ᠴᠠᠭᠠᠨ ᠰᠠᠷ᠎ᠠ ᠶᠢᠨ ᠠᠮᠠᠷᠠᠯᠲᠠ ᠪᠣᠯᠬᠤ ᠭᠡᠵᠦ ᠪᠠᠶᠢᠭ᠎ᠠ ᠦᠶ᠎ᠡ ᠳᠤ᠂ ᠠᠮᠠᠷᠠᠯᠲᠠ ᠶᠢᠨ ᠬᠤᠭᠤᠴᠠᠭᠠᠨ ᠤ ᠡᠯ᠎ᠡ | ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠡᠮ ᠰᠣᠭᠤᠭ ᠢ | ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ | ᠪᠦᠲᠦᠮᠵᠢᠲᠡᠢ ᠰᠡᠷᠭᠡᠶᠢᠯᠡᠵᠦ᠂ ᠠᠮᠤᠷ ᠲᠦᠪᠰᠢᠨ᠂ ᠡᠮᠬᠢ ᠵᠢᠷᠤᠮ ᠲᠠᠢ᠂ ᠡᠶ᠎ᠡ ᠵᠣᠬᠢᠴᠠᠩᠭᠤᠢ ᠪᠠᠷ ᠪᠠᠶᠠᠷ ᠤᠨ ᠡᠳᠦᠷ ᠤᠨ | ᠠᠭᠤᠷ ᠠᠮᠢᠰᠬᠤᠯ ᠢ ᠪᠤᠢ ᠪᠣᠯᠭᠠᠬᠤ ᠶᠢᠨ ᠲᠦᠯᠦᠭᠡ᠂ 1 ᠰᠠᠷ᠎ᠠ ᠶᠢᠨ 17 ᠤ ᠡᠳᠦᠷ᠂ ᠪᠢᠨᠬᠠᠢ ᠵᠡᠭᠡᠯᠢ ᠭᠤᠳᠤᠮᠵᠢ | ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠡᠭᠡᠯᠵᠢᠲᠦ ᠬᠤᠷᠠᠯ ᠵᠢᠴᠢ ︽ᠴᠠᠭᠠᠨ ᠰᠠᠷ᠎ᠠ ᠶᠢᠨ ᠪᠠᠶᠠᠷ︾ | ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠾᠧ | ᠫᠧᠩ ᠶᠢᠩ ᠬᠤᠷᠠᠯ ᠢ ᠡᠷᠬᠢᠯᠡᠵᠦ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠨᠡᠶᠢᠭᠡᠮ | ᠲᠣᠭᠤᠷᠢᠭ ᠤᠨ ᠱᠦᠵᠢ ᠵᠢᠴᠢ ᠨᠡᠶᠢᠭᠡᠮ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | ᠬᠤᠷᠠᠯ ᠠᠴᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠭᠠᠯ ᠤᠨᠲᠠᠷᠠᠭᠠᠬᠤ ᠠᠮᠤᠷ ᠲᠦᠪᠰᠢᠨ᠂ ᠰᠢᠲᠠᠮᠠᠬᠠᠶ | ᠬᠡᠶ ᠶᠢᠨ ᠠᠮᠤᠷ ᠲᠦᠪᠰᠢᠨ᠂ ᠬᠥᠮᠦᠨ ᠣᠯᠠᠨ ᠴᠤᠭᠯᠠᠷᠠᠬᠤ ᠭᠠᠵᠠᠷ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ | ᠠᠵᠢᠯ ᠢ ᠪᠠᠶᠢᠷᠢᠯᠠᠭᠤᠯᠵᠤ᠂ ᠣᠯᠠᠨ ᠢᠶᠠᠷ ᠢᠶᠠᠨ ᠣᠶᠢᠷ᠎ᠠ ᠶᠢᠨ ᠬᠤᠭᠤᠴᠠᠭᠠᠨ ᠳᠤ ᠡᠯ᠎ᠡ ᠭᠠᠵᠠᠷ ᠲᠤ ᠡᠭᠦᠰᠦᠭᠰᠡᠨ ᠠᠮᠤᠷ | ᠲᠦᠪᠰᠢᠨ ᠤ ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠠᠶᠤᠯᠭᠦᠶ ᠦᠢᠯᠡᠳᠪᠦᠷᠢᠯᠡᠯ ᠤᠨ ᠡᠯ᠎ᠡ | ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠪᠠᠶᠢᠳᠠᠯ ᠢ ᠭᠦᠢᠴᠡᠳ ᠲᠠᠨᠢᠬᠤ ᠬᠡᠷᠡᠭᠲᠡᠢ᠃ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ᠂ ᠡᠯ᠎ᠡ ᠲᠦᠷᠦᠯ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠠᠭᠠᠷᠠᠯᠲᠠᠢ ᠪᠠᠶᠢᠵᠤ᠂ ᠬᠥᠮᠦᠨ ᠤ ᠤᠷᠤᠰᠬᠠᠯ ᠪᠠᠷᠠᠭᠠᠨ ᠤ ᠭᠦᠢᠯᠭᠡᠭᠡ | ᠦᠷᠭᠦᠯᠵᠢᠯᠡᠨ ᠨᠡᠮᠡᠭᠳᠡᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠬᠦᠨᠳᠦ ᠨᠣᠴᠢᠲᠠᠢ ᠪᠠᠶᠢᠨ᠎ᠠ᠂ ᠠᠶᠤᠯᠭᠦᠢ | ᠦᠢᠯᠡᠳᠪᠦᠷᠢᠯᠡᠯ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠢ ᠢᠯᠡᠷᠡᠭᠦᠯᠬᠦ ᠪᠠ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ︔ ᠬᠤᠶᠠᠷ ᠲᠤ᠂ ᠭᠤᠣᠯᠳᠠᠯᠭ᠎ᠠ ᠶᠢ ᠲᠤᠪᠤᠶᠢᠯᠭᠠᠵᠤ᠂ ᠭᠡᠮ ᠰᠣᠭᠤᠭ ᠢ ᠵᠢᠭᠰᠠᠭᠠᠨ | ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ ᠵᠡᠭᠡᠯᠢ ᠭᠤᠳᠤᠮᠵᠢ ᠶᠢᠨ ᠡᠯ᠎ᠡ ᠰᠠᠯᠠᠭ᠎ᠠ ᠮᠥᠴᠢᠷ᠂ ᠡᠯ᠎ᠡ ᠨᠡᠶᠢᠭᠡᠮ | ᠲᠣᠭᠤᠷᠢᠭ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ ᠭᠤᠣᠯᠳᠠᠯᠭ᠎ᠠ ᠲᠠᠢ ᠪᠠᠷ ᠶᠢᠰᠦᠨ ᠪᠠᠭ᠎ᠠ ᠲᠠᠯᠠᠪᠤᠷ ᠲᠤ | ᠲᠣᠭᠤᠷᠢᠨ ᠪᠠᠶᠢᠴᠠᠭᠠᠬᠤ ᠪᠠ ᠤᠬᠠᠭᠤᠯᠵᠤ᠂ ᠬᠠᠷᠢᠭᠤᠴᠠᠯᠭ᠎ᠠ ᠳᠤ ᠪᠠᠯᠠᠢ ᠭᠠᠵᠠᠷ ᠦᠭᠡᠢ᠂ ᠬᠠᠮᠢᠶᠠᠷᠤᠨ ᠡᠵᠡᠮᠳᠡᠬᠦ ᠳᠤ | ᠥᠨᠴᠥᠭ ᠪᠤᠯᠤᠩ ᠦᠭᠡᠢ᠂ ᠤᠬᠠᠭᠤᠯᠭ᠎ᠠ ᠶᠢ ᠪᠦᠬᠦᠨ ᠢ ᠪᠦᠷᠬᠦᠬᠦᠯᠵᠦ ᠡᠯ᠎ᠡ ᠲᠦᠷᠦᠯ ᠤᠨ ᠠᠰᠠᠭᠤᠳᠠᠯ ᠤᠨ ᠭᠡᠮ | ᠰᠣᠭᠤᠭ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ︔ ᠭᠤᠷᠪᠠ ᠳᠤ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ | ᠲᠦᠷᠢᠮ ᠢ ᠴᠢᠩᠳᠠᠯᠠᠬᠤ ᠬᠡᠷᠡᠭᠲᠡᠢ᠃ ᠤᠳᠤᠷᠢᠳᠬᠤ ᠺᠠᠳ᠋ᠷ 24 ᠴᠠᠭ ᠢᠶᠠᠷ ᠡᠭᠡᠯᠵᠢ ᠳᠠᠭᠠᠭᠤᠯᠬᠤ ᠵᠢᠴᠢ ᠮᠡᠳᠡᠭᠡ | ᠵᠠᠩᠭᠢ ᠶᠢ ᠮᠡᠳᠡᠭᠦᠯᠦᠨ ᠬᠦᠷᠭᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠶᠢᠨ | ᠬᠤᠯᠪᠣᠭᠠᠯᠠᠨ ᠬᠥᠳᠡᠯᠦᠯᠴᠡᠬᠦ ᠪᠠ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠨ᠂ ᠪᠠᠴᠢᠮ | ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠠᠪᠤᠷᠠᠨ ᠲᠤᠰᠠᠯᠠᠬᠤ ᠡᠩᠨᠡᠭᠡ᠂ ᠲᠣᠨᠤᠭ | ᠲᠥᠬᠦᠭᠡᠷᠦᠮᠵᠢ ᠵᠢᠴᠢ ᠡᠳ᠋ ᠪᠣᠳᠠᠰ ᠵᠡᠷᠭᠡ ᠡᠬᠢ ᠪᠠᠶᠠᠯᠢᠭ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠶᠢᠨ ᠬᠠᠮᠲᠤ | ᠪᠠᠴᠢᠮ ᠪᠠᠶᠢᠳᠠᠯ ᠢ ᠠᠷᠭᠠᠴᠠᠬᠤ ᠤᠷᠢᠳᠠᠴᠢ ᠬᠦᠴᠦᠨ ᠢ ᠪᠠᠶᠢᠷᠢᠯᠠᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠪᠡᠯᠡᠳᠬᠡᠯ ᠢ ᠭᠦᠢᠴᠡᠳ ᠰᠠᠶᠢᠲᠤᠷ ᠬᠢᠵᠦ᠂ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ | ᠲᠣᠭᠲᠠᠭᠤᠨ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠳᠠᠷᠠᠭᠠᠴᠢ ᠶᠢᠨ | ᠠᠯᠬᠤᠮ ᠳᠤ᠂ ᠪᠢᠨᠬᠠᠢ ᠵᠡᠭᠡᠯᠢ ᠭᠤᠳᠤᠮᠵᠢ ᠵᠢᠴᠢ ᠬᠠᠷᠢᠶ᠎ᠠ ᠨᠡᠶᠢᠭᠡᠮ ᠲᠣᠭᠤᠷᠢᠭ ᠤᠨ ᠬᠢᠨ ᠬᠤᠷᠠᠯ ᠤᠨ | ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ | ᠰᠡᠳᠬᠢᠯᠭᠡ ᠪᠠᠷ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ | ᠴᠢᠩᠭᠠᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠯᠠᠨ ᠤ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠠᠮᠠᠷᠠᠯᠲᠠ ᠪᠠᠨ | ᠥᠩᠭᠡᠷᠡᠭᠦᠯᠬᠦ ᠶᠢ ᠪᠠᠲᠤᠯᠠᠨ᠎ᠠ ᠭᠡᠵᠠᠢ᠃ | |