᠥᠷᠥ ᠶᠢᠨ ᠡᠭᠦᠷᠭᠡᠯᠡᠯ ᠢ ᠦᠨᠡᠨ ᠬᠦ ᠢᠯᠡᠷᠡᠭᠦᠯᠬᠦ | ᠬᠡᠷᠡᠭᠲᠡᠶ᠃ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ | ᠬᠤᠷᠠᠯᠳᠤᠭᠤᠯᠬᠤ ᠪᠠᠷ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ | ᠪᠠᠶᠢᠯᠭᠠᠬᠤ ᠶᠢᠨ ᠬᠦᠴᠦᠲᠡᠢ ᠭᠠᠷᠳᠠᠴᠠ ᠪᠣᠯᠭᠠᠵᠤ᠂ ᠡᠯ᠎ᠡ ᠬᠦᠷᠢᠶᠡᠨ ᠤ ᠠᠵᠢᠯ ᠤᠨ ᠳᠤᠮᠳᠠᠬᠢ ᠠᠰᠠᠭᠤᠳᠠᠯ ᠤᠨ | ᠬᠢᠵᠠᠭᠠᠷᠯᠠᠯ ᠢ ᠪᠦᠬᠦ ᠲᠠᠯ᠎ᠠ ᠪᠠᠷ ᠡᠮᠬᠢᠯᠡᠵᠦ᠂ ᠨᠠᠷᠢᠨ ᠬᠢᠨᠠᠮᠠᠭᠠᠢ ᠪᠦᠷᠢᠳᠬᠡᠵᠦ᠂ ᠬᠥᠭᠵᠢᠯᠲᠡ ᠶᠢᠨ ᠬᠡᠷᠡᠭᠴᠡᠭᠡ᠂ ᠤᠯᠠᠨ | ᠲᠦᠮᠡᠨ ᠤ ᠬᠦᠰᠡᠵᠦ ᠪᠠᠶᠢᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠲᠥᠯᠥᠪᠵᠢᠭᠦᠯᠦᠨ | ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠰᠢᠨ᠎ᠡ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠠᠢ᠃ | |