ᠬᠤᠲᠠ ᠶᠢᠨ ᠨᠠᠮ ᠤᠨ ᠬᠤᠷᠢᠶ᠎ᠠ ᠪᠥᠬᠦ ᠬᠤᠲᠠ ᠶᠢᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2025/1/21
      1 ᠰᠠᠷ᠎ᠠ ᠶᠢᠨ 20 ᠤ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ ᠪᠦᠬᠦ ᠬᠤᠳᠠ ᠶᠢᠨ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠤᠳᠤᠷᠢᠳᠤᠯᠭ᠎ᠠ ᠼᠦᠢ ᠵᠢᠩ ᠶᠢᠩ᠂ ᠹᠧᠩ ᠰᠢᠤᠸᠠᠢ ᠲᠤᠤ᠂ ᠯᠢ ᠴᠦᠨ ᠰᠢᠶᠤᠤ ᠨᠠᠷ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠴᠠᠭ ᠲᠤᠬᠠᠢ ᠳᠤᠨᠢ ᠰᠠᠶᠢᠲᠤᠷ ᠠᠳᠬᠤᠵᠤ᠂ ︽ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢᠶᠠᠷ ᠠᠶᠠᠯᠠᠨ ᠳᠤᠮᠳᠠ ᠵᠤᠭᠠᠴᠠᠯ ᠳᠤ ᠣᠷᠣᠬᠤ︾ ᠱᠠᠭᠠᠷᠳᠠᠯᠭ᠎ᠠ ᠶᠢ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠪᠣᠯᠤᠨ ᠬᠤᠳᠠ ᠶᠢᠨ ᠬᠤᠶᠠᠷ ᠬᠤᠷᠠᠯ ᠤᠨ ᠡᠯ᠎ᠡ ᠵᠦᠢᠯ ᠤᠨ ᠠᠵᠢᠯ ᠤᠨ ᠲᠤᠬᠢᠷᠠᠭᠤᠯᠤᠯᠳᠠ ᠲᠠᠢ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠴᠤᠭᠴᠠᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠦᠬᠠᠶ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠷᠳᠠᠬᠤ ᠴᠡᠭ ᠪᠠ ᠬᠦᠴᠦᠯᠡᠬᠦ ᠴᠡᠭ ᠢᠶᠠᠨ ᠣᠨᠣᠪᠴᠢᠲᠠᠶ ᠣᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠮᠢ ᠠᠬᠤᠶ ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠭᠤᠤᠯᠳᠠᠯᠭ᠎ᠠ ᠲᠠᠢ ᠠᠵᠢᠯ ᠢ ᠪᠣᠳᠠᠲᠠᠶ ᠠᠳᠬᠤᠵᠤ᠂ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠦᠬᠦ ᠬᠤᠳᠠ ᠶᠢᠨ ᠳᠡᠭᠡᠳᠦ ᠲᠤᠤᠷᠠᠳᠤ ᠱᠠᠲᠤᠨ ᠤ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠭᠦᠢᠴᠡᠳ ᠲᠠᠶᠢᠴᠢᠯᠠᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠪᠦᠬᠦ ᠬᠤᠳᠠ ᠶᠢᠨ ᠠᠷᠠᠳ ᠲᠦᠮᠡᠨ ᠳᠤ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠬᠡᠷᠡᠭᠲᠡᠢ ᠭᠡᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠴᠠᠭᠠᠨ ᠰᠠᠷ᠎ᠠ ᠣᠶᠢᠷᠠᠳᠴᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠲᠣᠭᠲᠠᠭᠤᠨ᠂ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠦᠨᠳᠦᠰᠦᠨ ᠵᠦᠢᠯ ᠢ ᠪᠠᠲᠤᠯᠠᠬᠤ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠯᠠᠨ ᠲᠦᠮᠡᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠰᠢᠨᠡᠯᠡᠬᠦ ᠶᠢ ᠪᠠᠲᠤᠯᠠᠬᠤ ᠬᠡᠷᠡᠭᠲᠡᠢ ᠭᠡᠵᠠᠢ᠃      ᠭᠤᠷᠪᠠᠨ ᠲᠣᠭᠤᠷᠢᠭ ᠤᠨ ᠺᠠᠳ᠋ᠷ ᠬᠤᠪᠢᠶᠠᠷᠢ ᠬᠤᠷᠠᠯ ᠤᠨ ᠲᠠᠯᠠᠪᠠᠢ ᠳᠤ ᠸᠢᠳᠢᠣ᠋ ᠬᠡᠯᠪᠡᠷᠢ ᠪᠠᠷ ᠬᠤᠷᠠᠯ ᠳᠤ ᠣᠷᠣᠯᠴᠠᠪᠠ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号