ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠪᠠᠶᠠᠷ ᠤᠨ ᠡᠳᠦᠷ ᠤᠨ ᠠᠭᠤᠷ | ᠠᠮᠢᠰᠬᠤᠯ ᠢ ᠨᠡᠮᠡᠭᠳᠡᠭᠦᠯᠬᠦ ᠶᠢᠨ ᠲᠥᠯᠥᠭᠡ᠂ ᠤᠳᠠ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ | ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠠᠯᠢ ᠣᠯᠠᠨ | ︽ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠵᠦ ᠢᠷᠥᠭᠡᠯ ᠳᠡᠪᠰᠢᠭᠦᠯᠬᠦ︾ ᠠᠵᠢᠯᠯᠠᠭ᠎ᠠ ᠥᠷᠨᠢᠭᠦᠯᠵᠦ᠂ ᠤᠳᠠ ᠶᠢᠨ | ᠣᠯᠠᠨ ᠲᠦᠮᠡᠨ ᠳᠤ ᠴᠠᠭᠠᠨ ᠰᠠᠷ᠎ᠠ ᠶᠢᠨ ᠠᠭᠤᠷ ᠠᠮᠢᠰᠬᠤᠯ ᠢ ᠮᠡᠳᠡᠷᠡᠭᠦᠯᠪᠡ᠃ | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠣᠯᠠᠨ ᠢᠶᠠᠷ ᠢᠶᠠᠨ ᠤᠷᠠᠨ ᠪᠢᠴᠢᠯᠭᠡᠲᠡᠨ ᠤ ᠲᠣᠭᠤᠷᠢᠨ ᠳᠤ | ᠴᠤᠭᠯᠠᠷᠠᠵᠤ᠂ ᠨᠢᠭᠡ ᠲᠠᠯ᠎ᠠ ᠪᠠᠷ ᠰᠣᠨᠢᠷᠬᠠᠬᠤ ᠶᠢᠨ ᠬᠠᠮᠲᠤ ᠵᠢᠷᠦᠬᠡᠨ ᠤ ᠬᠤᠣᠰ ᠤᠶᠠᠩᠭ᠎ᠠ ᠶᠢ ᠬᠦᠯᠢᠶᠡᠵᠦ ᠪᠠᠶᠢᠯ᠎ᠠ᠃ | ᠰᠢᠨ᠎ᠡ ᠰᠣᠷᠭᠤᠭ ᠪᠠᠶᠠᠷ ᠪᠠᠶᠠᠰᠬᠤᠯᠠᠩᠲᠤ ᠴᠠᠭᠠᠨ ᠰᠠᠷ᠎ᠠ ᠶᠢᠨ ᠬᠤᠣᠰ ᠤᠶᠠᠩᠭ᠎ᠠ ᠪᠠ ᠵᠣᠯ ᠵᠢᠷᠭᠠᠯ ᠤᠨ ᠦᠰᠦᠭ ᠢ | ᠤᠯᠤᠭᠰᠠᠨ ᠤ ᠳᠠᠷᠠᠭ᠎ᠠ᠂ ᠤᠯᠠᠨ ᠤ ᠴᠢᠷᠠᠢ ᠳᠤ ᠪᠠᠶᠠᠷ ᠪᠠᠶᠠᠰᠬᠤᠯᠠᠩᠲᠤ ᠢᠨᠢᠶᠡᠮᠰᠦᠭᠯᠡᠯ ᠪᠢᠯᠬᠠᠵᠤ᠂ ︽ᠴᠠᠭᠠᠨ | ᠰᠠᠷ᠎ᠠ ᠶᠢᠨ ᠬᠤᠣᠰ ᠤᠶᠠᠩᠭ᠎ᠠ ᠪᠠᠰᠠ ᠭᠠᠷ ᠲᠤ ᠪᠠᠨ ᠪᠢᠴᠢᠭᠰᠡᠨ ᠴᠤ ᠰᠠᠶ᠋ᠢ ᠨᠡᠩ ᠴᠠᠭᠠᠨ ᠰᠠᠷ᠎ᠠ ᠶᠢᠨ ᠦᠨᠦᠷ | ᠠᠮᠲᠠ ᠲᠠᠢ᠂ ᠨᠡᠩ ᠴᠤ ᠮᠠᠨ ᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ | ᠢᠯᠡᠷᠡᠭᠦᠯᠵᠦ ᠴᠢᠳᠠᠨ᠎ᠠ︾ ᠭᠡᠵᠦ ᠢᠯᠡᠳᠬᠡᠵᠡᠭᠡᠪᠡ᠃ | | | | | | | ᠬᠤᠣᠰ ᠤᠶᠠᠩᠭ᠎ᠠ ᠪᠣᠯ ᠪᠢᠷ ᠤᠨ ᠦᠵᠦᠭᠦᠷ ᠳᠡᠭᠡᠷ᠎ᠡ ᠠᠩᠬᠢᠯᠤᠮ᠎ᠠ ᠦᠨᠦᠷ ᠬᠠᠩᠬᠤᠯᠤᠭᠰᠠᠨ ᠣᠨ ᠤ ᠦᠨᠦᠷ | ᠠᠮᠲᠠ ᠪᠢᠯᠬᠠᠵᠤ᠂ ᠤᠢ ᠪᠢᠯᠢᠭ ᠤᠨ ᠳᠣᠲᠣᠷᠠᠬᠢ ᠠᠵᠠ ᠵᠢᠷᠭᠠᠯ ᠮᠥᠨ᠂ ᠠᠷᠠᠳ ᠤᠨ ᠵᠠᠩ ᠳᠠᠳᠬᠠᠯ ᠤᠨ ᠮᠢᠩᠭᠠᠨ | ᠵᠢᠯ ᠢ ᠤᠯᠠᠮᠵᠢᠯᠠᠨ ᠵᠠᠯᠭᠠᠮᠵᠢᠯᠠᠬᠤ ᠡᠷᠳᠡᠨᠢᠰ ᠤᠨ ᠰᠠᠩ ᠮᠥᠨ᠃ ᠪᠢᠴᠢᠬᠦ ᠨᠢ ᠦᠰᠦᠭ᠂ ᠳᠤᠯᠠᠭᠠᠨ ᠨᠢ ᠬᠠᠶᠢᠷ᠎ᠠ᠂ | ᠬᠦᠷᠭᠡᠬᠦ ᠨᠢ ᠪᠤᠶᠠᠨ᠃ ᠲᠤᠰ ᠤᠳᠠᠭ᠎ᠠ ᠶᠢᠨ ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠵᠦ ᠵᠥᠩᠨᠡᠯ ᠳᠡᠪᠰᠢᠭᠦᠯᠬᠦ | ᠠᠵᠢᠯᠯᠠᠭ᠎ᠠ ᠨᠢ ᠰᠣᠶᠣᠯ ᠤᠨ ᠦᠪᠡᠳᠡᠭᠰᠢ ᠴᠤᠭᠯᠠᠭᠠᠨ ᠪᠣᠯᠬᠤ ᠪᠠᠷ ᠪᠠᠷᠠᠬᠤ ᠦᠭᠡᠢ᠂ ᠨᠡᠩ ᠴᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠮᠢᠳᠤᠯᠢᠭ ᠦᠢᠯᠡᠳᠦᠯᠭᠡ | ᠪᠣᠯᠤᠨ᠎ᠠ᠃ | | | | | ᠲᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ | ᠠᠭᠤᠯᠤᠭᠳᠠᠬᠤᠨ ᠢ ᠦᠷᠭᠦᠯᠵᠢᠯᠡᠨ ᠭᠦᠨᠵᠡᠭᠡᠶ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠤᠨ ᠲᠣᠭᠤᠷᠢᠨ ᠳᠤ᠂ ᠨᠠᠩ ᠣᠯᠠᠨ | ᠪᠠᠶᠠᠯᠢᠭ ᠰᠠᠶᠢᠬᠠᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ ᠤᠨ ᠠᠵᠢᠯᠯᠠᠭ᠎ᠠ ᠶᠢ | ᠲᠥᠰᠦᠪᠯᠡᠨ ᠥᠷᠨᠢᠭᠦᠯᠵᠦ᠂ ᠰᠣᠶᠣᠯ ᠤᠨ ᠬᠦᠴᠦᠨ ᠢᠶᠠᠷ ᠬᠥᠮᠦᠰ ᠤᠨ ᠰᠡᠳᠬᠢᠯ ᠢ ᠨᠢᠭᠲᠠᠷᠠᠭᠤᠯᠵᠤ᠂ | ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠩᠭᠤᠶ ᠰᠠᠶᠢᠨ ᠰᠠᠶᠢᠬᠠᠨ ᠵᠢᠷᠤᠭ ᠢ ᠬᠠᠮᠲᠤ ᠪᠠᠷ | ᠵᠢᠷᠤᠭᠯᠠᠵᠤ᠂ ᠨᠠᠩ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠤᠳᠠ ᠲᠤᠭᠤᠷᠢᠭ ᠢ ᠪᠥᠲᠥᠭᠡᠨ ᠪᠠᠶᠢᠭᠤᠯᠬᠤ ᠳᠤ | ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | |